ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︽ᠤᠯᠤᠰ ᠤᠨ ᠪᠠᠶᠠᠷ︾ ᠤᠨ ᠬᠤᠭᠤᠴᠠᠭᠠᠨ ᠳᠠᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/9/30
      ᠤᠯᠤᠰ ᠤᠨ ᠪᠠᠶᠠᠷ ᠤᠨ ᠬᠤᠭᠤᠴᠠᠭᠠᠨ ᠳᠠᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ᠠᠷᠠᠳ ᠣᠯᠠᠨ ᠤ ᠡᠷᠡᠭᠦᠯ ᠮᠡᠨᠳᠦ ᠪᠠ ᠡᠷᠬᠡ ᠠᠰᠢᠭ ᠢ ᠪᠠᠲᠤᠯᠠᠬᠤ ᠶᠢᠨ ᠲᠥᠯᠥᠭᠡ᠂ 9 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠢ ᠱᠠᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ᠂ ᠬᠥᠬᠡᠬᠤᠲᠠ ᠶᠢᠨ ᠰᠠᠶᠢᠬᠠᠨ ᠲᠣᠭᠤᠷᠢᠭ᠂ ᠢᠦᠢ ᠴᠢᠤᠸᠠᠨ ᠲᠣᠭᠤᠷᠢᠭ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠲᠤᠬᠠᠢ ᠶᠢᠨ ᠭᠠᠵᠠᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠯᠲᠠ ᠬᠢᠪᠡ᠃ 
1.png
       ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠶᠢᠩ ᠷᠦᠩ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠯᠢᠦᠢ ᠯᠢᠶᠠᠨ ᠲᠠᠷᠢᠮᠠᠯ ᠤᠨ ᠲᠤᠰᠬᠠᠢ ᠬᠤᠷᠰᠢᠶ᠎ᠠ ᠵᠡᠷᠭᠡ ᠲᠠᠷᠢᠮᠠᠯ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠭᠦᠨᠵᠡᠭᠡᠶᠢᠷᠡᠵᠦ᠂ ᠦᠢᠯᠡᠳᠪᠦᠷᠢᠯᠡᠯ ᠤᠨ ᠭᠤᠣᠯ ᠴᠣᠭᠴᠠ ᠲᠠᠢ ᠶᠠᠷᠢᠯᠴᠠᠬᠤ᠂ ᠯᠠᠪᠯᠠᠨ ᠠᠰᠠᠭᠤᠵᠤ ᠰᠣᠯᠢᠯᠴᠠᠬᠤ᠂ ᠦᠢᠯᠡᠳᠪᠦᠷᠢᠯᠡᠯ ᠤᠨ ᠲᠡᠮᠳᠡᠭᠯᠡᠯ᠂ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠵᠢᠴᠢ ᠬᠢᠵᠢᠭ ᠢ ᠰᠡᠷᠭᠡᠶᠢᠯᠡᠬᠦ ᠲᠡᠮᠳᠡᠭᠯᠡᠯ ᠢ ᠪᠠᠶᠢᠴᠠᠭᠠᠨ ᠦᠵᠡᠬᠦ ᠵᠡᠷᠭᠡ ᠪᠠᠷ ᠳᠠᠮᠵᠢᠭᠤᠯᠤᠨ᠂ ᠲᠠᠷᠢᠶᠠᠨ ᠡᠮ ᠤᠨ ᠬᠡᠷᠡᠭᠯᠡᠯᠲᠡ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠢᠳᠡᠰᠢᠨ ᠨᠣᠭᠤᠭ᠎ᠠ ᠵᠢᠮᠢᠰ ᠢ ᠵᠠᠬ᠎ᠠ ᠳᠡᠯᠭᠡᠭᠦᠷ ᠲᠤ ᠭᠠᠷᠭᠠᠬᠤ ᠵᠢᠴᠢ ᠪᠣᠷᠣᠯᠠᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠦᠢᠯᠡᠳᠬᠦᠨ ᠤ ᠶᠠᠰᠤ ᠴᠢᠨᠠᠷ ᠢ ᠡᠵᠡᠮᠳᠡᠬᠦ᠂ ᠲᠣᠣᠷᠵᠢᠭᠤᠯᠤᠨ ᠬᠠᠮᠢᠶᠠᠷᠬᠤ᠂ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠢ ᠳᠡᠯᠭᠡᠷᠡᠭᠦᠯᠦᠨ ᠬᠡᠷᠡᠭᠯᠡᠬᠦ ᠵᠢᠴᠢ ᠱᠣᠰᠢᠭ᠎ᠠ ᠲᠡᠮᠳᠡᠭ ᠢ ᠢᠯᠡᠳᠬᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠠ᠃ 
2.png
       ᠪᠠᠶᠢᠴᠠᠭᠠᠯᠲᠠ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠪᠠᠶᠠᠷ ᠤᠨ ᠡᠳᠦᠷ ᠤᠨ ᠬᠤᠭᠤᠴᠠᠭᠠᠨ ᠳᠤ ᠭᠤᠣᠯᠳᠠᠯᠭ᠎ᠠ ᠲᠠᠢ ᠵᠠᠬ᠎ᠠ ᠳᠡᠯᠭᠡᠭᠦᠷ ᠲᠤ ᠭᠠᠷᠭᠠᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠶᠤᠯ ᠲᠦᠭᠰᠢᠭᠦᠷᠢ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠦᠢᠯᠡᠳᠪᠦᠷᠢᠯᠡᠯ ᠤᠨ ᠭᠤᠣᠯ ᠴᠣᠭᠴᠠ ᠶᠢ ᠱᠠᠭᠠᠷᠳᠠᠵᠤ ᠪᠠᠶᠢᠭᠠᠳ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠪᠦᠲᠦᠭᠡᠭᠳᠡᠬᠦᠨ ᠤ ᠶᠠᠰᠤ ᠴᠢᠨᠠᠷ ᠢ ᠡᠬᠢ ᠡᠭᠦᠰᠦᠯ ᠠᠴᠠ ᠨᠢ ᠪᠠᠲᠤᠯᠠᠵᠤ᠂ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠢ ᠬᠠᠤᠯᠢ ᠶᠣᠰᠣᠭᠠᠷ ᠭᠠᠷᠳᠠᠭᠤᠯᠵᠤ᠂ ᠪᠣᠷᠣᠯᠠᠭᠤᠯᠤᠭᠰᠠᠨ ᠪᠦᠲᠦᠭᠡᠭᠳᠡᠬᠦᠨ ᠤ ᠢᠷᠡᠯᠲᠡ ᠶᠢ ᠮᠥᠷᠳᠡᠵᠦ ᠪᠣᠯᠬᠤ᠂ ᠶᠠᠰᠤ ᠴᠢᠨᠠᠷ ᠢ ᠪᠠᠲᠤᠯᠠᠭ᠎ᠠ ᠲᠠᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃      ᠢᠳᠡᠭᠡᠨ ᠤ ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠢᠯᠠᠩᠭᠤᠶ᠎ᠠ ᠴᠢᠬᠤᠯᠠ ᠶᠡᠭᠡ ᠪᠠᠶᠠᠷ ᠤᠨ ᠡᠳᠦᠷ ᠤᠨ ᠬᠤᠭᠤᠴᠠᠭᠠᠨ ᠳᠤ ᠨᠡᠩ ᠴᠤ ᠴᠢᠩᠭ᠎ᠠ ᠰᠡᠷᠭᠡᠶᠢᠯᠡᠨ ᠴᠢᠩᠭ᠎ᠠ ᠰᠠᠬᠢᠵᠤ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠪᠢᠳᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠷᠭᠡᠨ ᠣᠯᠠᠨ ᠬᠡᠷᠡᠭᠯᠡᠭᠴᠢᠳ ᠲᠤ ᠠᠮᠤᠷ ᠲᠦᠪᠰᠢᠨ᠂ ᠡᠷᠡᠭᠦᠯ ᠰᠠᠷᠠᠭᠤᠯ ᠢᠳᠡᠭᠡᠨ ᠤ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠥᠯᠵᠡᠢ ᠪᠡᠯᠭᠡ ᠲᠠᠢ ᠠᠮᠤᠷ ᠠᠮᠤᠭᠤᠯᠠᠩ ᠪᠠᠶᠠᠷ ᠤᠨ ᠡᠳᠦᠷ ᠢ ᠦᠨᠡᠨ ᠬᠦ ᠪᠠᠲᠤᠯᠠᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号