ᠲᠠᠷᠢᠶᠠᠨ ᠭᠠᠵᠠᠷ ᠢ ᠬᠠᠮᠠᠭᠠᠯᠠᠵᠤ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠭᠦ ᠲᠤᠬᠠᠢ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ | ︵2024 ᠣᠨ ᠤ 2 ᠰᠠᠷ᠎ᠠ ᠶᠢᠨ 5 ᠤ ᠡᠳᠦᠷ︶ | ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ︾ ᠮᠥᠨ᠂ ᠲᠠᠷᠢᠶᠠᠨ ᠭᠠᠵᠠᠷ ᠪᠣᠯ ᠠᠮᠤ | ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠠᠯᠢ ᠣᠯᠠᠨ ᠬᠠᠲᠠᠭᠤ ᠠᠷᠭ᠎ᠠ ᠬᠡᠮᠵᠢᠶ᠎ᠡ | ᠠᠪᠴᠤ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠪᠠᠲᠤ ᠰᠠᠬᠢᠪᠠ᠃ ᠡᠭᠦᠨ ᠤ ᠬᠠᠮᠲᠤ᠂ ᠮᠠᠨ ᠤ ᠤᠯᠤᠰ ᠤᠨ | ᠬᠥᠮᠥᠨ ᠣᠯᠠᠨ ᠭᠠᠵᠠᠷ ᠪᠠᠭ᠎ᠠ ᠪᠠᠶᠢᠭ᠎ᠠ ᠤᠯᠤᠰ ᠤᠨ ᠪᠠᠶᠢᠳᠠᠯ ᠬᠤᠪᠢᠷᠠᠭ᠎ᠠ ᠦᠭᠡᠢ᠂ ᠲᠠᠷᠢᠶᠠᠨ ᠭᠠᠵᠠᠷ ᠢ ︽ᠲᠠᠷᠢᠶᠠᠯᠠᠩ ᠤᠨ | ᠪᠤᠰᠤ ᠪᠤᠯᠭᠠᠬᠤ︾᠂ ︽ᠠᠮᠤ ᠪᠤᠳᠠᠭᠠᠨ ᠤ ᠪᠤᠰᠤ ᠪᠤᠯᠭᠠᠬᠤ︾ ᠠᠰᠠᠭᠤᠳᠠᠯ ᠮᠥᠨ ᠬᠦ ᠨᠡᠯᠢᠶᠡᠳ ᠲᠣᠪᠣᠶᠢᠮ᠎ᠠ ᠪᠠᠶᠢᠵᠤ᠂ | ᠲᠠᠷᠢᠶᠠᠨ ᠭᠠᠵᠠᠷ ᠢ ᠬᠠᠮᠠᠭᠠᠯᠠᠬᠤ ᠪᠠᠶᠢᠳᠠᠯ ᠮᠥᠨ ᠬᠦ ᠬᠠᠲᠠᠭᠤ ᠴᠢᠩᠭ᠎ᠠ ᠪᠠᠶᠢᠵᠤ᠂ ᠡᠭᠦᠷᠭᠡ ᠨᠡᠩ ᠬᠠᠲᠠᠭᠤ ᠪᠡᠷᠬᠡ ᠪᠠᠶᠢᠨ᠎ᠠ᠃ | ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠲᠠᠷᠢᠶᠠᠨ | ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠶᠢ ᠲᠡᠭᠦᠯᠳᠡᠷᠵᠢᠭᠦᠯᠬᠦ ᠶᠢᠨ ᠲᠤᠰᠠᠳᠠ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠶᠢ ᠲᠡᠭᠦᠯᠳᠡᠷᠵᠢᠭᠦᠯᠬᠦ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ | ᠤᠨᠠᠯᠳᠠ ᠶᠢ ᠨᠡᠮᠡᠭᠳᠡᠭᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ | ᠰᠢᠰᠲ᠋ᠧᠮᠲᠦ ᠢᠨᠵᠧᠨᠧᠷᠢᠩ ᠪᠤᠯᠭᠠᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢᠨ | ︽ᠭᠤᠷᠪᠠ ᠶᠢ ᠨᠢᠭᠡ ᠴᠣᠭᠴᠠᠵᠢᠭᠤᠯᠬᠤ︾ ᠬᠠᠮᠠᠭᠠᠯᠠᠯᠲᠠ ᠶᠢ ᠪᠠᠷᠢᠮᠲᠠᠯᠠᠵᠤ᠂ ᠵᠢᠮ᠎ᠡ ᠶᠣᠰᠣ ᠶᠢ ᠬᠦᠨᠳᠦᠳᠬᠡᠬᠦ᠂ ᠪᠠᠶᠢᠳᠠᠯ ᠳᠤᠨᠢ | ᠲᠣᠬᠢᠷᠠᠭᠤᠯᠤᠨ ᠵᠢᠯᠤᠭᠤᠳᠬᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠤᠳᠠᠭᠠᠨ ᠳᠠᠭᠠᠭᠠᠮᠠᠭᠠᠢ ᠵᠢᠳᠬᠦᠨ | ᠴᠢᠷᠮᠠᠶᠢᠬᠤ ᠶᠢ ᠪᠠᠷᠢᠮᠲᠠᠯᠠᠵᠤ᠂ ᠡᠯ᠎ᠡ ᠲᠥᠷᠥᠯ ᠤᠨ ᠭᠤᠣᠯ ᠴᠣᠭᠴᠠ ᠶᠢᠨ ᠲᠠᠷᠢᠶᠠᠨ ᠭᠠᠵᠠᠷ ᠢ ᠬᠠᠮᠠᠭᠠᠯᠠᠬᠤ ᠢᠳᠡᠪᠬᠢᠵᠢᠯ ᠢ | ᠭᠦᠢᠴᠡᠳ ᠳᠠᠶᠢᠴᠢᠯᠠᠵᠤ᠂ ᠲᠠᠷᠢᠶᠠᠨ ᠭᠠᠵᠠᠷ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠤᠨ | ᠦᠢᠯᠡᠳᠪᠦᠷᠢᠯᠡᠯ ᠤᠨ ᠣᠷᠣᠨ ᠵᠠᠢ ᠶᠢ ᠯᠠᠪᠳᠠᠭᠤᠨ ᠢᠶᠠᠷ ᠥᠷᠭᠡᠳᠬᠡᠵᠦ᠂ ᠠᠮᠤ ᠪᠤᠳᠠᠭᠠᠨ ᠤ ᠠᠮᠤᠷ ᠲᠦᠪᠰᠢᠨ ᠤ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠲᠤ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ | ᠠᠵᠢᠯ ᠤᠨ ᠳᠤᠮᠳᠠ ᠪᠠᠨ ᠳᠣᠣᠷᠠᠬᠢ ᠵᠦᠢᠯᠡᠰ ᠢ ᠪᠡᠶᠡᠯᠡᠭᠦᠯᠬᠦ ᠬᠡᠷᠡᠭᠲᠡᠢ᠄ | — ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠎ᠠ᠃ ᠲᠠᠷᠢᠶᠠᠨ ᠭᠠᠵᠠᠷ ᠤᠨ | ᠲᠤᠭ᠎ᠠ ᠬᠡᠮᠵᠢᠶ᠎ᠡ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠭᠰᠠᠨ ᠤᠷᠢᠲᠠᠯ ᠳᠣᠣᠷ᠎ᠠ᠂ ᠲᠠᠷᠢᠶᠠᠨ ᠭᠠᠵᠠᠷ ᠤᠨ ᠶᠠᠰᠤ | ᠴᠢᠨᠠᠷ ᠢ ᠪᠦᠭᠦ ᠬᠦᠴᠦᠨ ᠢᠶᠠᠷ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ | ᠬᠢᠭᠡᠳ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠤᠶᠠᠯᠳᠤᠭᠤᠯᠬᠤ ᠶᠢ ᠪᠠᠷᠢᠮᠲᠠᠯᠠᠵᠤ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠦᠨᠡᠨ ᠬᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ | ᠪᠠᠶᠢᠭᠤᠯᠤᠨ᠎ᠠ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠶᠢ ᠴᠢᠩᠭ᠎ᠠ ᠨᠠᠶᠢᠳᠠᠪᠤᠷᠢᠵᠢᠭᠤᠯᠵᠤ᠂ | ᠲᠤᠭ᠎ᠠ ᠬᠡᠮᠵᠢᠶ᠎ᠡ ᠶᠢ ᠲᠡᠩᠴᠡᠭᠦᠷᠢᠰᠢᠭᠦᠯᠬᠦ᠂ ᠶᠠᠰᠤ ᠴᠢᠨᠠᠷ ᠢ ᠲᠡᠩᠴᠡᠭᠦᠷᠢᠰᠢᠭᠦᠯᠬᠦ᠂ ᠦᠢᠯᠡᠳᠪᠦᠷᠢᠯᠡᠬᠦ ᠴᠢᠳᠠᠪᠤᠷᠢ ᠶᠢ | ᠲᠡᠩᠴᠡᠭᠦᠷᠢᠰᠢᠭᠦᠯᠬᠦ ᠶᠢ ᠦᠨᠡᠨ ᠬᠦ ᠪᠡᠶᠡᠯᠡᠭᠦᠯᠵᠦ᠂ ᠲᠠᠷᠢᠶᠠᠨ ᠭᠠᠵᠠᠷ ᠢ ᠢᠯᠡᠭᠦᠦ ᠡᠵᠡᠯᠡᠬᠦ ᠪᠠ ᠳᠤᠲᠠᠭᠤ ᠨᠥᠬᠦᠪᠦᠷᠢᠯᠡᠬᠦ᠂ | ᠰᠠᠶᠢᠨ ᠢ ᠨᠢ ᠡᠵᠡᠯᠡᠵᠦ ᠮᠠᠭᠤ ᠪᠠᠷ ᠨᠢ ᠨᠥᠬᠦᠪᠦᠷᠢᠯᠡᠬᠦ᠂ ᠪᠦᠬᠦᠯᠢ ᠶᠢ ᠨᠢ ᠡᠵᠡᠯᠡᠵᠦ ᠲᠠᠷᠠᠬᠠᠢ ᠪᠠᠷ ᠨᠢ ᠨᠥᠬᠦᠪᠦᠷᠢᠯᠡᠬᠦ ᠶᠢ | ᠡᠷᠡᠰ ᠬᠤᠷᠢᠭᠯᠠᠨ᠎ᠠ᠃ | — ᠬᠠᠤᠯᠢ ᠶᠢ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ | ᠳᠦᠷᠢᠮ ᠢ ᠬᠡᠷᠡᠭᠵᠢᠭᠦᠯᠵᠦ᠂ ᠬᠠᠲᠠᠭᠤ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠨ ᠭᠠᠵᠠᠷ ᠢ ᠰᠠᠶᠢᠲᠤᠷ ᠬᠠᠮᠠᠭᠠᠯᠠᠵᠤ᠂ | ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠱᠠᠲᠤ ᠬᠤᠪᠢᠶᠠᠨ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ | ᠬᠦᠴᠦᠨ ᠢ ᠡᠮᠬᠢᠯᠡᠨ ᠨᠡᠶᠢᠯᠡᠭᠦᠯᠵᠦ᠂ ᠠᠵᠢᠯ ᠤᠨ ᠨᠡᠶᠢᠯᠡᠯ ᠬᠦᠴᠦᠨ ᠢ ᠪᠤᠶ ᠪᠣᠯᠭᠠᠨ᠂ ᠲᠠᠷᠢᠶᠠᠨ ᠭᠠᠵᠠᠷ ᠢ ︽ᠲᠠᠷᠢᠶᠠᠯᠠᠩ ᠤᠨ | ᠪᠤᠰᠤ ᠪᠤᠯᠭᠠᠬᠤ︾ ᠶᠢ ᠡᠷᠡᠰ ᠬᠤᠷᠢᠭᠯᠠᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ | ᠪᠤᠯᠭᠠᠬᠤ︾ ᠶᠢ ᠰᠡᠷᠭᠡᠶᠢᠯᠡᠨ ᠬᠤᠷᠢᠭᠯᠠᠨ᠎ᠠ᠃ | — ᠰᠢᠰᠲ᠋ᠧᠮ ᠲᠠᠢ ᠠᠬᠢᠭᠤᠯᠬᠤ ᠶᠢ ᠪᠠᠷᠢᠮᠲᠠᠯᠠᠨ᠎ᠠ᠃ ᠲᠠᠷᠢᠶᠠᠨ ᠭᠠᠵᠠᠷ ᠤᠨ ᠬᠠᠮᠠᠭᠠᠯᠠᠯᠲᠠ ᠶᠢ ᠬᠥᠮᠥᠨ ᠬᠢᠭᠡᠳ | ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠ | ᠲᠠᠯᠪᠢᠨ ᠪᠣᠳᠣᠯᠬᠢᠯᠠᠵᠤ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠤᠨ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠶᠢ ᠪᠠᠷᠢᠮᠲᠠᠯᠠᠨ᠎ᠠ᠃ | — ᠡᠭᠦᠷᠢᠳᠡ ᠦᠷᠭᠦᠯᠵᠢᠯᠡᠨ ᠠᠰᠢᠭᠯᠠᠬᠤ ᠶᠢ ᠪᠠᠷᠢᠮᠲᠠᠯᠠᠨ᠎ᠠ᠃ ᠣᠶᠢᠷ᠎ᠠ ᠶᠢᠨ ᠬᠤᠭᠤᠴᠠᠭ᠎ᠠ ᠪᠣᠯᠣᠨ ᠠᠯᠤᠰ | ᠭᠡᠳᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠲᠠᠷᠢᠶᠠᠨ ᠭᠠᠵᠠᠷ ᠢ ᠬᠡᠷᠡᠭᠯᠡᠬᠦ ᠪᠠ ᠠᠷᠠᠴᠢᠯᠠᠬᠤ ᠶᠢ ᠤᠶᠠᠯᠳᠤᠭᠤᠯᠬᠤ | ᠪᠠ ᠦᠷᠭᠦᠯᠵᠢᠯᠡᠨ ᠠᠰᠢᠭᠯᠠᠬᠤ ᠶᠢ ᠠᠬᠢᠭᠤᠯᠵᠤ᠂ ᠲᠠᠷᠢᠶᠠᠨ ᠭᠠᠵᠠᠷ ᠤᠨ ᠬᠦᠴᠦ ᠰᠢᠮ᠎ᠡ ᠶᠢ ᠪᠠᠲᠤᠯᠠᠨ ᠳᠡᠭᠡᠭᠰᠢᠯᠡᠭᠦᠯᠵᠦ᠂ | ᠣᠳᠣ ᠦᠶ᠎ᠡ ᠶᠢᠨ ᠬᠥᠮᠥᠰ ᠤᠨ ᠬᠡᠷᠡᠭᠴᠡᠭᠡ ᠶᠢ ᠬᠠᠩᠭᠠᠬᠤ ᠪᠠᠷ ᠪᠠᠷᠠᠬᠤ ᠦᠭᠡᠢ᠂ ᠦᠷ᠎ᠡ ᠬᠤᠶᠢᠴᠢᠰ ᠲᠠᠭᠠᠨ ᠨᠡᠩ ᠢᠯᠡᠭᠦᠦ | ᠬᠥᠭᠵᠢᠯᠲᠡ ᠶᠢᠨ ᠣᠷᠣᠨ ᠵᠠᠢ ᠦᠯᠡᠳᠡᠭᠡᠨ᠎ᠡ᠃ | ᠭᠤᠣᠯ ᠬᠠᠷᠠᠯᠲᠠ ᠪᠣᠯ᠄ ᠰᠢᠨ᠎ᠡ ᠨᠢᠭᠡ ᠡᠭᠡᠯᠵᠢ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠳᠤ ᠲᠣᠳᠣᠷᠬᠠᠶᠢᠯᠠᠭᠰᠠᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ | ᠬᠠᠮᠠᠭᠠᠯᠠᠬᠤ ᠡᠭᠦᠷᠭᠡ ᠶᠢ ᠨᠠᠶᠢᠳᠠᠪᠤᠷᠢᠵᠢᠭᠤᠯᠵᠤ᠂ ᠪᠦᠭᠦ ᠤᠯᠤᠰ ᠤᠨ ᠲᠠᠷᠢᠶᠠᠨ ᠭᠠᠵᠠᠷ ᠤᠨ ᠬᠡᠮᠵᠢᠶ᠎ᠡ ᠶᠢ 18.65 | ᠳ᠋ᠦᠩᠰᠢᠭᠤᠷ ᠮᠦ ᠠᠴᠠ ᠳᠣᠣᠷ᠎ᠠ ᠪᠠᠶᠢᠯᠭᠠᠵᠤ ᠪᠤᠯᠬᠤ ᠦᠭᠡᠢ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠲᠠᠯᠠᠪᠠᠶ ᠶᠢ 15.46 ᠳ᠋ᠦᠩᠰᠢᠭᠤᠷ ᠮᠦ ᠠᠴᠠ ᠳᠣᠣᠷ᠎ᠠ ᠪᠠᠶᠢᠯᠭᠠᠵᠤ ᠪᠤᠯᠬᠤ ᠦᠭᠡᠢ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠢ ᠲᠠᠷᠢᠶᠠᠯᠠᠬᠤ ᠳᠤ ᠲᠣᠬᠢᠷᠠᠮᠵᠢᠲᠠᠢ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ | ᠥᠨᠳᠥᠷ ᠲᠣᠭᠲᠠᠭᠤᠨ ᠬᠤᠷᠢᠶᠠᠯᠲᠠ ᠲᠠᠢ ᠣᠳᠣᠬᠢᠴᠢᠯᠠᠭᠰᠠᠨ ᠰᠠᠶᠢᠨ ᠲᠠᠷᠢᠶᠠᠨ ᠭᠠᠵᠠᠷ ᠪᠣᠯᠭᠠᠨ ᠠᠯᠬᠤᠮ ᠠᠯᠬᠤᠮ ᠢᠶᠠᠷ | ᠪᠠᠶᠢᠭᠤᠯᠤᠨ᠎ᠠ ︔ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠪᠣᠳᠠᠲᠠᠶᠢᠵᠢᠭᠤᠯᠵᠤ᠂ ᠲᠠᠷᠢᠶᠠᠨ | ᠭᠠᠵᠠᠷ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠳᠦᠷᠢᠮ ᠢ ᠴᠢᠩᠭ᠎ᠠ ᠵᠢᠷᠤᠮᠵᠢᠭᠤᠯᠵᠤ᠂ ᠡᠯ᠎ᠡ ᠲᠥᠷᠥᠯ ᠤᠨ ᠭᠤᠣᠯ ᠴᠣᠭᠴᠠ ᠶᠢᠨ | ᠲᠠᠷᠢᠶᠠᠨ ᠭᠠᠵᠠᠷ ᠢ ᠬᠠᠮᠠᠭᠠᠯᠠᠬᠤ᠂ ᠠᠮᠤ ᠪᠤᠳᠠᠭ᠎ᠠ ᠳᠠᠷᠢᠬᠤ ᠪᠠ ᠠᠮᠤ ᠪᠤᠳᠠᠭ᠎ᠠ ᠶᠢ ᠴᠢᠬᠤᠯᠠᠴᠢᠯᠠᠬᠤ ᠢᠳᠡᠪᠬᠢᠵᠢᠯ ᠢ ᠨᠡᠶᠢᠳᠡᠮ | ᠳᠡᠭᠡᠭᠰᠢᠯᠡᠭᠦᠯᠵᠦ᠂ ᠡᠯ᠎ᠡ ᠲᠥᠷᠥᠯ ᠤᠨ ᠲᠠᠷᠢᠶᠠᠨ ᠭᠠᠵᠠᠷ ᠤᠨ ᠡᠬᠢ ᠪᠠᠶᠠᠯᠢᠭ ᠢ ᠪᠦᠲᠦᠮᠵᠢᠲᠡᠶ ᠠᠰᠢᠭᠯᠠᠵᠤ᠂ ᠠᠮᠤ | ᠪᠤᠳᠠᠭᠠᠨ ᠤ ᠦᠢᠯᠡᠳᠪᠦᠷᠢᠯᠡᠯ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠤᠯᠠᠮ | ᠨᠢᠭᠡ ᠠᠯᠬᠤᠮ ᠴᠢᠩᠭᠠᠳᠬᠠᠬᠤ ᠶᠢ ᠲᠤᠯᠭᠠᠭᠤᠷᠢᠯᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ | ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ | ᠬᠤᠶᠠᠷ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠪᠣᠳᠠᠲᠠᠶᠢᠵᠢᠭᠤᠯᠤᠨ᠎ᠠ | ︵ᠨᠢᠭᠡ︶ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠶᠢ ᠡᠷᠡᠰ ᠲᠣᠭᠲᠠᠭᠤᠨ ᠪᠠᠶᠢᠯᠭᠠᠨ᠎ᠠ᠃ ᠲᠠᠷᠢᠶᠠᠨ ᠭᠠᠵᠠᠷ ᠪᠣᠯᠣᠨ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠱᠠᠲᠤ ᠳᠠᠷᠠᠭᠠᠯᠠᠨ ᠵᠠᠳᠠᠯᠵᠤ᠂ ᠡᠯ᠎ᠡ ᠱᠠᠲᠤᠨ ᠤ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ ᠣᠷᠣᠭᠤᠯᠤᠨ᠂ ᠲᠠᠷᠢᠶᠠᠨ ᠭᠠᠵᠠᠷ ᠤᠨ ᠬᠡᠰᠡᠭ ᠲᠤ | ᠭᠦᠷᠲᠡᠯ᠎ᠡ ᠨᠠᠶᠢᠳᠠᠪᠤᠷᠢᠵᠢᠭᠤᠯᠬᠤ ᠶᠢᠨ ᠬᠠᠮᠲᠤ ᠵᠢᠷᠤᠭ ᠣᠷᠣᠭᠤᠯᠵᠤ ᠬᠥᠮᠥᠷᠭᠡ ᠳᠤ ᠣᠷᠣᠭᠤᠯᠤᠨ᠎ᠠ᠃ ᠡᠯ᠎ᠡ ᠱᠠᠲᠤᠨ ᠤ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ | ᠬᠠᠮᠠᠭᠠᠯᠠᠯᠲᠠ ᠶᠢ ᠡᠷᠬᠡᠪᠰᠢ ᠪᠡᠶᠡᠯᠡᠭᠦᠯᠬᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠤᠯᠭᠠᠵᠤ᠂ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠤᠯᠠᠭᠠᠨ ᠱᠤᠭᠤᠮ ᠢ ᠶᠠᠭᠠᠬᠢᠭᠰᠠᠨ ᠴᠤ ᠳᠠᠪᠠᠭ᠋ᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠬᠤᠶᠠᠷ︶ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠡᠮᠦᠨᠡᠲᠦ ᠣᠷᠣᠨ ᠤ | ᠮᠤᠵᠢ ᠬᠡᠰᠡᠭ ᠠᠯᠳᠠᠭᠳᠠᠵᠤ ᠭᠡᠭᠡᠭᠳᠡᠭᠰᠡᠨ ᠲᠠᠷᠢᠶᠠᠨ ᠭᠠᠵᠠᠷ ᠢᠶᠠᠨ ᠡᠮᠬᠢ ᠵᠢᠷᠤᠮ ᠲᠠᠢ ᠪᠠᠷ ᠰᠡᠷᠭᠦᠭᠡᠵᠦ᠂︽ᠤᠮᠠᠷᠠᠲᠤ ᠶᠢᠨ ᠠᠮᠤ | ᠪᠤᠳᠠᠭ᠎ᠠ ᠶᠢ ᠡᠮᠦᠨᠡᠲᠦ ᠣᠷᠣᠨ ᠳᠤ ᠵᠥᠭᠡᠭᠡᠪᠦᠷᠢᠯᠡᠬᠦ︾ᠬᠠᠨᠳᠤᠰᠢ ᠶᠢᠨ ᠰᠢᠷᠦᠭᠦᠰᠬᠦ ᠶᠢ ᠬᠤᠷᠢᠭᠯᠠᠨ᠎ᠠ᠃ ᠡᠯ᠎ᠡ ᠭᠠᠵᠠᠷ ᠤᠨ | ᠬᠢᠨ ᠭᠤᠷᠪᠠᠳᠤᠭᠠᠷ ᠤᠳᠠᠭᠠᠨ ᠤ ᠪᠦᠭᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠲᠠᠢ ᠤᠶᠠᠯᠳᠤᠭᠤᠯᠤᠨ᠂ | ᠬᠥᠷᠥᠰᠥ ᠰᠢᠷᠣᠢ ᠶᠢᠨ ᠲᠠᠷᠢᠶᠠᠯᠠᠩ ᠤᠨ ᠠᠰᠢᠭᠯᠠᠯᠲᠠ ᠶᠢᠨ ᠲᠣᠬᠢᠷᠠᠮᠵᠢᠲᠠᠢ ᠴᠢᠨᠠᠷ ᠤᠨ ᠦᠨᠡᠯᠡᠯᠲᠡ ᠶᠢ ᠥᠷᠨᠢᠭᠦᠯᠵᠦ᠂ ᠪᠦᠭᠦ | ᠣᠷᠣᠨ ᠪᠦᠰᠡ ᠶᠢᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ | ᠪᠠᠶᠢᠭᠤᠯᠬᠤ᠂ ᠴᠢᠨᠠᠷ ᠰᠠᠶᠢᠲᠠᠢ ᠲᠠᠷᠢᠶᠠᠨ ᠭᠠᠵᠠᠷ ᠢ ᠰᠡᠷᠭᠦᠭᠡᠨ ᠨᠥᠬᠦᠪᠦᠷᠢᠯᠡᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ | ᠳᠠᠮᠵᠢᠭᠤᠯᠤᠨ᠂ ᠲᠠᠷᠢᠶᠠᠨ ᠭᠠᠵᠠᠷ ᠪᠠ ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠪᠤᠰᠤᠳ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠨᠢ | ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠵᠤ᠂ ᠬᠡᠰᠡᠭ ᠪᠤᠰᠠᠭ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠮᠬᠢᠯᠡᠨ | ᠨᠡᠶᠢᠯᠡᠭᠦᠯᠵᠦ ᠲᠣᠬᠢᠷᠠᠭᠤᠯᠬᠤ ᠶᠢ ᠠᠬᠢᠭᠤᠯᠤᠨ᠂ ᠲᠥᠪᠯᠡᠷᠡᠨ ᠵᠠᠯᠭᠠᠯᠳᠤᠬᠤ ᠶᠢ ᠠᠬᠢᠭᠤᠯᠬᠤ ᠬᠡᠷᠡᠭᠲᠡᠢ᠃ | ︵ᠭᠤᠷᠪᠠ︶ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠬᠢᠨᠠᠨ ᠰᠢᠯᠭᠠᠬᠤ ᠶᠢ ᠴᠢᠩᠭ᠎ᠠ ᠥᠷᠨᠢᠭᠦᠯᠦᠨ᠎ᠡ᠃ | ᠲᠠᠷᠢᠶᠠᠨ ᠭᠠᠵᠠᠷ ᠢ ᠬᠠᠮᠠᠭᠠᠯᠠᠬᠤ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠤ᠂ ᠤᠯᠤᠰ ᠠᠴᠠ ᠵᠢᠯ ᠪᠦᠷᠢ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ | ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠰᠢᠯᠭᠠᠵᠤ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠳᠠᠪᠠᠭᠰᠠᠨ | ᠵᠡᠷᠭᠡ ᠴᠢᠬᠤᠯᠠ ᠶᠡᠭᠡ ᠠᠰᠠᠭᠤᠳᠠᠯ ᠳᠤ ︽ᠨᠢᠭᠡ ᠪᠢᠯᠧᠲ ᠢᠶᠠᠷ ᠦᠭᠡᠶᠢᠰᠭᠡᠭᠦ︾ ᠶᠢ ᠬᠡᠷᠡᠭᠵᠢᠭᠦᠯᠵᠦ᠂ ᠴᠢᠩᠭ᠎ᠠ ᠬᠠᠷᠢᠭᠤᠴᠠᠯᠭ᠎ᠠ | ᠲᠤᠯᠭᠠᠵᠤ᠂ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠨ᠎ᠡ᠃ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠲᠣᠰ ᠮᠤᠵᠢ ᠶᠢᠨ ᠬᠡᠪᠴᠢᠶᠡᠨ ᠳᠠᠬᠢ ᠲᠠᠷᠢᠶᠠᠨ ᠭᠠᠵᠠᠷ ᠤᠨ ᠬᠠᠮᠠᠭᠠᠯᠠᠯᠲᠠ ᠳᠤ ᠶᠡᠷᠦᠩᠬᠡᠢ ᠬᠠᠷᠢᠭᠤᠴᠠᠯᠭ᠎ᠠ | ᠡᠭᠦᠷᠭᠡᠯᠡᠵᠦ᠂ ᠮᠤᠵᠢ ᠶᠢᠨ ᠬᠡᠪᠴᠢᠶᠡᠨ ᠳᠠᠬᠢ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠠᠷᠢᠶᠠᠨ | ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠬᠢᠨᠠᠨ ᠰᠢᠯᠭᠠᠨ᠎ᠠ᠃ | ᠭᠤᠷᠪᠠ᠂ ᠲᠠᠷᠢᠶᠠᠨ ᠭᠠᠵᠠᠷ ᠤᠨ ᠶᠠᠰᠤ ᠴᠢᠨᠠᠷ ᠢ ᠪᠦᠭᠦ ᠬᠦᠴᠦᠨ ᠢᠶᠠᠷ ᠳᠡᠭᠡᠭᠰᠢᠯᠡᠭᠦᠯᠦᠨ᠎ᠡ | ︵ᠳᠥᠷᠪᠡ︶ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠭᠦ | ᠤᠯᠤᠰ ᠲᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ ᠢ ᠨᠡᠶᠢᠲᠡᠯᠡᠵᠦ᠂ ᠪᠦᠲᠦᠭᠡᠨ ᠪᠠᠶᠢᠭᠤᠯᠤᠯᠲᠠ ᠶᠢᠨ | ᠠᠭᠤᠯᠭ᠎ᠠ᠂ ᠣᠷᠣᠭᠤᠯᠤᠯᠲᠠ ᠶᠢᠨ ᠪᠠᠷᠢᠮᠵᠢᠶ᠎ᠠ ᠪᠠ ᠤᠷᠢᠳ ᠢᠶᠠᠷ ᠬᠢᠬᠦ ᠲᠠᠰ ᠳᠠᠷᠠᠭᠠᠯᠠᠯ ᠢ ᠲᠣᠳᠣᠷᠬᠠᠶᠢᠯᠠᠨ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠯᠤᠭ᠎ᠠ ᠵᠣᠬᠢᠴᠠᠯᠳᠤᠭᠰᠠᠨ ᠪᠠᠲᠤᠯᠠᠭ᠎ᠠ ᠶᠢᠨ ᠲᠣᠭᠲᠠᠴᠠ ᠶᠢ | ᠪᠦᠷᠢᠨᠰᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠪᠠ | ᠬᠠᠮᠢᠶᠠᠷᠴᠤ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠪᠦᠬᠦᠯᠢ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ ᠶᠢᠨ | ᠵᠢᠱᠢᠶ᠎ᠡ ᠦᠵᠡᠭᠦᠯᠭᠦ ᠶᠢ ᠥᠷᠨᠢᠭᠦᠯᠵᠦ᠂ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ᠂ ᠲᠠᠯ᠎ᠠ ᠭᠠᠵᠠᠷ ᠤᠨ ᠣᠷᠣᠨ᠂ | ᠤᠰᠤᠨ ᠠᠰᠢᠭᠯᠠᠯᠲᠠ ᠶᠢᠨ ᠤᠰᠤᠯᠠᠯᠲᠠ ᠶᠢᠨ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠣᠷᠣᠨ ᠤ ᠲᠠᠷᠢᠶᠠᠨ ᠭᠠᠵᠠᠷ ᠢ | ᠡᠩ ᠲᠡᠷᠢᠭᠦᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ᠃ ᠲᠥᠪ ᠠᠴᠠ | ᠨᠢᠭᠡᠳᠦᠯᠲᠡᠢ ᠲᠥᠯᠥᠪᠵᠢᠭᠦᠯᠬᠦ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ᠂ ᠬᠤᠲᠠ ᠰᠢᠶᠠᠨ ᠠᠴᠠ | ᠨᠠᠶᠢᠳᠠᠪᠤᠷᠢᠵᠢᠭᠤᠯᠬᠤ ᠶᠢ ᠠᠳᠬᠤᠬᠤ᠂ ᠤᠯᠠᠨ ᠲᠦᠮᠡᠨ ᠣᠷᠤᠯᠴᠠᠬᠤ ᠲᠣᠭᠲᠠᠴᠠ ᠶᠢ ᠴᠢᠩᠭᠠᠳᠬᠠᠵᠤ᠂ ᠬᠢᠨᠠᠨ ᠰᠢᠯᠭᠠᠵᠤ | ᠦᠨᠡᠯᠡᠬᠦ ᠶᠢ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠤᠶᠤ ᠵᠥᠪ ᠭᠦᠢᠴᠡᠳᠬᠡᠬᠦ | ᠦᠭᠡᠢ ᠠᠴᠠ ᠪᠣᠯᠵᠤ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠦᠭᠡᠢ ᠭᠠᠵᠠᠷ ᠣᠷᠣᠨ ᠠᠴᠠ | ᠳᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠰᠢᠰᠲ᠋ᠧᠮ ᠢ | ᠪᠠᠶᠢᠭᠤᠯᠤᠨ ᠪᠦᠷᠢᠨᠰᠢᠭᠦᠯᠵᠦ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠷᠭ᠎ᠠ ᠪᠠᠷᠢᠯ ᠢ | ᠲᠡᠭᠦᠯᠳᠡᠷᠵᠢᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠦ ᠪᠦᠷᠢ ᠶᠢ ᠴᠥᠮ ᠠᠮᠵᠢᠯᠲᠠ ᠲᠠᠢ ᠪᠠᠶᠢᠭᠤᠯᠬᠤ ᠶᠢ | ᠦᠨᠡᠨ ᠬᠦ ᠪᠠᠲᠤᠯᠠᠨ᠎ᠠ᠃ ᠡᠯ᠎ᠡ ᠭᠠᠵᠠᠷ ᠤᠨ ᠬᠢᠨ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠵᠦ᠂ ᠬᠠᠮᠢᠶᠠᠷᠴᠤ | ᠬᠠᠮᠠᠭᠠᠯᠠᠬᠤ ᠭᠤᠣᠯ ᠴᠣᠭᠴᠠ ᠶᠢ ᠲᠣᠳᠣᠷᠬᠠᠶᠢᠯᠠᠨ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠬᠠᠮᠢᠶᠠᠷᠴᠤ ᠬᠠᠮᠠᠭᠠᠯᠠᠬᠤ ᠵᠠᠷᠤᠳᠠᠯ ᠢ ᠵᠦᠢ ᠵᠣᠬᠢᠰᠲᠠᠢ ᠪᠠᠲᠤᠯᠠᠨ᠂ ᠬᠠᠮᠢᠶᠠᠷᠴᠤ ᠬᠠᠮᠠᠭᠠᠯᠠᠬᠤ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠭᠦ ᠤᠯᠤᠰ ᠤᠨ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠨᠢᠭᠡᠳᠦᠯᠲᠡᠢ ᠣᠷᠣᠭᠤᠯᠵᠤ᠂ ᠳᠤᠷ᠎ᠠ ᠪᠠᠷ ᠢᠶᠠᠨ ᠡᠵᠡᠯᠡᠨ | ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠡᠯ᠎ᠡ ᠭᠠᠵᠠᠷ ᠤᠨ ᠨᠢᠭᠡᠨᠲᠡ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠪᠠᠭᠠᠰᠬᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ | ︵ᠲᠠᠪᠤ︶ ᠲᠠᠷᠢᠶᠠᠨ ᠭᠠᠵᠠᠷ ᠤᠨ ᠤᠰᠤᠯᠠᠵᠤ ᠤᠰᠤ ᠵᠠᠯᠠᠬᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠨ᠎ᠠ᠃ ᠪᠦᠭᠦ ᠤᠯᠤᠰ ᠤᠨ ᠲᠠᠷᠢᠶᠠᠨ ᠭᠠᠵᠠᠷ ᠤᠨ ᠤᠰᠤᠯᠠᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ | ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠥᠷᠥᠰᠥ ᠰᠢᠷᠣᠢ ᠶᠢᠨ ᠡᠬᠢ ᠪᠠᠶᠠᠯᠢᠭ ᠤᠨ ᠨᠥᠬᠦᠴᠡᠯ ᠢ | ᠨᠢᠭᠡᠳᠦᠯᠲᠡᠢ ᠲᠥᠯᠥᠪᠵᠢᠭᠦᠯᠦᠨ᠂ ᠤᠰᠤᠯᠠᠯᠲᠠ ᠶᠢᠨ ᠲᠠᠯᠠᠪᠠᠶ ᠶᠢᠨ ᠨᠡᠮᠡᠭᠳᠡᠯ ᠢ ᠠᠬᠢᠭᠤᠯᠤᠨ᠎ᠠ᠃ ᠤᠯᠤᠰ ᠤᠨ ᠭᠤᠣᠯᠯᠠᠬᠤ | ᠲᠣᠣᠷ ᠤᠨ ᠤᠰᠤᠨ ᠰᠤᠷᠪᠤᠯᠵᠢ ᠶᠢᠨ ᠢᠨᠵᠧᠨᠧᠷᠢᠩ ᠪᠣᠯᠣᠨ ᠤᠰᠤ ᠳᠠᠮᠵᠢᠭᠤᠯᠤᠨ ᠲᠦᠭᠡᠭᠡᠬᠦ ᠢᠨᠵᠧᠨᠧᠷᠢᠩ ᠢ | ᠠᠬᠢᠭᠤᠯᠬᠤ ᠲᠠᠢ ᠤᠶᠠᠯᠳᠤᠭᠤᠯᠤᠨ᠂ ᠤᠰᠤ ᠠᠷᠪᠢᠯᠠᠬᠤ ᠭᠡᠯᠪᠡᠷᠢ ᠶᠢᠨ᠂ ᠠᠮᠢ ᠠᠬᠤᠢ ᠶᠢᠨ ᠭᠡᠯᠪᠡᠷᠢ ᠶᠢᠨ ᠨᠢᠭᠡ ᠪᠦᠯᠦᠭ | ᠤᠰᠤᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠤᠨ᠎ᠠ᠃ ᠲᠣᠮᠣ ᠳᠤᠮᠳᠠ ᠭᠡᠯᠪᠡᠷᠢ ᠶᠢᠨ ᠤᠰᠤᠯᠠᠯᠲᠠ ᠶᠢᠨ ᠣᠷᠣᠨ ᠤ | ᠣᠳᠣᠬᠢᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠵᠦ᠂ ᠤᠰᠤᠯᠠᠬᠤ ᠪᠠ ᠤᠰᠤ ᠵᠠᠯᠠᠬᠤ ᠢᠨᠵᠧᠨᠧᠷᠢᠩ ᠤᠨ ᠰᠢᠰᠲ᠋ᠧᠮ ᠢ | ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠤᠰᠤᠯᠠᠯᠲᠠ ᠶᠢᠨ ᠤᠰᠤᠨ ᠰᠤᠷᠪᠤᠯᠵᠢ ᠶᠢ ᠡᠵᠡᠯᠡᠨ ᠬᠡᠷᠡᠭᠯᠡᠬᠦ᠂ ᠤᠰᠤᠯᠠᠬᠤ ᠪᠠ ᠤᠰᠤ | ᠵᠠᠯᠠᠬᠤ ᠪᠠᠷᠢᠯᠭ᠎ᠠ ᠶᠢᠨ ᠲᠥᠬᠦᠭᠡᠷᠦᠮᠵᠢ ᠳᠤ ᠨᠥᠬᠦᠪᠦᠷᠢ ᠥᠭᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ᠃ | ︵ᠵᠢᠷᠭᠤᠭ᠎ᠠ︶ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠢᠳᠡᠭᠳᠡᠮᠡᠯ ᠭᠤᠤ ᠶᠢ | ᠵᠠᠰᠠᠬᠤ᠂ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠥᠩ ᠰᠢᠮᠡᠯᠢᠭ ᠲᠠᠷᠢᠶᠠᠨ | ᠭᠠᠵᠠᠷ ᠢ ᠪᠠᠶᠢᠭᠤᠯᠬᠤ ᠵᠡᠷᠭᠡ ᠶᠡᠷᠦᠩᠬᠡᠶᠢᠯᠡᠭᠰᠡᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠷ᠎ᠠ | ᠬᠥᠷᠥᠰᠥᠲᠦ ᠭᠠᠵᠠᠷ ᠢ ᠬᠠᠮᠠᠭᠠᠯᠠᠬᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠭᠦ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠬᠠᠷ᠎ᠠ ᠬᠥᠷᠥᠰᠥᠲᠦ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ | ᠲᠣᠣᠷ ᠢ ᠲᠡᠭᠦᠯᠳᠡᠷᠵᠢᠭᠦᠯᠵᠦ᠂ ᠢᠨᠵᠧᠨᠧᠷᠢᠩ ᠤᠨ ᠬᠡᠷᠡᠭᠵᠢᠭᠦᠯᠦᠯᠲᠡ ᠶᠢ ᠦᠨᠡᠯᠡᠨ ᠵᠢᠱᠢᠬᠦ ᠪᠠ ᠦᠷ᠎ᠡ ᠪᠦᠲᠦᠮᠵᠢ ᠶᠢ ᠬᠢᠨᠠᠨ | ᠬᠡᠮᠵᠢᠬᠦ ᠶᠢ ᠴᠢᠩᠭᠠᠳᠬᠠᠨ᠎ᠠ᠃ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠬᠡᠪᠴᠢᠶ᠎ᠡ ᠶᠢ ᠴᠠᠭ ᠲᠤᠨᠢ ᠲᠣᠬᠢᠷᠠᠭᠤᠯᠤᠨ | ᠰᠢᠯᠢᠳᠡᠭᠵᠢᠭᠦᠯᠵᠦ᠂ ᠬᠠᠮᠠᠭᠠᠯᠠᠬᠤ ᠶᠣᠰᠣᠲᠠᠢ ᠶᠢ ᠨᠢ ᠪᠦᠭᠦᠨ ᠢ ᠬᠠᠮᠠᠭᠠᠯᠠᠬᠤ ᠶᠢ ᠪᠡᠶᠡᠯᠡᠭᠦᠯᠦᠨ᠎ᠡ᠃ ᠣᠷᠣᠨ ᠨᠤᠲᠤᠭ ᠤᠨ | ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ | ᠨᠠᠶᠢᠳᠠᠪᠤᠷᠢᠵᠢᠭᠤᠯᠤᠨ᠎ᠠ᠃ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠵᠦ᠂ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ᠂ ᠪᠡᠯᠡ ᠮᠥᠩᠭᠦ ᠶᠢᠨ ᠲᠥᠷᠥᠯ ᠵᠦᠢᠯ ᠵᠡᠷᠭᠡ ᠶᠢ ᠨᠢᠭᠡᠳᠦᠯᠲᠡᠢ ᠲᠥᠯᠥᠪᠵᠢᠭᠦᠯᠦᠨ᠂ | ᠬᠠᠮᠠᠭᠠᠯᠠᠬᠤ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ᠬᠠᠷ᠎ᠠ ᠬᠥᠷᠥᠰᠥᠲᠦ ᠭᠠᠵᠠᠷ ᠢ ᠡᠪᠳᠡᠭᠰᠡᠨ ᠵᠡᠷᠭᠡ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠨ᠎ᠠ᠃ | ︵ᠳᠣᠯᠤᠭ᠎ᠠ︶ ᠲᠠᠴᠢᠷᠳᠠᠭᠰᠠᠨ ᠲᠠᠷᠢᠶᠠᠨ ᠭᠠᠵᠠᠷ ᠢ ᠵᠠᠰᠠᠬᠤ ᠶᠢ ᠴᠢᠩᠭᠠᠳᠬᠠᠨ᠎ᠠ᠃ ᠭᠦᠴᠢᠯᠵᠢᠭᠰᠡᠨ ᠵᠡᠷᠭᠡ | ᠲᠠᠴᠢᠷᠳᠠᠭᠰᠠᠨ ᠲᠠᠷᠢᠶᠠᠨ ᠭᠠᠵᠠᠷ ᠢ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠭᠦᠴᠢᠯᠵᠢᠭᠰᠡᠨ᠂ ᠳᠠᠯᠳᠠ | ᠪᠤᠶᠢᠵᠢᠯᠳᠠ ᠲᠠᠢ ᠵᠡᠷᠭᠡ ᠲᠠᠴᠢᠷᠳᠠᠭᠰᠠᠨ ᠲᠠᠷᠢᠶᠠᠨ ᠭᠠᠵᠠᠷ ᠲᠤ ᠲᠠᠷᠢᠶᠠᠨ ᠭᠠᠵᠠᠷ ᠤᠨ ᠲᠥᠬᠦᠭᠡᠷᠦᠮᠵᠢ ᠶᠢ ᠲᠡᠭᠦᠯᠳᠡᠷᠵᠢᠭᠦᠯᠬᠦ᠂ | ᠲᠠᠷᠢᠶᠠᠯᠠᠬᠤ ᠳᠦᠷᠢᠮ ᠢ ᠰᠠᠶᠢᠵᠢᠷᠠᠭᠤᠯᠬᠤ᠂ ᠪᠣᠷᠳᠣᠭᠤᠷ ᠣᠷᠣᠭᠤᠯᠵᠤ ᠲᠠᠷᠢᠶᠠᠯᠠᠬᠤ ᠳᠠᠪᠬᠤᠷᠭ᠎ᠠ ᠪᠠᠶᠢᠭᠤᠯᠬᠤ᠂ ᠬᠥᠷᠥᠰᠥ | ᠰᠢᠷᠣᠢ ᠲᠣᠬᠢᠷᠠᠭᠤᠯᠬᠤ ᠹᠢᠽᠢᠺ ᠤᠨ ᠮᠠᠲ᠋ᠧᠷᠢᠶᠠᠯ ᠬᠡᠷᠡᠭᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠰᠠᠯᠲᠠ ᠬᠢᠨ᠎ᠡ᠃ | ᠬᠥᠷᠥᠰᠥ ᠰᠢᠷᠣᠢ ᠶᠢᠨ ᠭᠦᠴᠢᠯᠵᠢᠭᠰᠡᠨ ᠭᠤᠣᠯᠳᠠᠯᠭ᠎ᠠ ᠲᠠᠢ ᠰᠢᠶᠠᠨ ᠤ ᠪᠦᠭᠦ ᠣᠷᠣᠨ ᠪᠦᠰᠡ ᠶᠢᠨ ᠵᠠᠰᠠᠯᠲᠠ ᠶᠢ | ᠲᠦᠷᠭᠡᠳᠬᠡᠨ᠎ᠡ᠃ ᠡᠯᠡᠰᠦᠷᠬᠡᠭᠵᠢᠭᠰᠡᠨ᠂ ᠰᠠᠯᠬᠢᠨ ᠳᠤ ᠢᠳᠡᠭᠳᠡᠭᠰᠡᠨ᠂ ᠤᠰᠤᠨ ᠳᠤ ᠢᠳᠡᠭᠳᠡᠭᠰᠡᠨ ᠲᠠᠷᠢᠶᠠᠨ ᠭᠠᠵᠠᠷ ᠢ | ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠨ᠎ᠠ᠃ | ︵ᠨᠠᠢᠮᠠ︶ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠨ ᠠᠰᠢᠭᠯᠠᠬᠤ ᠶᠢ ᠰᠠᠶᠢᠲᠤᠷ ᠠᠳᠬᠤᠨ᠎ᠠ᠃ ᠬᠤᠵᠢᠷᠯᠢᠭ | ᠭᠠᠵᠠᠷ ᠤᠨ ᠡᠬᠢ ᠪᠠᠶᠠᠯᠢᠭ ᠤᠨ ᠪᠠᠶᠢᠳᠠᠯ ᠢ ᠪᠦᠭᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠬᠤᠵᠢᠷᠯᠢᠭ ᠲᠠᠷᠢᠶᠠᠨ ᠭᠠᠵᠠᠷ ᠤᠨ | ᠶᠠᠰᠤ ᠴᠢᠨᠠᠷ ᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ᠎ᠠ᠃ ᠬᠤᠵᠢᠷᠰᠢᠭᠰᠠᠨ ᠲᠠᠷᠢᠶᠠᠨ ᠭᠠᠵᠠᠷ ᠢ ᠵᠠᠰᠠᠬᠤ ᠢᠨᠵᠧᠨᠧᠷᠢᠩ ᠢ | ᠬᠡᠷᠡᠭᠵᠢᠭᠦᠯᠵᠦ᠂ ᠬᠤᠵᠢᠷᠰᠢᠭᠰᠠᠨ ᠲᠠᠷᠢᠶᠠᠨ ᠭᠠᠵᠠᠷ ᠢ ᠵᠠᠰᠠᠵᠤ ᠰᠠᠶᠢᠵᠢᠷᠠᠭᠤᠯᠬᠤ ᠠᠵᠢᠯ ᠢ ᠣᠷᠣᠨ ᠬᠤᠪᠢᠶᠠᠨ ᠲᠦᠷᠦᠯ | ᠬᠤᠪᠢᠶᠠᠨ ᠥᠷᠨᠢᠭᠦᠯᠵᠦ᠂ ᠲᠠᠷᠢᠶᠠᠨ ᠭᠠᠵᠠᠷ ᠤᠨ ᠬᠤᠵᠢᠷᠰᠢᠬᠤ ᠶᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠬᠤᠵᠢᠷᠯᠢᠭ | ᠭᠠᠵᠠᠷ ᠵᠡᠷᠭᠡ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠱᠠᠲᠤ ᠳᠠᠷᠠᠭᠠᠯᠠᠨ ᠠᠬᠢᠭᠤᠯᠤᠨ᠎ᠠ᠃ | ︽ᠲᠠᠷᠢᠶᠠᠨ ᠭᠠᠵᠠᠷ ᠲᠤ ᠲᠣᠬᠢᠷᠠᠭᠤᠯᠤᠨ ᠲᠠᠷᠢᠬᠤ︾ ᠪᠠ ︽ᠲᠠᠷᠢᠶᠠᠨ ᠭᠠᠵᠠᠷ ᠢ ᠲᠠᠷᠢᠬᠤ ᠳᠤ ᠲᠣᠬᠢᠷᠠᠮᠵᠢᠲᠠᠢ ᠪᠤᠯᠭᠠᠬᠤ︾ ᠶᠢ | ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠳᠠᠪᠤᠰᠤ ᠬᠤᠵᠢᠷ ᠲᠤ ᠳᠠᠭᠠᠭᠠᠮᠠᠭᠠᠢ ᠲᠥᠷᠥᠯ ᠵᠦᠢᠯ ᠪᠠ ᠬᠤᠵᠢᠷᠯᠢᠭ | ᠭᠠᠵᠠᠷ ᠢ ᠵᠠᠰᠠᠬᠤ ᠬᠡᠷᠡᠭᠯᠡᠭᠡᠨ ᠤ ᠮᠡᠷᠭᠡᠵᠢᠯ ᠢ ᠪᠣᠶᠢᠵᠢᠭᠤᠯᠤᠨ ᠳᠡᠯᠭᠡᠷᠡᠭᠦᠯᠦᠨ᠎ᠡ᠃ | ︵ᠶᠢᠰᠦ︶ ᠣᠷᠭᠠᠨᠢᠭ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ ᠣᠷᠭᠠᠨᠢᠭ | ᠴᠢᠨᠠᠷ ᠢ ᠳᠡᠭᠡᠭᠰᠢᠯᠡᠭᠦᠯᠭᠦ ᠠᠵᠢᠯᠯᠠᠭᠠᠨ ᠤ ᠲᠥᠰᠥᠯ ᠢ ᠲᠣᠭᠲᠠᠭᠠᠨ ᠬᠡᠷᠡᠭᠵᠢᠭᠦᠯᠵᠦ᠂ ᠪᠣᠷᠳᠣᠭᠤᠷ ᠣᠷᠣᠭᠤᠯᠬᠤ ᠬᠥᠷᠥᠰᠥ | ᠰᠢᠷᠣᠢ ᠶᠢ ᠰᠠᠶᠢᠵᠢᠷᠠᠭᠤᠯᠤᠨ᠂ ᠲᠠᠷᠢᠶᠠᠨ ᠭᠠᠵᠠᠷ ᠤᠨ ᠬᠥᠷᠥᠰᠥ ᠰᠢᠷᠣᠢ ᠶᠢ ᠰᠠᠶᠢᠵᠢᠷᠠᠭᠤᠯᠵᠤ᠂ ᠲᠠᠷᠢᠶᠠᠨ ᠭᠠᠵᠠᠷ ᠤᠨ | ᠣᠷᠭᠠᠨᠢᠭ ᠴᠢᠨᠠᠷ ᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠣᠷᠭᠠᠨᠢᠭ | ᠪᠣᠷᠳᠣᠭᠤᠷ ᠢᠶᠠᠷ ᠬᠢᠮᠢ ᠶᠢᠨ ᠪᠣᠷᠳᠣᠭᠤᠷ ᠢ ᠣᠷᠣᠯᠠᠭᠤᠯᠬᠤ ᠶᠢ ᠲᠦᠷᠭᠡᠳᠬᠡᠨ ᠳᠡᠯᠭᠡᠷᠡᠭᠦᠯᠵᠦ᠂ ᠮᠠᠯ ᠵᠢᠭᠦᠷᠲᠡᠨ ᠤ ᠬᠥᠷᠵᠡᠩ | ᠪᠣᠷᠳᠣᠭᠤᠷ ᠢ ᠲᠤᠬᠠᠢ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠲᠠᠷᠢᠶᠠᠨ ᠳᠤ ᠪᠤᠴᠠᠭᠠᠵᠤ ᠠᠰᠢᠭᠯᠠᠬᠤ ᠵᠡᠷᠭᠡ ᠭᠠᠵᠠᠷ | ᠬᠡᠷᠡᠭᠯᠡᠵᠦ ᠲᠠᠷᠢᠶ᠎ᠠ ᠰᠢᠮᠡᠵᠢᠭᠦᠯᠬᠦ ᠠᠷᠭ᠎ᠠ ᠬᠡᠮᠵᠢᠶ᠎ᠡ ᠶᠢ ᠠᠬᠢᠭᠤᠯᠤᠨ᠎ᠠ᠃ ᠲᠠᠷᠢᠶᠠᠨ ᠭᠠᠵᠠᠷ ᠤᠨ ᠣᠷᠭᠠᠨᠢᠭ ᠴᠢᠨᠠᠷ ᠢ | ᠳᠡᠭᠡᠭᠰᠢᠯᠡᠭᠦᠯᠭᠦ ᠪᠠᠷᠢᠮᠵᠢᠶᠠᠵᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ᠵᠢᠱᠢᠶ᠎ᠡ ᠦᠵᠡᠭᠦᠯᠦᠨ ᠬᠥᠲᠥᠯᠥᠨ | ᠳᠠᠭᠠᠭᠤᠯᠬᠤ ᠶᠢ ᠴᠢᠩᠭᠠᠳᠬᠠᠨ᠎ᠠ᠃ | ︵ᠠᠷᠪᠠ︶ ᠲᠠᠷᠢᠶᠠᠨ ᠭᠠᠵᠠᠷ ᠤᠨ ᠶᠠᠰᠤ ᠴᠢᠨᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠳᠦᠷᠢᠮ ᠢ | ᠲᠡᠭᠦᠯᠳᠡᠷᠵᠢᠭᠦᠯᠦᠨ᠎ᠡ᠃ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠬᠠᠤᠯᠢ ᠲᠣᠭᠲᠠᠭᠠᠯᠲᠠ ᠶᠢ ᠲᠦᠷᠭᠡᠳᠬᠡᠨ᠎ᠡ᠃ | ᠲᠠᠷᠢᠶᠠᠨ ᠭᠠᠵᠠᠷ ᠤᠨ ᠶᠠᠰᠤ ᠴᠢᠨᠠᠷ ᠢ ᠪᠠᠶᠢᠴᠠᠭᠠᠨ ᠦᠨᠡᠯᠡᠬᠦ ᠳᠦᠷᠢᠮ ᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠶᠠᠰᠤ | ᠴᠢᠨᠠᠷ ᠢ ᠦᠨᠡᠯᠡᠬᠦ ᠨᠢᠭᠡᠳᠦᠯᠲᠡᠢ ᠠᠷᠭ᠎ᠠ᠂ ᠪᠠᠷᠢᠮᠵᠢᠶ᠎ᠠ᠂ ᠭᠦᠢᠴᠡᠳᠬᠡᠯ ᠲᠤᠭ᠎ᠠ ᠶᠢ ᠲᠣᠭᠲᠠᠭᠠᠨ᠎ᠠ᠃ ᠵᠢᠯ ᠪᠦᠷᠢ ᠲᠠᠷᠢᠶᠠᠨ | ᠭᠠᠵᠠᠷ ᠤᠨ ᠶᠠᠰᠤ ᠴᠢᠨᠠᠷ ᠤᠨ ᠬᠤᠪᠢᠷᠠᠯᠲᠠ ᠳᠤ ᠪᠠᠶᠢᠴᠠᠭᠠᠯᠲᠠ ᠦᠨᠡᠯᠡᠯᠲᠡ ᠬᠢᠵᠦ᠂ 5 ᠵᠢᠯ ᠪᠦᠷᠢ ᠳᠤ ᠲᠠᠷᠢᠶᠠᠨ ᠭᠠᠵᠠᠷ ᠤᠨ | ᠶᠠᠰᠤ ᠴᠢᠨᠠᠷ ᠤᠨ ᠶᠡᠷᠦᠩᠬᠡᠶᠢᠯᠡᠭᠰᠡᠨ ᠦᠨᠡᠯᠡᠯᠲᠡ ᠬᠢᠵᠦ᠂ ᠴᠠᠭ ᠲᠤᠨᠢ ᠲᠣᠬᠢᠷᠠᠭᠤᠯᠤᠨ ᠪᠦᠭᠦ ᠤᠯᠤᠰ ᠤᠨ ᠬᠥᠷᠥᠰᠥ | ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠦᠨ᠎ᠡ᠃ ᠤᠯᠤᠰ᠂ ᠮᠤᠵᠢ᠂ ᠬᠤᠲᠠ᠂ ᠰᠢᠶᠠᠨ ᠳᠥᠷᠪᠡᠨ ᠱᠠᠲᠤᠨ ᠤ | ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠲᠣᠣᠷ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃ ᠲᠠᠷᠢᠶᠠᠨ | ᠭᠠᠵᠠᠷ ᠤᠨ ᠶᠠᠰᠤ ᠴᠢᠨᠠᠷ ᠤᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠠᠴᠠ ᠲᠠᠷᠢᠶᠠᠨ ᠭᠠᠵᠠᠷ ᠤᠨ ᠶᠠᠰᠤ ᠴᠢᠨᠠᠷ ᠢ | ᠳᠡᠭᠡᠭᠰᠢᠯᠡᠭᠦᠯᠭᠦ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠨ᠎ᠠ᠃ | ᠳᠥᠷᠪᠡ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠳᠦᠷᠢᠮ ᠢ ᠥᠭᠡᠷᠡᠴᠢᠯᠡᠨ | ᠲᠡᠭᠦᠯᠳᠡᠷᠵᠢᠭᠦᠯᠦᠨ᠎ᠡ | ︵ᠠᠷᠪᠠᠨ ᠨᠢᠭᠡ︶ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠬᠠᠮᠢᠶᠠᠷᠤᠯᠲᠠ ᠶᠢᠨ ᠠᠷᠭ᠎ᠠ ᠮᠠᠶ᠋ᠢᠭ ᠢ | ᠥᠭᠡᠷᠡᠴᠢᠯᠡᠨ᠎ᠡ᠃ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ᠂ ᠣᠶᠢᠵᠢᠭᠤᠯᠵᠤ ᠮᠣᠳᠣ ᠲᠠᠷᠢᠬᠤ᠂ ᠵᠢᠮᠢᠰ ᠴᠠᠢ ᠲᠠᠷᠢᠬᠤ | ᠵᠡᠷᠭᠡ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠬᠠᠮᠢᠶᠠᠷᠤᠯᠲᠠ ᠳᠤ ᠨᠢᠭᠡᠳᠦᠯᠲᠡᠢ ᠣᠷᠣᠭᠤᠯᠤᠨ᠎ᠠ᠃ ᠲᠠᠷᠢᠶᠠᠨ ᠭᠠᠵᠠᠷ ᠢ | ᠨᠥᠬᠦᠪᠦᠷᠢᠯᠡᠬᠦ ᠳᠤ ᠴᠢᠨᠠᠷ ᠰᠠᠶᠢᠲᠠᠢ ᠲᠠᠷᠢᠶᠠᠨ ᠭᠠᠵᠠᠷ ᠢ ᠰᠡᠷᠭᠦᠭᠡᠬᠦ ᠪᠠᠷ ᠭᠤᠣᠯ ᠪᠤᠯᠭᠠᠵᠤ᠂ ᠲᠠᠷᠢᠶᠠᠨ ᠭᠠᠵᠠᠷ ᠢ ᠰᠢᠨ᠎ᠡ ᠪᠠᠷ | ᠬᠠᠭᠠᠯᠪᠤᠷᠢᠯᠠᠬᠤ ᠪᠠᠷ ᠬᠠᠪᠰᠤᠷᠤᠮᠵᠢ ᠪᠤᠯᠭᠠᠬᠤ ᠵᠠᠷᠴᠢᠮ ᠢ ᠪᠠᠷᠢᠮᠲᠠᠯᠠᠨ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠣᠲᠣᠷ᠎ᠠ ᠲᠠᠷᠢᠶᠠᠨ ᠭᠠᠵᠠᠷ ᠢ ᠰᠢᠨ᠎ᠡ ᠪᠠᠷ ᠬᠠᠭᠠᠯᠪᠤᠷᠢᠯᠠᠬᠤ ᠶᠢ | ᠴᠠᠭᠠᠵᠠᠯᠠᠵᠤ᠂ ᠬᠦᠨᠳᠦ ᠨᠣᠴᠢᠲᠠᠢ ᠡᠯᠡᠰᠦᠷᠬᠡᠭᠵᠢᠭᠰᠡᠨ ᠭᠠᠵᠠᠷ ᠰᠢᠷᠣᠢ᠂ ᠬᠦᠨᠳᠦ ᠨᠣᠴᠢᠲᠠᠢ ᠬᠠᠶᠢᠷ ᠴᠢᠯᠠᠭᠤᠵᠢᠭᠰᠠᠨ ᠭᠠᠵᠠᠷ | ᠰᠢᠷᠣᠢ᠂ ᠭᠤᠣᠯᠳᠠᠯᠭ᠎ᠠ ᠲᠠᠢ ᠡᠯᠡᠰᠦᠨ ᠤ ᠡᠬᠢ ᠶᠢᠨ ᠣᠷᠣᠨ᠂ ᠡᠯᠡᠰᠦ ᠲᠣᠭᠤᠰᠣ ᠳᠠᠮᠵᠢᠭᠤᠯᠬᠤ ᠵᠠᠮ᠂ 25 ᠭᠷᠡᠳᠦ᠋ᠰ ᠠᠴᠠ | ᠳᠡᠭᠡᠭᠰᠢᠬᠢ ᠡᠭᠴᠡ ᠬᠥᠲᠥᠯ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶ᠎ᠡ ᠵᠢᠴᠢ | ᠭᠤᠣᠯᠳᠠᠯᠭ᠎ᠠ ᠲᠠᠢ ᠰᠢᠭᠤᠶᠢᠲᠤ ᠣᠷᠣᠨ᠂ ᠤᠯᠤᠰ ᠤᠨ ᠥᠮᠴᠢᠯᠡᠯ ᠤᠨ ᠣᠶ ᠰᠢᠭᠤᠢ ᠶᠢᠨ ᠲᠠᠯᠠᠪᠠᠶ ᠵᠡᠷᠭᠡ ᠣᠷᠣᠨ ᠪᠦᠰᠡ ᠶᠢ | ᠵᠠᠷᠴᠢᠮ ᠳᠡᠭᠡᠷ᠎ᠡ ᠪᠠᠨ ᠲᠠᠷᠢᠶᠠᠨ ᠭᠠᠵᠠᠷ ᠢ ᠨᠥᠬᠦᠪᠦᠷᠢᠯᠡᠬᠦ ᠢᠷᠡᠯᠲᠡ ᠪᠤᠯᠭᠠᠬᠤ ᠦᠭᠡᠢ᠃ ᠡᠵᠡᠯᠡᠬᠦ ᠪᠠ ᠨᠥᠬᠦᠪᠦᠷᠢᠯᠡᠬᠦ ᠶᠢ | ᠲᠡᠩᠴᠡᠭᠦᠷᠢᠰᠢᠭᠦᠯᠬᠦ ᠶᠢ ᠨᠠᠶᠢᠳᠠᠪᠤᠷᠢᠵᠢᠭᠤᠯᠬᠤ ᠠᠷᠭ᠎ᠠ ᠮᠠᠶ᠋ᠢᠭ ᠢ ᠰᠠᠶᠢᠵᠢᠷᠠᠭᠤᠯᠵᠤ᠂ ᠡᠯ᠎ᠡ ᠲᠥᠷᠥᠯ ᠤᠨ ᠬᠡᠷᠡᠭᠵᠢᠭᠦᠯᠬᠦ | ᠭᠤᠣᠯ ᠴᠣᠭᠴᠠ ᠨᠢ ᠲᠠᠷᠢᠶᠠᠨ ᠪᠤᠰᠤ ᠭᠠᠵᠠᠷ ᠢ ᠬᠠᠭᠠᠯᠪᠤᠷᠢᠯᠠᠬᠤ᠂ ᠲᠠᠷᠢᠶᠠᠨ ᠭᠠᠵᠠᠷ ᠪᠣᠯᠭᠠᠨ ᠰᠡᠷᠭᠦᠭᠡᠭᠰᠡᠨ ᠪᠠᠶᠢᠪᠠᠯ᠂ | ᠲᠣᠭᠲᠠᠭᠠᠯ ᠳᠤ ᠨᠡᠶᠢᠴᠡᠪᠡᠯ ᠨᠥᠬᠦᠪᠦᠷᠢ ᠲᠠᠷᠢᠶᠠᠨ ᠭᠠᠵᠠᠷ ᠪᠤᠯᠭᠠᠵᠤ ᠪᠣᠯᠣᠨ᠎ᠠ᠃ ︽ᠨᠥᠬᠦᠪᠦᠷᠢᠯᠡᠬᠦ ᠪᠠᠷ ᠡᠵᠡᠯᠡᠬᠦ ᠶᠢ | ᠲᠣᠭᠲᠠᠭᠠᠬᠤ︾ ᠶᠢ ᠪᠠᠷᠢᠮᠲᠠᠯᠠᠨ᠂ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠶᠢᠨ ᠬᠥᠳᠡᠯᠦᠩᠭᠦᠢ ᠲᠡᠩᠴᠡᠭᠦᠷᠢ ᠶᠢ | ᠪᠡᠶᠡᠯᠡᠭᠦᠯᠦᠭᠰᠡᠨ ᠤᠷᠢᠲᠠᠯ ᠳᠣᠣᠷ᠎ᠠ᠂ ᠮᠤᠵᠢ ᠶᠢᠨ ᠬᠡᠪᠴᠢᠶᠡᠨ ᠳᠣᠲᠣᠷᠠᠬᠢ ᠲᠠᠷᠢᠶᠠᠨ ᠭᠠᠵᠠᠷ ᠢ ᠲᠣᠭᠲᠠᠭᠤᠨ ᠢᠶᠠᠷ | ᠠᠰᠢᠭᠯᠠᠭᠰᠠᠨ ᠴᠡᠪᠡᠷ ᠨᠡᠮᠡᠭᠳᠡᠯ ᠤᠨ ᠬᠡᠮᠵᠢᠶ᠎ᠡ ᠶᠢ ᠳᠠᠷᠠᠭ᠎ᠠ ᠵᠢᠯ ᠤᠨ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠶᠢᠨ | ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠵᠥᠪᠰᠢᠶᠡᠷᠡᠬᠦ ᠬᠡᠪᠴᠢᠶ᠎ᠡ ᠶᠢᠨ ᠳᠡᠭᠡᠷ᠎ᠡ ᠬᠢᠵᠠᠭᠠᠷ ᠪᠤᠯᠭᠠᠵᠤ᠂ ᠬᠠᠤᠯᠢ ᠠᠴᠠ | ᠵᠥᠷᠢᠴᠡᠭᠰᠡᠨ ᠪᠦᠲᠦᠭᠡᠨ ᠪᠠᠶᠢᠭᠤᠯᠤᠯᠲᠠ ᠳᠤ ᠬᠠᠨᠳᠤᠭᠤᠯᠤᠨ ᠲᠠᠷᠢᠶᠠᠨ ᠭᠠᠵᠠᠷ ᠨᠥᠬᠦᠪᠦᠷᠢᠯᠡᠬᠦ ᠭᠦᠢᠴᠡᠳᠬᠡᠯ ᠲᠤᠭ᠎ᠠ ᠶᠢ | ᠵᠣᠬᠢᠴᠠᠩᠭᠤᠢ ᠪᠠᠷ ᠬᠥᠯᠳᠡᠭᠡᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠬᠠᠮᠢᠶᠠᠷᠤᠯᠲᠠ ᠶᠢᠨ ᠢᠵᠢ | ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠦᠨ᠎ᠡ᠃ | ︵ᠠᠷᠪᠠᠨ ᠬᠤᠶᠠᠷ︶ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠶᠢ ᠨᠠᠶᠢᠳᠠᠪᠤᠷᠢᠵᠢᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠲᠣᠭᠲᠠᠴᠠ ᠶᠢ ᠪᠠᠶᠢᠭᠤᠯᠵᠤ᠂ ᠤᠯᠤᠰ ᠠᠴᠠ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ | ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠶᠢ ᠬᠠᠮᠢᠶᠠᠷᠤᠨ ᠡᠵᠡᠮᠳᠡᠵᠦ᠂ ᠪᠦᠭᠦ ᠤᠯᠤᠰ ᠤᠨ ᠲᠠᠷᠢᠶᠠᠨ ᠭᠠᠵᠠᠷ ᠢ ᠬᠠᠮᠠᠭᠠᠯᠠᠬᠤ | ᠬᠠᠷᠠᠯᠲᠠ ᠠᠴᠠ ᠳᠠᠪᠠᠭᠤᠯᠬᠤ ᠦᠭᠡᠢ ᠪᠠᠶᠢᠬᠤ ᠶᠢ ᠪᠠᠲᠤᠯᠠᠨ᠎ᠠ︔ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ︶ ᠶᠢᠨ ᠬᠢᠨ ᠮᠤᠵᠢ ᠶᠢᠨ ᠬᠡᠪᠴᠢᠶᠡᠨ ᠳᠣᠲᠣᠷᠠᠬᠢ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠨᠥᠬᠦᠪᠦᠷᠢᠯᠡᠬᠦ | ᠠᠵᠢᠯ ᠢ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠣᠨ ᠤ ᠲᠠᠷᠢᠶᠠᠨ ᠭᠠᠵᠠᠷ ᠤᠨ ᠶᠡᠷᠦᠩᠬᠡᠢ ᠬᠡᠮᠵᠢᠶᠡᠨ ᠤ | ᠬᠥᠳᠡᠯᠦᠩᠭᠦᠢ ᠲᠡᠩᠴᠡᠭᠦᠷᠢ ᠶᠢ ᠪᠠᠲᠤᠯᠠᠨ᠎ᠠ︔ ᠬᠤᠲᠠ ᠰᠢᠶᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ | ᠲᠠᠷᠢᠶᠠᠨ ᠭᠠᠵᠠᠷ ᠢ ᠡᠵᠡᠯᠡᠨ ᠬᠡᠷᠡᠭᠯᠡᠬᠦ᠂ ᠰᠢᠯᠢᠳᠡᠭ ᠲᠠᠷᠢᠶᠠᠨ ᠭᠠᠵᠠᠷ ᠢᠶᠠᠷ ᠭᠦᠢᠴᠡᠳ ᠨᠥᠬᠦᠪᠦᠷᠢᠯᠡᠬᠦ ᠶᠢ ᠴᠢᠩᠭ᠎ᠠ | ᠬᠠᠮᠢᠶᠠᠷᠤᠨ ᠡᠵᠡᠮᠳᠡᠨ᠎ᠡ᠃ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠬᠢᠨ | ᠨᠥᠬᠦᠪᠦᠷᠢᠯᠡᠬᠦ ᠲᠠᠷᠢᠶᠠᠨ ᠭᠠᠵᠠᠷ ᠤᠨ ᠭᠦᠢᠴᠡᠳᠬᠡᠯ ᠲᠤᠭ᠎ᠠ ᠶᠢ ᠮᠤᠵᠢ ᠶᠢᠨ ᠱᠠᠲᠤᠨ ᠤ ᠬᠠᠮᠢᠶᠠᠷᠤᠯᠲᠠ ᠶᠢᠨ ᠲᠠᠪᠴᠠᠩ ᠳᠤ | ᠨᠢᠭᠡᠳᠦᠯᠲᠡᠢ ᠣᠷᠣᠭᠤᠯᠵᠤ᠂ ᠲᠣᠬᠢᠷᠠᠭᠤᠯᠬᠤ ᠲᠠᠰ ᠳᠠᠷᠠᠭᠠᠯᠠᠯ ᠢ ᠵᠢᠷᠤᠮᠵᠢᠭᠤᠯᠤᠨ᠂ ᠲᠣᠬᠢᠷᠠᠭᠤᠯᠵᠤ ᠨᠥᠬᠦᠪᠦᠷᠢᠯᠡᠬᠦ | ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ ᠲᠣᠬᠢᠷᠠᠭᠤᠯᠬᠤ ᠬᠡᠪᠴᠢᠶ᠎ᠡ ᠶᠢ ᠴᠢᠩᠭ᠎ᠠ ᠬᠠᠮᠢᠶᠠᠷᠤᠨ ᠡᠵᠡᠮᠳᠡᠵᠦ᠂ | ᠭᠦᠢᠴᠡᠳᠬᠡᠯ ᠲᠤᠭ᠎ᠠ ᠶᠢ ᠲᠣᠬᠢᠷᠠᠭᠤᠯᠬᠤ ᠪᠡᠯᠡ ᠮᠥᠩᠭᠦ ᠶᠢ ᠲᠥᠰᠥᠪ ᠤᠨ ᠬᠠᠮᠢᠶᠠᠷᠤᠯᠲᠠ ᠳᠤ ᠣᠷᠣᠭᠤᠯᠤᠨ᠎ᠠ᠃ ᠲᠠᠷᠢᠶᠠᠨ | ᠭᠠᠵᠠᠷ ᠢ ᠨᠥᠬᠦᠪᠦᠷᠢᠯᠡᠬᠦ ᠭᠦᠢᠴᠡᠳᠬᠡᠯ ᠲᠤᠭ᠎ᠠ ᠶᠢ ᠯᠡ ᠬᠥᠭᠡᠭᠡᠴᠡᠯᠳᠦᠬᠦ᠂ ᠪᠠᠶᠢᠭᠠᠯᠢ ᠶᠢᠨ ᠨᠥᠬᠦᠴᠡᠯ ᠢ ᠬᠠᠶᠢᠬᠤᠷᠬᠤ | ᠦᠭᠡᠢ ᠪᠠᠷ ᠠᠯᠪᠠᠳᠠᠯᠭ᠎ᠠ ᠪᠠᠷ ᠨᠥᠬᠦᠪᠦᠷᠢᠯᠡᠬᠦ ᠦᠢᠯᠡ ᠠᠵᠢᠯᠯᠠᠭ᠎ᠠ ᠶᠢ ᠡᠷᠡᠰ ᠰᠡᠷᠭᠡᠶᠢᠯᠡᠨ ᠵᠠᠯᠠᠷᠠᠭᠤᠯᠤᠨ᠎ᠠ᠃ ᠠᠮᠢ ᠠᠬᠤᠢ | ᠬᠡᠪᠡᠷᠡᠭ᠂ ᠠᠮᠢ ᠠᠬᠤᠢ ᠶᠢᠨ ᠬᠠᠮᠠᠭᠠᠯᠠᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠡᠭᠦᠷᠭᠡᠯᠡᠵᠦ ᠪᠠᠶᠢᠭ᠎ᠠ ᠭᠠᠵᠠᠷ ᠣᠷᠣᠨ ᠤ | ᠤᠯᠤᠰ ᠤᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠤᠯᠤᠰ ᠠᠴᠠ ᠨᠢᠭᠡᠳᠦᠯᠲᠡᠢ | ᠲᠥᠯᠥᠪᠵᠢᠭᠦᠯᠦᠨ ᠮᠤᠵᠢ ᠣᠷᠣᠨ ᠠᠯᠤᠰᠯᠠᠨ ᠲᠥᠪᠯᠡᠷᠡᠭᠦᠯᠦᠨ ᠬᠠᠭᠠᠯᠪᠤᠷᠢᠯᠠᠵᠤ᠂ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠶᠢ ᠬᠠᠨᠳᠤᠯᠭ᠎ᠠ ᠲᠠᠢ ᠪᠠᠷ ᠲᠡᠮᠵᠢᠨ᠎ᠠ᠃ | ︵ᠠᠷᠪᠠᠨ ᠭᠤᠷᠪᠠ︶ ᠲᠠᠷᠢᠶᠠᠨ ᠭᠠᠵᠠᠷ ᠨᠥᠬᠦᠪᠦᠷᠢᠯᠡᠬᠦ ᠭᠤᠣᠯ ᠴᠣᠭᠴᠠ ᠳᠤ ᠨᠥᠬᠦᠪᠦᠷᠢ ᠥᠭᠴᠦ ᠤᠷᠮᠠᠰᠢᠭᠤᠯᠬᠤ ᠶᠢ | ᠴᠢᠩᠭᠠᠳᠬᠠᠨ᠎ᠠ᠃ ᠡᠯ᠎ᠡ ᠲᠥᠷᠥᠯ ᠤᠨ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ᠂ ᠣᠶᠢᠵᠢᠭᠤᠯᠵᠤ ᠮᠣᠳᠣ ᠲᠠᠷᠢᠬᠤ᠂ | ᠵᠢᠮᠢᠰ ᠴᠠᠢ ᠲᠠᠷᠢᠬᠤ ᠵᠡᠷᠭᠡ ᠳᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ ᠡᠷᠬᠡᠪᠰᠢ ᠲᠠᠷᠢᠶᠠᠨ ᠭᠠᠵᠠᠷ ᠨᠥᠬᠦᠪᠦᠷᠢᠯᠡᠬᠦ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠥᠪᠡᠰᠦᠪᠡᠨ ᠨᠥᠬᠦᠪᠦᠷᠢᠯᠡᠬᠦ ᠨᠥᠬᠦᠴᠡᠯ ᠦᠭᠡᠢ ᠪᠣᠯ ᠲᠠᠷᠢᠶᠠᠯᠠᠩ ᠤᠨ ᠪᠤᠰᠤ | ᠪᠦᠲᠦᠭᠡᠨ ᠪᠠᠶᠢᠭᠤᠯᠤᠯᠲᠠ ᠨᠢ ᠲᠣᠭᠲᠠᠭᠠᠯ ᠶᠣᠰᠣᠭᠠᠷ ᠲᠠᠷᠢᠶᠠᠨ ᠭᠠᠵᠠᠷ ᠬᠠᠭᠠᠯᠪᠤᠷᠢᠯᠠᠬᠤ ᠰᠦᠢᠳᠬᠡᠯ ᠲᠤᠰᠢᠶᠠᠨ᠎ᠠ᠃ ᠡᠯ᠎ᠡ | ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠲᠠᠷᠢᠶᠠᠨ ᠭᠠᠵᠠᠷ ᠢ ᠬᠠᠭᠠᠯᠪᠤᠷᠢᠯᠠᠬᠤ ᠵᠠᠷᠤᠳᠠᠯ ᠵᠡᠷᠭᠡ ᠵᠠᠷᠤᠳᠠᠯ ᠤᠨ ᠪᠠᠷᠢᠮᠵᠢᠶ᠎ᠠ ᠶᠢ ᠲᠥᠷᠥᠯ ᠪᠠ ᠭᠤᠣᠯ ᠴᠣᠭᠴᠠ | ᠬᠤᠪᠢᠶᠠᠨ ᠲᠣᠭᠲᠠᠭᠠᠬᠤ ᠶᠢᠨ ᠬᠠᠮᠲᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠪᠡᠯᠡ ᠮᠥᠩᠭᠦ ᠶᠢ ᠲᠠᠷᠢᠶᠠᠨ | ᠭᠠᠵᠠᠷ ᠤᠨ ᠬᠠᠮᠠᠭᠠᠯᠠᠯᠲᠠ ᠬᠢᠭᠡᠳ ᠶᠠᠰᠤ ᠴᠢᠨᠠᠷ ᠤᠨ ᠪᠦᠲᠦᠭᠡᠨ ᠪᠠᠶᠢᠭᠤᠯᠤᠯᠲᠠ ᠳᠤ ᠨᠢᠭᠡᠳᠦᠯᠲᠡᠢ ᠲᠥᠯᠥᠪᠵᠢᠭᠦᠯᠦᠨ | ᠲᠣᠬᠢᠷᠠᠭᠤᠯᠬᠤ ᠬᠡᠷᠡᠭᠲᠡᠢ᠃ ᠡᠯ᠎ᠡ ᠭᠠᠵᠠᠷ ᠤᠨ ᠬᠢᠨ ᠲᠠᠷᠢᠶᠠᠨ ᠭᠠᠵᠠᠷ ᠢ ᠡᠵᠡᠯᠡᠭᠡᠳᠦᠢ ᠪᠤᠯᠪᠠᠴᠤ ᠨᠢᠭᠡᠨᠲᠡ ᠬᠠᠭᠠᠯᠪᠤᠷᠢᠯᠠᠭᠰᠠᠨ | ᠪᠤᠶᠤ ᠲᠠᠷᠢᠶᠠᠨ ᠭᠠᠵᠠᠷ ᠢ ᠰᠡᠷᠭᠦᠭᠡᠭᠰᠡᠨ ᠭᠤᠣᠯ ᠴᠣᠭᠴᠠ ᠳᠤ ᠵᠣᠬᠢᠰᠲᠠᠢ ᠨᠥᠬᠦᠪᠦᠷᠢ ᠥᠭᠴᠦ ᠪᠣᠯᠣᠨ᠎ᠠ᠃ | ︵ᠠᠷᠪᠠᠨ ᠳᠥᠷᠪᠡ︶ ᠨᠥᠬᠦᠪᠦᠷᠢᠯᠡᠬᠦ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠳᠦᠷᠢᠮ ᠢ | ᠪᠦᠷᠢᠨᠰᠢᠭᠦᠯᠦᠨ᠎ᠡ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠨᠢ ᠪᠠᠶᠢᠭᠠᠯᠢ ᠶᠢᠨ ᠡᠬᠢ ᠪᠠᠶᠠᠯᠢᠭ ᠤᠨ | ᠶᠠᠮᠤᠨ ᠲᠠᠢ ᠬᠠᠮᠲᠤᠷᠠᠨ ᠨᠥᠬᠦᠪᠦᠷᠢᠯᠡᠬᠦ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠠᠷᠭ᠎ᠠ ᠶᠢ ᠨᠡᠶᠢᠲᠡᠯᠡᠵᠦ᠂ | ᠰᠢᠯᠭᠠᠨ ᠠᠪᠬᠤ ᠪᠠᠷᠢᠮᠵᠢᠶ᠎ᠠ ᠶᠢ ᠲᠡᠭᠦᠯᠳᠡᠷᠵᠢᠭᠦᠯᠦᠨ᠂ ᠬᠠᠲᠠᠭᠤ ᠬᠢᠵᠠᠭᠠᠷᠯᠠᠯ ᠢ ᠴᠢᠩᠭᠠᠷᠠᠭᠤᠯᠬᠤ ᠬᠡᠷᠡᠭᠲᠡᠢ᠃ ᠬᠠᠭᠠᠯᠪᠤᠷᠢᠯᠠᠬᠤ | ᠪᠠ ᠰᠡᠷᠭᠦᠭᠡᠬᠦ ᠲᠠᠷᠢᠶᠠᠨ ᠭᠠᠵᠠᠷ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠱᠠᠭᠠᠷᠳᠠᠯᠭ᠎ᠠ ᠳᠤ ᠨᠡᠶᠢᠴᠡᠵᠦ᠂ ᠲᠠᠷᠢᠶᠠᠯᠠᠬᠤ ᠳᠤ ᠲᠣᠬᠢᠷᠠᠬᠤ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ | ᠤᠨᠠᠯᠳᠠ ᠶᠢ ᠥᠨᠳᠥᠷ ᠪᠤᠶᠤ ᠲᠣᠭᠲᠠᠭᠤᠨ ᠪᠠᠶᠢᠯᠭᠠᠬᠤ ᠪᠠᠷᠢᠮᠵᠢᠶ᠎ᠠ ᠳᠤ ᠬᠦᠷᠬᠦ ᠪᠥᠭᠡᠳ ᠲᠥᠪᠯᠡᠷᠡᠨ ᠵᠠᠯᠭᠠᠯᠳᠤᠭᠰᠠᠨ᠂ | ᠣᠷᠳᠣ ᠬᠤᠭᠤᠴᠠᠭ᠎ᠠ ᠪᠠᠷ ᠲᠣᠭᠲᠠᠭᠤᠨ ᠢᠶᠠᠷ ᠠᠰᠢᠭᠯᠠᠵᠤ ᠪᠤᠯᠬᠤ ᠪᠤᠯᠭᠠᠵᠤ᠂ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ | ᠦᠭᠡᠢ ᠶᠢ ᠨᠢ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠨᠥᠬᠦᠪᠦᠷᠢ ᠪᠤᠯᠭᠠᠵᠤ ᠪᠤᠯᠬᠤ ᠦᠭᠡᠢ᠃ ᠲᠠᠷᠢᠶᠠᠨ ᠭᠠᠵᠠᠷ ᠢ | ᠨᠥᠬᠦᠪᠦᠷᠢᠯᠡᠭᠰᠡᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ᠂ ᠳᠠᠭᠢᠨ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠨ | ᠭᠠᠵᠠᠷ ᠢ ᠨᠥᠬᠦᠪᠦᠷᠢᠯᠡᠭᠰᠡᠨ ᠤ ᠳᠠᠷᠠᠭᠠᠬᠢ ᠰᠢᠮ᠎ᠡ ᠬᠦᠴᠦ ᠶᠢ ᠨᠡᠮᠡᠭᠳᠡᠭᠦᠯᠬᠦ ᠪᠡᠯᠡ ᠮᠥᠩᠭᠦ ᠶᠢ ᠲᠠᠷᠢᠶᠠᠨ ᠭᠠᠵᠠᠷ ᠢ ᠡᠵᠡᠯᠡᠨ | ᠬᠡᠷᠡᠭᠯᠡᠬᠦ ᠥᠪᠡᠷ ᠤᠨ ᠥᠷᠲᠡᠭ ᠲᠤ ᠣᠷᠣᠭᠤᠯᠤᠨ᠎ᠠ᠃ ᠲᠠᠷᠢᠶᠠᠨ ᠭᠠᠵᠠᠷ ᠤᠨ ᠭᠤᠣᠯ ᠴᠣᠭᠴᠠ ᠨᠢ ᠰᠢᠮ᠎ᠡ ᠬᠦᠴᠦ ᠶᠢ | ᠨᠡᠮᠡᠭᠳᠡᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠥᠷᠥᠰᠥ ᠰᠢᠷᠣᠢ ᠶᠢ ᠦᠷᠭᠦᠯᠵᠢᠯᠡᠨ ᠰᠠᠶᠢᠵᠢᠷᠠᠭᠤᠯᠵᠤ᠂ | ᠭᠠᠵᠠᠷ ᠤᠨ ᠰᠢᠮ᠎ᠡ ᠬᠦᠴᠦ ᠶᠢ ᠨᠡᠮᠡᠭᠳᠡᠭᠦᠯᠬᠦ ᠬᠡᠷᠡᠭᠲᠡᠢ᠃ | ᠲᠠᠪᠤ᠂ ᠲᠠᠷᠢᠶᠠᠴᠢᠨ ᠪᠣᠯᠣᠨ ᠣᠷᠣᠨ ᠨᠤᠲᠤᠭ ᠤᠨ ᠲᠠᠷᠢᠶᠠᠨ ᠭᠠᠵᠠᠷ ᠢ ᠬᠠᠮᠠᠭᠠᠯᠠᠬᠤ᠂ ᠠᠮᠤ ᠪᠤᠳᠠᠭ᠎ᠠ ᠲᠠᠷᠢᠵᠤ ᠠᠮᠤ | ᠪᠤᠳᠠᠭ᠎ᠠ ᠶᠢ ᠠᠳᠬᠤᠬᠤ ᠢᠳᠡᠪᠬᠢᠵᠢᠯ ᠢ ᠳᠠᠶᠢᠴᠢᠯᠠᠨ᠎ᠠ | ︵ᠠᠷᠪᠠᠨ ᠲᠠᠪᠤ︶ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠳᠡᠭᠡᠭᠰᠢᠯᠡᠭᠦᠯᠦᠨ᠎ᠠ᠃ ᠠᠮᠤ | ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠦᠨ᠎ᠡ ᠬᠠᠩᠰᠢ᠂ | ᠨᠥᠬᠦᠪᠦᠷᠢ᠂ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠣᠳᠣᠬᠢᠴᠢᠯᠠᠭᠰᠠᠨ ᠡᠷᠴᠢᠮᠵᠢᠭᠦᠯᠦᠭᠰᠡᠨ | ᠲᠠᠷᠢᠶᠠᠯᠠᠩ ᠤᠨ ᠬᠥᠭᠵᠢᠯᠲᠡ ᠶᠢ ᠠᠬᠢᠭᠤᠯᠵᠤ᠂ ᠤᠯᠠᠨ ᠵᠦᠢᠯ ᠤᠨ ᠭᠡᠯᠪᠡᠷᠢ ᠶᠢᠨ ᠵᠣᠬᠢᠰᠲᠠᠢ ᠬᠡᠪᠴᠢᠶᠡᠲᠦ ᠡᠵᠡᠩᠨᠡᠯᠲᠡ ᠶᠢ | ᠬᠡᠷᠡᠭᠵᠢᠭᠦᠯᠦᠨ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠮᠤ ᠪᠤᠳᠠᠭ᠎ᠠ ᠲᠠᠷᠢᠬᠤ | ᠬᠠᠷᠢᠴᠠᠭᠤᠯᠤᠭᠰᠠᠨ ᠠᠰᠢᠭ ᠣᠷᠣᠯᠭ᠎ᠠ ᠶᠢ ᠨᠡᠮᠡᠭᠳᠡᠭᠦᠯᠦᠨ᠂ ᠲᠠᠷᠢᠶᠠᠴᠢᠳ ᠤᠨ ᠲᠠᠷᠢᠶᠠᠨ ᠭᠠᠵᠠᠷ ᠢᠶᠠᠨ ᠬᠠᠮᠠᠭᠠᠯᠠᠬᠤ ᠪᠠ ᠠᠮᠤ | ᠪᠤᠳᠠᠭ᠎ᠠ ᠲᠠᠷᠢᠬᠤ ᠢᠳᠡᠪᠬᠢᠵᠢᠯ ᠢ ᠲᠠᠶᠢᠴᠢᠯᠠᠨ᠎ᠠ᠃ | ︵ᠠᠷᠪᠠᠨ ᠵᠢᠷᠭᠤᠭ᠎ᠠ︶ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠦᠢᠯᠡᠳᠪᠦᠷᠢᠯᠡᠯ ᠤᠨ ᠠᠰᠢᠭ | ᠲᠤᠰᠠ ᠶᠢ ᠨᠥᠬᠦᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠠᠮᠤ ᠪᠤᠳᠠᠭᠠᠨ ᠤ ᠭᠤᠣᠯ ᠤᠨᠠᠯᠳᠠ ᠶᠢᠨ ᠣᠷᠣᠨ ᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠣᠷᠣᠨ ᠨᠤᠲᠤᠭ ᠤᠨ ᠬᠢᠨ ᠤ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ | ᠦᠢᠯᠡᠳᠪᠦᠷᠢᠯᠡᠯ ᠢ ᠠᠳᠬᠤᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠠᠮᠤ ᠪᠤᠳᠠᠭᠠᠨ ᠤ ᠭᠤᠣᠯ ᠤᠨᠠᠯᠳᠠ ᠶᠢᠨ ᠣᠷᠣᠨ᠂ | ᠭᠤᠣᠯ ᠪᠣᠷᠤᠯᠠᠭᠤᠯᠭ᠎ᠠ ᠶᠢᠨ ᠣᠷᠣᠨ᠂ ᠦᠢᠯᠡᠳᠪᠦᠷᠢᠯᠡᠯ ᠪᠣᠷᠤᠯᠠᠭᠤᠯᠭ᠎ᠠ ᠲᠡᠩᠴᠡᠭᠦᠷᠢᠲᠡᠢ ᠣᠷᠣᠨ ᠤ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠠᠵᠤ ᠠᠬᠤᠢ ᠶᠢᠨ | ᠱᠠᠩᠨᠠᠵᠤ ᠲᠣᠷᠭᠠᠬᠤ ᠲᠣᠭᠲᠠᠴᠠ ᠶᠢ ᠬᠡᠷᠡᠭᠵᠢᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠲᠤᠲᠠᠭᠳᠠᠵᠤ ᠪᠠᠶᠢᠭ᠎ᠠ | ᠮᠤᠵᠢ ᠠᠴᠠ ᠠᠵᠤ ᠠᠬᠤᠢ ᠶᠢᠨ ᠨᠥᠬᠦᠪᠦᠷᠢ ᠠᠪᠴᠤ᠂ ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠ ᠡᠭᠦᠷᠭᠡ ᠶᠢ ᠢᠯᠡᠭᠦᠦ | ᠡᠭᠦᠷᠭᠡᠯᠡᠭᠰᠡᠨ ᠮᠤᠵᠢ ᠳᠤ ᠠᠵᠤ ᠠᠬᠤᠢ ᠶᠢᠨ ᠱᠠᠩᠨᠠᠯ ᠣᠯᠭᠤᠨ᠎ᠠ᠃ | ︵ᠠᠷᠪᠠᠨ ᠳᠣᠯᠤᠭ᠎ᠠ︶ ᠠᠲᠠᠷᠰᠢᠭᠰᠠᠨ ᠭᠠᠵᠠᠷ ᠢ ᠵᠠᠰᠠᠵᠤ ᠠᠰᠢᠭᠯᠠᠬᠤ ᠶᠢ ᠴᠢᠩᠭᠠᠳᠬᠠᠨ᠎ᠠ᠃ ᠪᠦᠭᠦ ᠤᠯᠤᠰ ᠤᠨ | ᠤᠯᠤᠰ ᠤᠨ ᠭᠠᠵᠠᠷ ᠰᠢᠷᠣᠢ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠷ ᠰᠠᠭᠤᠷᠢ ᠪᠤᠯᠭᠠᠵᠤ᠂ | ᠪᠣᠳᠠᠲᠠᠢ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠲᠠᠢ ᠤᠶᠠᠯᠳᠤᠭᠤᠯᠤᠨ᠂ ᠠᠲᠠᠷᠰᠢᠭᠰᠠᠨ ᠭᠠᠵᠠᠷ ᠤᠨ ᠪᠠᠶᠢᠳᠠᠯ ᠢ | ᠲᠣᠳᠣᠷᠬᠠᠢ ᠣᠶᠢᠯᠠᠭᠠᠵᠤ᠂ ᠵᠠᠰᠠᠵᠤ ᠠᠰᠢᠭᠯᠠᠬᠤ ᠶᠢ ᠲᠥᠷᠥᠯ ᠬᠤᠪᠢᠶᠠᠨ ᠠᠬᠢᠭᠤᠯᠤᠨ᠎ᠠ᠃ ᠭᠠᠵᠠᠷ ᠰᠢᠷᠣᠢ ᠶᠢ ᠨᠠᠶᠢᠳᠠᠨ | ᠬᠠᠮᠢᠶᠠᠷᠤᠭᠤᠯᠬᠤ᠂ ᠣᠷᠣᠯᠠᠨ ᠲᠠᠷᠢᠬᠤ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠦᠢᠯᠡᠳᠪᠦᠷᠢᠯᠡᠯ ᠢ ᠲᠦᠷᠭᠡᠨ ᠰᠡᠷᠭᠦᠭᠡᠨ᠎ᠡ᠃ | ᠵᠢᠷᠭᠤᠭ᠎ᠠ᠂ ᠡᠯ᠎ᠡ ᠲᠥᠷᠥᠯ ᠤᠨ ᠤᠯᠠᠮᠵᠢᠯᠠᠯᠲᠤ ᠪᠤᠰᠤ ᠲᠠᠷᠢᠶᠠᠨ ᠭᠠᠵᠠᠷ ᠤᠨ ᠡᠬᠢ ᠪᠠᠶᠠᠯᠢᠭ ᠢ ᠢᠳᠡᠪᠬᠢᠲᠡᠢ ᠪᠠᠷ | ᠨᠡᠭᠡᠭᠡᠨ ᠬᠥᠭᠵᠢᠭᠦᠯᠦᠨ᠎ᠡ | ︵ᠠᠷᠪᠠᠨ ᠨᠠᠢᠮᠠ︶ ᠲᠠᠷᠢᠶᠠᠨ ᠭᠠᠵᠠᠷ ᠤᠨ ᠪᠤᠰᠤ ᠡᠬᠢ ᠪᠠᠶᠠᠯᠢᠭ ᠢ ᠭᠦᠢᠴᠡᠳ ᠠᠰᠢᠭᠯᠠᠨ ᠥᠨᠳᠥᠷ ᠦᠷ᠎ᠡ | ᠪᠦᠲᠦᠮᠵᠢᠲᠡᠶ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠦᠨ᠎ᠡ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠰᠤᠳᠤᠯᠤᠨ ᠨᠡᠭᠡᠭᠡᠬᠦ ᠪᠠ ᠦᠢᠯᠡᠳᠪᠦᠷᠢᠯᠡᠯ ᠤᠨ ᠪᠡᠯᠡ ᠣᠷᠣᠭᠤᠯᠤᠯᠲᠠ ᠶᠢ ᠴᠢᠩᠭᠠᠳᠬᠠᠨ᠂ ᠲᠠᠷᠢᠶᠠᠯᠠᠩ ᠤᠨ | ᠦᠢᠯᠡᠳᠪᠦᠷᠢᠯᠡᠯ ᠤᠨ ᠮᠡᠷᠭᠡᠵᠢᠯ ᠤᠨ ᠥᠭᠡᠷᠡᠴᠢᠯᠡᠯᠲᠡ ᠪᠣᠯᠣᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠤᠰᠤᠨ ᠤ ᠡᠬᠢ ᠪᠠᠶᠠᠯᠢᠭ ᠤᠨ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠣᠷᠣᠨ ᠳᠤ ᠭᠤᠪᠢ᠂ ᠴᠥᠯ | ᠵᠡᠷᠭᠡ ᠶᠢ ᠰᠢᠨᠵᠢᠯᠡᠬᠦ ᠤᠬᠠᠭᠠᠨᠴᠢ ᠪᠠᠷ ᠠᠰᠢᠭᠯᠠᠨ ᠦᠷᠭᠦᠯᠵᠢᠯᠡᠨ ᠬᠥᠭᠵᠢᠭᠦᠯᠬᠦ ᠣᠳᠣ ᠦᠶ᠎ᠡ ᠶᠢᠨ ᠲᠥᠬᠦᠭᠡᠷᠦᠮᠵᠢᠲᠦ | ᠲᠠᠷᠢᠶᠠᠯᠠᠩ ᠢ ᠬᠠᠶᠢᠨ ᠰᠦᠪᠡᠭᠴᠢᠯᠡᠵᠦ᠂ ᠶᠡᠭᠡ ᠳᠤᠮᠳᠠ ᠬᠤᠲᠠ ᠶᠢᠨ ᠣᠳᠣᠬᠢᠴᠢᠯᠠᠭᠰᠠᠨ ᠬᠤᠲᠠ ᠶᠢᠨ ᠲᠥᠬᠦᠭᠡᠷᠦᠮᠵᠢᠲᠦ | ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ | ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ | ︵ᠠᠷᠪᠠ ᠶᠢᠰᠦ︶ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠎ᠠ᠃ ᠵᠥᠪ ᠤᠯᠤᠰ ᠲᠥᠷᠥ ᠶᠢᠨ ᠴᠢᠭᠯᠡᠯ ᠢ ᠪᠠᠷᠢᠮᠲᠠᠯᠠᠵᠤ᠂ | ᠨᠠᠮ ᠤᠨ ᠤᠳᠤᠷᠢᠳᠤᠯᠭ᠎ᠠ ᠶᠢ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠪᠦᠭᠦ ᠶᠠᠪᠤᠴᠠ ᠡᠯ᠎ᠡ ᠲᠠᠯ᠎ᠠ ᠳᠤ | ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠲᠠᠷᠢᠶᠠᠨ ᠭᠠᠵᠠᠷ ᠢ | ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠠᠶᠢᠭᠠᠯᠢ ᠶᠢᠨ ᠡᠬᠢ ᠪᠠᠶᠠᠯᠢᠭ᠂ ᠬᠥᠳᠡᠭᠡ ᠠᠵᠤ | ᠠᠬᠤᠢ ᠬᠥᠳᠡᠭᠡ ᠲᠣᠰᠬᠤᠨ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠠᠮᠢ ᠠᠬᠤᠢ ᠣᠷᠴᠢᠨ ᠲᠣᠭᠤᠷᠢᠨ᠂ | ᠤᠰᠤᠨ ᠠᠰᠢᠭᠯᠠᠯᠲᠠ᠂ ᠤᠢ ᠰᠢᠭᠤᠢ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠲᠣᠰ ᠰᠠᠨᠠᠯ ᠤᠨ ᠵᠣᠷᠢᠭ ᠰᠠᠨᠠᠭ᠎ᠠ ᠶᠣᠰᠣᠭᠠᠷ᠂ ᠪᠣᠳᠠᠲᠠᠢ ᠲᠠᠢ ᠪᠠᠨ ᠤᠶᠠᠯᠳᠤᠭᠤᠯᠤᠨ ᠢᠵᠢ ᠲᠥᠬᠦᠷ | ᠪᠢᠴᠢᠭ ᠮᠠᠲ᠋ᠧᠷᠢᠶᠠᠯ ᠢ ᠲᠣᠭᠲᠠᠭᠠᠬᠤ ᠶᠢᠨ ᠬᠠᠮᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ | ᠬᠡᠷᠡᠭᠲᠡᠢ᠃ | ︵ᠬᠤᠷᠢ︶ ᠬᠠᠤᠯᠢ ᠬᠡᠷᠡᠭᠵᠢᠭᠦᠯᠬᠦ ᠶᠢ ᠴᠢᠩᠭ᠎ᠠ ᠱᠠᠯᠠᠪᠳᠠᠭᠤᠯᠤᠨ ᠪᠠᠶᠢᠴᠠᠭᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ | ᠬᠠᠲᠠᠭᠤ ᠠᠷᠭ᠎ᠠ ᠬᠡᠮᠵᠢᠶ᠎ᠡ ᠶᠢᠨ ᠠᠵᠢᠯ ᠤᠨ ᠲᠣᠭᠲᠠᠴᠠ ᠶᠢ ᠰᠠᠶᠢᠲᠤᠷ ᠪᠠᠶᠢᠭᠤᠯᠤᠨ ᠪᠦᠷᠢᠨᠰᠢᠭᠦᠯᠵᠦ᠂ ︽ᠣᠬᠲᠣ | ᠠᠭᠤᠴᠢᠯᠠᠬᠤ ᠦᠭᠡᠢ︾ ᠣᠪᠣᠷ ᠢᠶᠠᠷ ᠡᠯ᠎ᠡ ᠲᠥᠷᠥᠯ ᠤᠨ ᠬᠠᠤᠯᠢ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ | ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ | ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠣᠷᠣᠨ ᠨᠤᠲᠤᠭ ᠤᠨ ᠲᠠᠷᠢᠶᠠᠨ ᠭᠠᠵᠠᠷ ᠢ ᠬᠠᠮᠠᠭᠠᠯᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠪᠠᠶᠢᠴᠠᠭᠠᠵᠤ᠂ ᠱᠠᠯᠠᠪᠳᠠᠭᠤᠯᠤᠨ ᠪᠠᠶᠢᠴᠠᠭᠠᠬᠤ | ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ᠂ | ᠱᠠᠯᠠᠪᠳᠠᠭᠤᠯᠤᠨ ᠪᠠᠶᠢᠴᠠᠭᠠᠬᠤ ᠪᠠᠶᠢᠭᠤᠯᠤᠮᠵᠢ ᠬᠢᠭᠡᠳ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠠ | ᠬᠢᠨᠠᠨ ᠪᠤᠳᠤᠬᠤ᠂ ᠵᠣᠬᠢᠶᠠᠨ ᠪᠠᠶᠢᠭᠤᠯᠬᠤ ᠪᠠ ᠠᠵᠢᠯᠲᠠᠨ ᠤ ᠶᠠᠪᠤᠳᠠᠯ ᠵᠡᠷᠭᠡ ᠰᠠᠯᠠᠭ᠎ᠠ ᠮᠥᠴᠢᠷ ᠤᠨ ᠨᠡᠪᠲᠡᠷᠡᠯᠴᠡᠨ | ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠺᠠᠳ᠋ᠷ ᠤᠨ ᠬᠢᠨᠠᠯᠲᠠ ᠶᠢ ᠴᠢᠩᠭᠠᠳᠬᠠᠨ᠂ ᠴᠢᠩᠭ᠎ᠠ ᠬᠠᠷᠢᠭᠤᠴᠠᠯᠭ᠎ᠠ | ᠨᠡᠬᠡᠮᠵᠢᠯᠡᠵᠦ ᠬᠠᠷᠢᠭᠤᠴᠠᠯᠭ᠎ᠠ ᠲᠤᠯᠭᠠᠨ᠎ᠠ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ᠂ ᠱᠠᠯᠠᠪᠳᠠᠭᠤᠯᠤᠨ | ᠪᠠᠶᠢᠴᠠᠭᠠᠬᠤ ᠪᠠᠶᠢᠭᠤᠯᠤᠮᠵᠢ ᠬᠢᠭᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ | ᠪᠠᠶᠢᠴᠠᠭᠠᠬᠤ ᠪᠠᠶᠢᠭᠤᠯᠭ᠎ᠠ ᠵᠡᠷᠭᠡ ᠶᠢᠨ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠬᠢᠭᠡᠳ ᠵᠠᠰᠠᠭ ᠵᠠᠬᠢᠷᠭᠠᠨ ᠤ ᠰᠢᠭᠦᠨ ᠲᠠᠰᠤᠯᠤᠯᠲᠠ᠂ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠠᠵᠢᠯ ᠤᠨ | ᠵᠣᠯᠭᠠᠯᠴᠠᠭ᠎ᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠬᠠᠤᠯᠢ ᠴᠠᠭᠠᠵᠠ ᠶᠢᠨ | ᠲᠠᠰᠤᠯᠤᠯᠳᠠ ᠶᠢᠨ ᠬᠠᠤᠯᠢ ᠴᠠᠭᠠᠵᠠ ᠶᠢ ᠬᠡᠷᠡᠭᠯᠡᠬᠦ ᠪᠠᠷᠢᠮᠵᠢᠶ᠎ᠠ ᠶᠢ ᠨᠢᠭᠡᠳᠦᠯᠲᠡᠢ ᠪᠤᠯᠭᠠᠵᠤ᠂ ᠨᠡᠶᠢᠲᠡ ᠶᠢᠨ ᠠᠰᠠᠷᠠᠮᠵᠢ ᠶᠢᠨ | ᠵᠠᠷᠭᠤ᠂ ᠬᠠᠤᠯᠢ ᠪᠠᠷᠢᠬᠤ ᠰᠠᠨᠠᠭᠤᠯᠭ᠎ᠠ ᠵᠡᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠲᠠᠷᠢᠶᠠᠨ ᠭᠠᠵᠠᠷ ᠢ | ᠴᠡᠭᠴᠡᠯᠡᠨ ᠰᠠᠶᠢᠵᠢᠷᠠᠭᠤᠯᠵᠤ ᠰᠡᠷᠭᠦᠭᠡᠬᠦ ᠳᠤ ᠦᠨᠡᠨ ᠠᠴᠠ ᠵᠥᠪ ᠢ ᠡᠷᠢᠵᠦ᠂ ᠵᠢᠮ᠎ᠡ ᠶᠣᠰᠣ ᠶᠢ ᠬᠦᠨᠳᠦᠳᠬᠡᠨ᠂ | ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠰᠢᠯᠵᠢᠯᠲᠡ ᠶᠢᠨ ᠬᠤᠭᠤᠴᠠᠭ᠎ᠠ ᠶᠢ ᠵᠣᠬᠢᠰᠲᠠᠢ | ᠦᠯᠡᠳᠡᠭᠡᠵᠦ᠂ ᠠᠯᠬᠤᠮ ᠲᠠᠷᠠᠭ᠎ᠠ ᠲᠠᠢ ᠪᠠᠷ ᠠᠬᠢᠭᠤᠯᠬᠤ ᠬᠡᠷᠡᠭᠲᠡᠢ᠃ | ︵ᠬᠤᠷᠢᠨ ᠨᠢᠭᠡ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ | ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠨ᠎ᠡ᠃ ᠨᠡᠶᠢᠭᠡᠮ ᠤᠨ | ᠬᠢᠨᠠᠯᠲᠠ ᠲᠠᠯᠪᠢᠬᠤ ᠠᠷᠭ᠎ᠠ ᠵᠠᠮ ᠢ ᠰᠢᠯᠤᠭᠤᠳᠬᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠶᠠᠪᠤᠳᠠᠯ ᠳᠤ ᠴᠠᠭ | ᠲᠤᠬᠠᠢ ᠳᠤᠨᠢ ᠬᠠᠷᠢᠭᠤᠯᠲᠠ ᠥᠭᠴᠦ᠂ ᠪᠦᠭᠦ ᠨᠡᠶᠢᠭᠡᠮ ᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠨ ᠭᠠᠵᠠᠷ ᠢ ᠴᠢᠩᠭ᠎ᠠ | ᠬᠠᠮᠠᠭᠠᠯᠠᠬᠤ ᠦᠵᠡᠯ ᠤᠬᠠᠮᠰᠠᠷ ᠢ ᠪᠤᠶ ᠪᠤᠯᠭᠠᠵᠤ᠂ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠲᠠᠷᠢᠶᠠᠨ ᠭᠠᠵᠠᠷ ᠢ | ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 24 ᠤ ᠴᠠᠭᠢᠯᠭᠠᠨ ᠮᠡᠳᠡᠭᠡ︶ |