ᠨᠠᠮᠤᠷ ᠤᠨ ᠬᠤᠷᠢᠶᠠᠯᠲᠠ ᠶᠢᠨ ᠤᠯᠠᠷᠢᠯ ᠳᠤ᠂ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠢᠶᠠᠷ | ᠵᠢᠯᠤᠭᠤᠳᠬᠤ ᠶᠢ ᠪᠠᠲᠤᠯᠠᠬᠤ ᠨᠢ ᠵᠢᠯᠣᠭᠤᠴᠢ ᠶᠢᠨ ᠠᠮᠤᠷ ᠲᠦᠪᠰᠢᠨ ᠢ ᠬᠠᠮᠠᠭᠠᠯᠠᠬᠤ ᠪᠠᠷ ᠪᠠᠷᠠᠬᠤ ᠦᠭᠡᠢ ᠪᠠᠰᠠ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠥᠨᠳᠥᠷ ᠪᠦᠲᠦᠮᠵᠢᠲᠡᠶ᠂ ᠤᠷᠤᠭᠰᠢᠲᠠᠢ ᠶᠠᠪᠤᠭᠳᠠᠬᠤ ᠶᠢ | ᠪᠠᠲᠤᠯᠠᠬᠤ ᠶᠢᠨ ᠤᠷᠢᠲᠠᠯ ᠪᠣᠯᠣᠨ᠎ᠠ᠃ ᠵᠢᠯᠤᠭᠤᠳᠬᠤ ᠳᠠᠳᠬᠠᠯ ᠪᠠ ᠰᠠᠶᠢᠨ ᠰᠠᠶᠢᠬᠠᠨ ᠠᠮᠤᠷ ᠲᠦᠪᠰᠢᠨ ᠤ ᠦᠵᠡᠯ | ᠤᠬᠠᠮᠰᠠᠷ ᠢ ᠵᠢᠷᠤᠮᠵᠢᠭᠤᠯᠵᠤ᠂ ᠲᠠᠷᠢᠶᠠᠯᠠᠩ ᠤᠨ ᠮᠠᠰᠢᠨ ᠤ ᠠᠳᠡᠯ ᠭᠠᠷᠬᠤ ᠶᠢ ᠢᠯᠡᠳᠲᠡ ᠪᠠᠭᠠᠰᠬᠠᠨ᠎ᠠ᠂ ᠲᠠ ᠪᠣᠯᠣᠨ | ᠪᠤᠰᠤᠳ ᠬᠥᠮᠥᠨ ᠤ ᠠᠮᠤᠷ ᠲᠦᠪᠰᠢᠨ ᠢ ᠪᠠᠲᠤᠯᠠᠵᠤ᠂ ᠠᠮᠤ ᠪᠤᠳᠠᠭᠠᠨ ᠤ ᠮᠥᠬᠦᠯᠢᠭ ᠢ ᠬᠥᠮᠥᠷᠭᠡ ᠳᠤ | ᠣᠷᠣᠭᠤᠯᠬᠤ ᠶᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠰᠠᠨᠠᠭᠤᠯᠵᠤ ᠪᠠᠶᠢᠨ᠎ᠠ᠄ | | | | ᠨᠢᠭᠡ᠂ ᠠᠵᠢᠯ ᠤᠨ ᠡᠮᠦᠨᠡᠬᠢ ᠪᠡᠯᠡᠳᠬᠡᠯ | 1. ᠴᠢᠯᠠᠭᠤᠨ ᠲᠣᠰᠣᠨ ᠤ ᠰᠠᠯᠠᠭ᠎ᠠ ᠮᠥᠴᠢᠷ ᠯᠦᠭᠡ ᠨᠠᠮᠤᠷ ᠤᠨ ᠬᠤᠷᠢᠶᠠᠯᠲᠠ ᠶᠢᠨ ᠬᠠᠷᠠᠭᠠᠯᠵᠠᠯᠲᠤ ᠲᠣᠰᠣ | ᠨᠡᠮᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠲᠣᠰᠣ ᠬᠠᠩᠭᠠᠬᠤ ᠲᠤᠰᠬᠠᠢ ᠲᠡᠷᠭᠡ | ᠬᠥᠰᠬᠡ ᠶᠢ ᠪᠠᠶᠢᠴᠠᠭᠠᠨ ᠪᠡᠯᠡᠳᠬᠡᠵᠦ᠂ ᠴᠠᠭ ᠲᠤᠬᠠᠢ ᠳᠤᠨᠢ ᠲᠠᠷᠢᠶᠠᠨ ᠭᠠᠵᠠᠷ ᠲᠤ ᠲᠣᠰᠣ ᠬᠦᠷᠭᠡᠬᠦ ᠬᠡᠷᠡᠭᠲᠡᠢ᠃ | 2. ᠠᠵᠢᠯᠯᠠᠭᠤᠯᠬᠤ ᠠᠴᠠ ᠪᠠᠨ ᠡᠮᠦᠨ᠎ᠡ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠬᠡᠷᠡᠭᠯᠡᠬᠦ ᠵᠦᠭᠯᠡᠭᠦᠷ | ᠪᠣᠯᠣᠨ ᠠᠶᠤᠯᠭᠦᠢ ᠶᠢᠨ ᠡᠷᠬᠡᠪᠰᠢ ᠮᠡᠳᠡᠬᠦ ᠵᠦᠢᠯ ᠢ ᠡᠷᠬᠡᠪᠰᠢ ᠪᠣᠯᠪᠠᠰᠤᠷᠠᠩᠭᠤᠢ ᠤᠩᠰᠢᠵᠤ᠂ ᠢᠯᠠᠩᠭᠤᠶ᠎ᠠ | ᠰᠡᠷᠡᠮᠵᠢᠯᠡᠭᠦᠯᠬᠦ ᠲᠡᠮᠳᠡᠭ ᠲᠠᠢ ᠬᠡᠰᠡᠭ ᠲᠤ ᠭᠡᠷᠡᠯ ᠣᠶᠢᠬᠤ ᠨᠠᠭᠠᠯᠲᠠ ᠵᠡᠷᠭᠡ ᠠᠶᠤᠯᠭᠦᠢ ᠶᠢᠨ ᠲᠡᠮᠳᠡᠭ ᠤᠨ | ᠵᠢᠷᠤᠮᠵᠢᠯ ᠲᠠᠢ ᠨᠠᠭᠠᠯᠲᠠ ᠶᠢ ᠰᠠᠶᠢᠲᠤᠷ ᠬᠢᠬᠦ ᠬᠡᠷᠡᠭᠲᠡᠢ᠃ | 3. ᠵᠢᠯᠣᠭᠤᠳᠬᠤ ᠵᠢᠯᠣᠭᠤᠴᠢ ᠨᠢ ᠡᠷᠬᠡᠪᠰᠢ ᠬᠦᠴᠦᠨ ᠪᠦᠬᠦᠢ ᠵᠢᠯᠣᠭᠤᠴᠢ ᠶᠢᠨ ᠦᠨᠡᠮᠯᠡᠯ ᠲᠠᠢ ᠪᠠᠶᠢᠬᠤ | ᠬᠡᠷᠡᠭᠲᠡᠢ ᠪᠥᠭᠡᠳ ᠵᠢᠯᠤᠭᠤᠳᠬᠤ ᠶᠢ ᠵᠥᠪᠰᠢᠶᠡᠷᠡᠭᠰᠡᠨ ᠮᠠᠰᠢᠨ ᠤ ᠬᠡᠯᠪᠡᠷᠢ ᠲᠠᠢ ᠨᠡᠶᠢᠴᠡᠭᠰᠡᠨ ᠪᠠᠶᠢᠬᠤ ᠬᠡᠷᠡᠭᠲᠡᠢ᠃ | 4. ᠲᠠᠷᠢᠶᠠᠨ ᠠᠵᠢᠯ ᠤᠨ ᠲᠤᠬᠠᠢ ᠶᠢᠨ ᠲᠠᠯᠠᠪᠤᠷ ᠢ ᠨᠠᠷᠢᠨ ᠨᠢᠮᠪᠠᠢ ᠬᠠᠶᠢᠨ ᠪᠠᠶᠢᠴᠠᠭᠠᠵᠤ᠂ ᠬᠠᠷᠰᠢ ᠰᠠᠭᠠᠳ ᠢ | ᠠᠷᠢᠯᠭᠠᠨ᠂ ᠴᠠᠬᠢᠯᠭᠠᠨ ᠤᠲᠠᠰᠤᠨ ᠤ ᠱᠣᠩ᠂ ᠡᠯᠳᠡᠪ ᠪᠣᠳᠠᠰ᠂ ᠬᠤᠳᠳᠤᠭ ᠤᠨ ᠠᠮᠠᠰᠠᠷ ᠵᠡᠷᠭᠡ ᠬᠠᠷᠰᠢ ᠰᠠᠭᠠᠳ᠂ | ᠠᠶᠤᠯ ᠲᠠᠢ ᠭᠠᠵᠠᠷ ᠲᠤ ᠢᠯᠡ ᠲᠣᠳᠣ ᠲᠡᠮᠳᠡᠭ ᠲᠠᠯᠪᠢᠵᠤ᠂ ᠠᠵᠢᠯᠯᠠᠬᠤ ᠣᠷᠣᠨ ᠳᠤ ᠰᠤᠯᠠ ᠬᠥᠮᠥᠨ ᠦᠯᠡᠳᠡᠬᠦ | ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | 5. ᠵᠢᠯᠣᠭᠤᠴᠢ ᠪᠠ ᠠᠵᠢᠯ ᠳᠤ ᠣᠷᠣᠯᠴᠠᠵᠤ ᠲᠤᠰᠠᠯᠠᠬᠤ ᠬᠥᠮᠥᠰ ᠲᠤ ᠬᠡᠷᠡᠯ ᠣᠶᠢᠬᠤ ᠵᠡᠷᠭᠡ ᠠᠮᠤᠷ | ᠲᠦᠪᠰᠢᠨ ᠤ ᠰᠠᠨᠠᠭᠤᠯᠤᠮᠵᠢ ᠶᠢᠨ ᠬᠤᠪᠴᠠᠰᠤ ᠡᠮᠦᠰᠬᠡᠬᠦ ᠶᠢ ᠰᠠᠨᠠᠭᠤᠯᠵᠤ᠂ ᠬᠤᠪᠴᠠᠰᠤ ᠬᠤᠨᠠᠷ ᠢ ᠣᠷᠢᠶᠠᠨ | ᠡᠯᠭᠦᠬᠦ ᠠᠴᠠ ᠵᠠᠶᠢᠯᠠᠰᠬᠢᠵᠦ᠂ ᠣᠷᠳᠣ ᠭᠡᠵᠢᠭᠡ ᠲᠠᠯᠪᠢᠭᠰᠠᠨ ᠪᠠᠶᠢᠪᠠᠯ ᠭᠡᠵᠢᠭᠡ ᠪᠠᠨ ᠣᠷᠢᠶᠠᠵᠤ᠂ ᠠᠵᠢᠯ ᠤᠨ ᠮᠠᠯᠠᠭᠠᠢ | ᠡᠮᠦᠰᠬᠡᠬᠦ ᠬᠡᠷᠡᠭᠲᠡᠢ᠃ ᠬᠤᠷᠢᠶᠠᠬᠤ ᠮᠠᠰᠢᠨ ᠢᠶᠠᠷ ᠠᠵᠢᠯᠯᠠᠬᠤ ᠠᠴᠠ ᠡᠮᠦᠨ᠎ᠡ ᠲᠠᠮᠠᠬᠢ ᠲᠠᠲᠠᠬᠤ ᠪᠠ ᠢᠯᠡ ᠭᠠᠯ | ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ | 6. ᠰᠥᠨᠢ ᠠᠵᠢᠯᠯᠠᠬᠤ ᠳᠠᠭᠠᠨ ᠭᠡᠷᠡᠯᠳᠦᠬᠦᠯᠬᠦ ᠲᠥᠬᠦᠭᠡᠷᠦᠮᠵᠢ ᠶᠢ ᠭᠦᠢᠴᠡᠳ ᠲᠣᠬᠢᠷᠠᠭᠤᠯᠬᠤ ᠬᠡᠷᠡᠭᠲᠡᠢ᠂ | ᠢᠯᠠ ᠭᠠᠯ ᠢᠶᠠᠷ ᠭᠡᠷᠡᠯᠳᠦᠬᠦᠯᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ | 7. ᠡᠯ᠎ᠡ ᠱᠠᠲᠤᠨ ᠤ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡᠨ ᠤ | ᠠᠩᠭᠢ ᠶᠢᠨ ᠦᠢᠯᠡᠳᠦᠯ ᠢ ᠳᠠᠶᠢᠴᠢᠯᠠᠬᠤ ᠪᠠ ᠤᠯᠠᠮ ᠨᠢᠭᠡ ᠠᠯᠬᠤᠮ ᠪᠠᠳᠠᠷᠠᠭᠤᠯᠬᠤ ᠶᠢ ᠲᠦᠷᠭᠡᠳᠬᠡᠵᠦ᠂ ᠭᠢᠨᠵᠢᠲᠦ | ᠬᠡᠯᠪᠡᠷᠢ ᠶᠢᠨ ᠠᠵᠢᠯᠯᠠᠬᠤ ᠮᠠᠰᠢᠨ ᠪᠠᠭᠠᠵᠢ ᠶᠢ ᠤᠷᠢᠳᠴᠢᠯᠠᠨ ᠨᠥᠭᠡᠴᠡᠯᠡᠬᠦ ᠪᠤᠶᠤ ᠰᠢᠯᠵᠢᠭᠦᠯᠦᠨ ᠬᠡᠷᠡᠭᠯᠡᠵᠦ᠂ | ᠤᠰᠤᠳᠤᠯ ᠳᠤ ᠠᠪᠲᠠᠭᠳᠠᠭᠰᠠᠨ ᠭᠠᠵᠠᠷ ᠤᠨ ᠲᠠᠷᠢᠮᠠᠯ ᠢ ᠤᠷᠢᠳᠠᠪᠠᠷ ᠬᠠᠳᠤᠵᠤ ᠬᠤᠷᠢᠶᠠᠬᠤ ᠬᠡᠷᠡᠭᠲᠡᠢ᠃ | 8. ᠣᠷᠣᠨ ᠠᠯᠤᠰᠯᠠᠨ ᠮᠠᠰᠢᠨ ᠢᠶᠠᠷ ᠬᠤᠷᠢᠶᠠᠬᠤ ᠠᠵᠢᠯ ᠤᠨ ᠡᠯ᠎ᠡ ᠵᠦᠢᠯ ᠤᠨ ᠦᠢᠯᠡᠴᠢᠯᠡᠭᠡᠨ ᠢ | ᠴᠢᠩᠭᠠᠳᠬᠠᠵᠤ᠂ ᠵᠠᠮ ᠲᠡᠭᠡᠭᠡᠪᠦᠷᠢ ᠶᠢᠨ ᠵᠠᠮ ᠥᠩᠭᠡᠷᠡᠬᠦ ᠬᠥᠭᠦᠷᠭᠡ ᠥᠩᠭᠡᠷᠡᠬᠦ ᠰᠦᠢᠳᠬᠡᠯ ᠳᠤ ᠰᠦᠢᠳᠬᠡᠯ | ᠬᠤᠷᠢᠶᠠᠬᠤ ᠦᠭᠡᠢ ᠪᠠᠷ ᠨᠡᠪᠲᠡᠷᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠣᠷᠣᠨ ᠠᠯᠤᠰᠯᠠᠨ | ᠠᠵᠢᠯᠯᠠᠬᠤ ᠦᠢᠯᠡᠴᠢᠯᠡᠭᠡᠨ ᠤ ᠦᠨᠡᠮᠯᠡᠯ ᠢ ᠵᠦᠢ ᠵᠣᠬᠢᠰᠲᠠᠢ ᠬᠡᠷᠡᠭᠯᠡᠵᠦ᠂ ᠡᠮᠬᠢ ᠵᠢᠷᠤᠮ ᠲᠠᠢ ᠪᠠᠷ ᠬᠥᠲᠥᠯᠥᠨ | ᠵᠢᠯᠤᠭᠤᠳᠴᠤ ᠠᠵᠢᠯᠯᠠᠭᠤᠯᠤᠨ᠎ᠠ᠃ | 9. ᠨᠠᠮᠤᠷ ᠤᠨ ᠬᠤᠷᠢᠶᠠᠯᠲᠠ ᠶᠢᠨ ᠠᠵᠢᠯ ᠤᠨ ᠮᠠᠰᠢᠨ ᠪᠠᠭᠠᠵᠢ ᠶᠢᠨ ᠰᠡᠯᠪᠢᠭ ᠲᠣᠨᠤᠭ ᠢ ᠨᠥᠭᠡᠴᠡᠯᠡᠬᠦ ᠪᠠ | ᠬᠠᠩᠭᠠᠬᠤ ᠶᠢ ᠰᠠᠶᠢᠲᠤᠷ ᠬᠢᠨ᠎ᠡ᠃ | ᠬᠤᠶᠠᠷ᠂ ᠠᠵᠢᠯ ᠤᠨ ᠠᠩᠬᠠᠷᠬᠤ ᠵᠦᠢᠯ | 1. ᠠᠵᠢᠯ ᠡᠬᠢᠯᠡᠬᠦ ᠠᠴᠠ ᠡᠮᠦᠨ᠎ᠡ᠂ ᠠᠵᠢᠯ ᠤᠨ ᠭᠠᠵᠠᠷ ᠤᠨ ᠲᠠᠷᠢᠶᠠᠨ ᠭᠠᠵᠠᠷ ᠤᠨ ᠵᠠᠬ᠎ᠠ ᠳᠤ ᠠᠵᠢᠯ ᠤᠨ | ᠰᠠᠨᠠᠭᠤᠯᠤᠮᠵᠢ ᠶᠢᠨ ᠫᠠᠶᠢᠰᠠ ᠲᠠᠯᠪᠢᠬᠤ ᠶᠢ ᠰᠠᠨᠠᠭᠤᠯᠤᠨ᠎ᠠ᠃ | 2. ᠠᠵᠢᠯ ᠲᠠᠢ ᠬᠤᠯᠪᠣᠭᠳᠠᠯ ᠦᠭᠡᠢ ᠬᠥᠮᠥᠰ ᠤᠨ ᠠᠵᠢᠯ ᠤᠨ ᠲᠤᠬᠠᠢ ᠶᠢᠨ ᠲᠠᠯᠠᠪᠤᠷ ᠲᠤ ᠣᠷᠣᠬᠤ ᠶᠢ | ᠴᠠᠭᠠᠵᠠᠯᠠᠨ᠎ᠠ᠃ | 3. ᠠᠷᠢᠬᠢ ᠤᠤᠭᠤᠭᠰᠠᠨ ᠤ ᠳᠠᠷᠠᠭ᠎ᠠ ᠪᠤᠶᠤ ᠮᠠᠭᠠᠳᠯᠠᠬᠤ ᠴᠢᠳᠠᠪᠤᠷᠢ ᠶᠢ ᠨᠥᠯᠥᠭᠡᠯᠡᠬᠦ ᠡᠮ ᠢ ᠤᠤᠭᠤᠵᠤ | ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠵᠢᠯᠣᠭᠤᠳᠤᠨ ᠠᠵᠢᠯᠯᠠᠭᠤᠯᠬᠤ ᠶᠢ ᠴᠢᠩᠭ᠎ᠠ ᠴᠠᠭᠠᠵᠠᠯᠠᠨ᠎ᠠ᠃ ᠠᠷᠢᠬᠢ | ᠤᠤᠭᠤᠵᠤ ᠲᠡᠷᠭᠡ ᠵᠢᠯᠤᠭᠤᠳᠬᠤ ᠶᠢ ᠴᠢᠩᠭ᠎ᠠ ᠴᠠᠭᠠᠵᠠᠯᠠᠨ᠎ᠠ᠃ | 4. ᠲᠠᠷᠢᠶᠠᠯᠠᠩ ᠤᠨ ᠮᠠᠰᠢᠨ ᠪᠠᠭᠠᠵᠢ ᠶᠢ ᠵᠢᠯᠤᠭᠤᠳᠬᠤ ᠳᠠᠭᠠᠨ ᠬᠡᠲᠦᠷᠡᠲᠡᠯ᠎ᠡ ᠲᠡᠭᠡᠭᠡᠵᠦ ᠪᠣᠯᠬᠤ ᠦᠭᠡᠢ᠂ | ᠲᠣᠭᠲᠠᠭᠠᠯ ᠠᠴᠠ ᠵᠥᠷᠢᠴᠡᠨ ᠬᠥᠮᠥᠨ ᠲᠡᠭᠡᠭᠡᠵᠦ ᠪᠣᠯᠬᠤ ᠦᠭᠡᠢ᠂ ᠵᠢᠯᠣᠭᠤᠴᠢ ᠶᠠᠳᠠᠷᠠᠭᠤ ᠪᠠᠷ ᠲᠡᠷᠭᠡ | ᠵᠢᠯᠤᠭᠤᠳᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ | 5. ᠡᠬᠢᠯᠡᠵᠦ ᠶᠠᠪᠤᠬᠤ ︵ᠲᠡᠷᠭᠡ ᠤᠬᠤᠷᠢᠭᠤᠯᠬᠤ︶ ᠠᠴᠠ ᠡᠮᠦᠨ᠎ᠡ᠂ ᠲᠠᠷᠢᠶᠠᠯᠠᠩ ᠮᠠᠯ ᠠᠵᠤ ᠠᠬᠤᠢ ᠶᠢᠨ | ᠮᠠᠰᠢᠨ ᠤ ᠡᠮᠦᠨ᠎ᠡ ᠲᠠᠯ᠎ᠠ ︵ᠠᠷᠤ ᠲᠠᠯ᠎ᠠ︶ ᠶᠢᠨ ᠪᠠᠶᠢᠳᠠᠯ ᠢ ᠪᠠᠶᠢᠴᠠᠭᠠᠨ ᠦᠵᠡᠵᠦ᠂ ᠡᠷᠬᠢᠨ ᠲᠣᠭᠤᠷᠢᠨ ᠳᠤ ᠬᠥᠮᠥᠨ | ᠪᠤᠶᠤ ᠬᠠᠷᠰᠢ ᠰᠠᠭᠠᠳ ᠪᠠᠶᠢᠬᠤ ᠡᠰᠡᠬᠦ ᠶᠢ ᠠᠵᠢᠭᠯᠠᠵᠤ᠂ ᠠᠶᠤᠯ ᠦᠭᠡᠢ ᠶᠢ ᠨᠤᠲᠠᠯᠠᠭᠰᠠᠨ ᠤ ᠲᠠᠷᠠᠭ᠎ᠠ ᠡᠬᠢᠯᠡᠵᠦ | ᠶᠠᠪᠤᠬᠤ ︵ᠲᠡᠷᠭᠡ ᠤᠬᠤᠷᠢᠭᠤᠯᠬᠤ︶ ᠬᠡᠷᠡᠭᠲᠡᠢ᠃ | 6. ᠠᠵᠢᠯᠯᠠᠬᠤ ᠭᠠᠵᠠᠷ ᠤᠨ ᠨᠠᠯᠠᠤᠴᠠ ᠨᠢ ᠠᠵᠢᠯᠯᠠᠬᠤ ᠮᠠᠰᠢᠨ ᠤ ᠬᠡᠯᠪᠡᠷᠢ ᠶᠢ ᠬᠡᠷᠡᠭᠯᠡᠬᠦ | ᠲᠣᠳᠣᠷᠬᠠᠶᠢᠯᠠᠯᠲᠠ ᠶᠢᠨ ᠪᠢᠴᠢᠭ ᠲᠤ ᠲᠣᠭᠲᠠᠭᠠᠭᠰᠠᠨ ᠵᠥᠪᠰᠢᠶᠡᠷᠡᠬᠦ ᠬᠡᠮᠵᠢᠭᠳᠡᠯ ᠠᠴᠠ ᠶᠡᠭᠡ ᠪᠠᠶᠢᠪᠠᠯ ᠠᠵᠢᠯᠯᠠᠵᠤ | ᠪᠣᠯᠬᠤ ᠦᠭᠡᠢ᠃ ᠠᠮᠤᠷ ᠲᠦᠪᠰᠢᠨ ᠤ ᠴᠢᠨᠠᠷ ᠨᠢ ᠲᠣᠳᠣᠷᠬᠠᠢ ᠦᠭᠡᠢ ᠵᠠᠮ ᠲᠣᠬᠢᠶᠠᠯᠳᠤᠪᠠᠯ ᠲᠡᠷᠭᠡ ᠪᠠᠨ | ᠵᠣᠭᠰᠣᠭᠠᠵᠤ ᠪᠠᠶᠢᠴᠠᠭᠠᠯᠲᠠ ᠬᠢᠵᠦ᠂ ᠠᠮᠤᠷ ᠲᠦᠪᠰᠢᠨ ᠢ ᠨᠤᠲᠠᠯᠠᠭᠰᠠᠨ ᠤ ᠳᠠᠷᠠᠭ᠎ᠠ ᠥᠩᠭᠡᠷᠡᠬᠦ ᠬᠡᠷᠡᠭᠲᠡᠢ᠃ | 7. ᠮᠠᠰᠢᠨ ᠠᠵᠢᠯᠯᠠᠬᠤ ᠦᠶ᠎ᠡ ᠳᠤ ᠬᠠᠷᠰᠢ ᠰᠠᠭᠠᠳ ᠢ ᠠᠷᠢᠯᠭᠠᠬᠤ ᠶᠢ ᠴᠢᠩᠭ᠎ᠠ ᠴᠠᠭᠠᠵᠠᠯᠠᠵᠤ᠂ ᠠᠮᠤᠷ | ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠪᠠᠶᠢᠷᠢᠨ ᠳᠤ ᠭᠡᠨᠡᠨ ᠢᠶᠠᠷ ᠣᠷᠣᠵᠤ ᠰᠠᠭᠠᠳ ᠲᠣᠳᠬᠠᠷ ᠢ | ᠠᠷᠢᠯᠭᠠᠬᠤ ᠶᠢ ᠴᠢᠩᠭ᠎ᠠ ᠴᠠᠭᠠᠵᠠᠯᠠᠨ᠎ᠠ᠃ ᠠᠵᠢᠯᠯᠠᠬᠤ ᠶᠠᠪᠤᠴᠠ ᠳᠤ᠂ ᠬᠡᠷᠪᠡ ᠠᠵᠢᠯᠯᠠᠬᠤ ᠲᠥᠬᠦᠭᠡᠷᠦᠮᠵᠢ ᠳᠤ ᠡᠪᠡᠰᠦ | ᠣᠷᠢᠶᠠᠬᠤ᠂ ᠪᠥᠭᠯᠡᠷᠡᠬᠦ ᠵᠡᠷᠭᠡ ᠪᠠᠶᠢᠳᠠᠯ ᠭᠠᠷᠪᠠᠯ᠂ ᠮᠠᠰᠢᠨ ᠢᠶᠠᠨ ᠵᠣᠭᠰᠣᠭᠠᠵᠤ ᠤᠨᠲᠠᠷᠠᠭᠠᠭᠰᠠᠨ ᠤ ᠳᠠᠷᠠᠭ᠎ᠠ ᠴᠡᠪᠡᠷᠯᠡᠬᠦ | ᠬᠡᠷᠡᠭᠲᠡᠢ᠃ ᠲᠠᠷᠢᠶᠠᠯᠠᠩ ᠤᠨ ᠪᠠᠭᠠᠵᠢ ᠬᠡᠷᠡᠭᠰᠡᠯ ᠤᠨ ᠳᠡᠭᠡᠷᠡᠬᠢ ᠰᠢᠪᠠᠷ ᠰᠢᠷᠣᠢ ᠪᠠ ᠪᠤᠵᠠᠷ ᠡᠪᠡᠰᠦ ᠶᠢ ᠭᠠᠷ | ᠬᠥᠯ ᠢᠶᠠᠷ ᠢᠶᠠᠨ ᠴᠡᠪᠡᠷᠯᠡᠨ ᠠᠷᠢᠯᠭᠠᠵᠤ ᠪᠣᠯᠬᠤ ᠦᠭᠡᠢ᠂ ᠠᠮᠤ ᠪᠤᠳᠠᠭ᠎ᠠ ᠭᠠᠷᠭᠠᠬᠤ ᠠᠮᠠᠰᠠᠷ ᠪᠤᠶᠤ ᠡᠪᠡᠰᠦ ᠭᠠᠷᠭᠠᠬᠤ | ᠠᠮᠠᠰᠠᠷ ᠲᠤ ᠭᠠᠷ ᠢᠶᠠᠨ ᠰᠤᠩᠭᠠᠨ ᠣᠷᠣᠭᠤᠯᠵᠤ ᠪᠥᠭᠯᠡᠬᠦ ᠶᠢ ᠴᠡᠭᠡᠷᠯᠡᠨ᠎ᠡ᠃ | 8. ᠲᠠᠷᠢᠶᠠᠨ ᠭᠠᠵᠠᠷ ᠲᠤ ᠣᠷᠣᠵᠤ ᠬᠠᠳᠤᠵᠤ ᠬᠤᠷᠢᠶᠠᠬᠤ᠂ ᠵᠥᠭᠡᠭᠡᠪᠦᠷᠢᠯᠡᠬᠦ ᠠᠵᠢᠯ ᠬᠢᠵᠦ ᠪᠠᠶᠢᠭ᠎ᠠ | ᠳᠣᠲᠣᠭᠠᠳᠤ ᠰᠢᠳᠡᠯᠳᠠ ᠶᠢᠨ ᠮᠠᠰᠢᠨ ᠵᠡᠪᠰᠡᠭ ᠲᠤ ᠭᠠᠯ ᠰᠡᠷᠭᠡᠶᠢᠯᠡᠬᠦ ᠪᠦᠷᠬᠦᠭᠦᠯ ᠵᠡᠭᠦᠵᠦ᠂ ᠭᠠᠯ ᠤᠨᠲᠠᠷᠠᠭᠠᠭᠤᠷ | ᠵᠡᠷᠭᠡ ᠭᠠᠯ ᠤᠨᠲᠠᠷᠠᠭᠠᠬᠤ ᠬᠡᠷᠡᠭᠰᠡᠯ ᠢ ᠲᠣᠬᠢᠷᠠᠭᠤᠯᠬᠤ ᠬᠡᠷᠡᠭᠲᠡᠢ᠃ | 9. ᠬᠠᠷᠢᠴᠠᠩᠭᠤᠢ ᠨᠢᠭᠲᠠ ᠪᠢᠲᠡᠭᠦᠮᠵᠢᠯᠡᠭᠰᠡᠨ ᠣᠷᠴᠢᠨ ᠲᠣᠭᠤᠷᠢᠨ ᠳᠤ ᠲᠠᠷᠢᠶᠠᠯᠠᠩ ᠮᠠᠯ ᠠᠵᠤ ᠠᠬᠤᠢ ᠶᠢᠨ | ᠮᠠᠰᠢᠨ ᠢ ᠠᠵᠢᠯᠯᠠᠭᠤᠯᠬᠤ ᠳᠤ᠂ ᠠᠭᠠᠷ ᠰᠣᠯᠢᠬᠤ ᠳᠡᠪᠢᠭᠦᠷ ᠢ ᠨᠡᠭᠡᠭᠡᠬᠦ ᠪᠤᠶᠤ ᠡᠭᠦᠳᠡ ᠴᠣᠩᠬᠤ ᠶᠢ ᠨᠡᠭᠡᠭᠡᠵᠦ᠂ | ᠲᠠᠯᠠᠪᠤᠷ ᠭᠠᠵᠠᠷ ᠤᠨ ᠰᠠᠯᠬᠢ ᠰᠠᠶᠢᠨ ᠨᠡᠪᠲᠡᠷᠡᠬᠦ ᠶᠢ ᠪᠠᠲᠤᠯᠠᠵᠤ᠂ ᠰᠡᠭᠦᠯ ᠤᠨ ᠬᠡᠢ ᠳᠤ ᠬᠤᠣᠷᠳᠠᠭᠳᠠᠬᠤ ᠠᠴᠠ | ᠵᠠᠶᠢᠯᠠᠰᠬᠢᠬᠦ ᠬᠡᠷᠡᠭᠲᠡᠢ᠃ | ᠭᠤᠷᠪᠠ ᠂ ᠬᠠᠮᠠᠭᠠᠯᠠᠬᠤ ᠪᠠ ᠠᠷᠠᠴᠢᠯᠠᠬᠤ | 1. ᠠᠵᠢᠯᠯᠠᠭᠰᠠᠨ ᠤ ᠲᠠᠷᠠᠭ᠎ᠠ ᠲᠠᠷᠢᠶᠠᠯᠠᠩ ᠤᠨ ᠮᠠᠰᠢᠨ ᠪᠠᠭᠠᠵᠢ ᠶᠢᠨ ᠳᠣᠲᠣᠷ᠎ᠠ ᠭᠠᠳᠠᠨᠠᠬᠢ ᠦᠯᠡᠳᠡᠭᠳᠡᠯ | ᠪᠣᠳᠠᠰ ᠪᠠ ᠳᠠᠭᠠᠯᠲᠠ ᠪᠣᠳᠠᠰ ᠢ ᠴᠠᠭ ᠲᠤᠬᠠᠢ ᠳᠤᠨᠢ ᠴᠡᠪᠡᠷᠯᠡᠨ ᠠᠷᠢᠯᠭᠠᠬᠤ ᠬᠡᠷᠡᠭᠲᠡᠢ᠃ ᠲᠠᠷᠢᠶᠠᠯᠠᠩ ᠤᠨ ᠮᠠᠰᠢᠨ | ᠪᠠᠭᠠᠵᠢ ᠶᠢᠨ ᠠᠮᠤᠷ ᠲᠦᠪᠰᠢᠨ ᠤ ᠲᠠᠯᠳᠠ ᠭᠡᠮ ᠢ ᠦᠷᠭᠦᠯᠵᠢ ᠵᠢᠭᠰᠠᠭᠠᠨ ᠪᠠᠶᠢᠴᠠᠭᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠬᠠᠮᠠᠭᠠᠯᠠᠨ ᠠᠷᠠᠴᠢᠯᠠᠬᠤ ᠬᠡᠷᠡᠭᠲᠡᠢ᠃ | 2. ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠬᠠᠳᠠᠭᠠᠯᠠᠵᠤ ᠪᠠᠶᠢᠭ᠎ᠠ ᠭᠠᠵᠠᠷ ᠲᠤ ᠬᠤᠸᠠᠷ ᠫᠤᠤᠵᠢᠩ | ᠲᠠᠯᠪᠢᠬᠤ ᠶᠢ ᠴᠢᠩᠭ᠎ᠠ ᠴᠠᠭᠠᠵᠠᠯᠠᠵᠤ᠂ ᠭᠠᠯ ᠤᠨᠲᠠᠷᠠᠭᠠᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠠᠪᠴᠤ | ᠲᠠᠯᠪᠢᠬᠤ ᠳᠤ ᠬᠢᠯᠪᠡᠷ ᠣᠷᠣᠨ ᠪᠠᠶᠢᠷᠢ ᠳᠤ ᠭᠦᠢᠴᠡᠳ ᠪᠥᠭᠡᠳ ᠪᠦᠲᠦᠮᠵᠢᠲᠡᠶ ᠭᠠᠯ ᠤᠨᠲᠠᠷᠠᠭᠠᠭᠤᠷ ᠢ | ᠲᠣᠬᠢᠷᠠᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠬᠤ ᠶᠢ ᠰᠠᠶᠢᠲᠤᠷ ᠬᠢᠬᠦ ᠬᠡᠷᠡᠭᠲᠡᠢ᠃ | 3. ᠲᠠᠷᠢᠶᠠᠯᠠᠩ ᠤᠨ ᠮᠠᠰᠢᠨ ᠪᠠᠭᠠᠵᠢ ᠶᠢ ᠬᠠᠳᠠᠭᠠᠯᠠᠬᠤ ᠪᠠᠶᠢᠭ᠎ᠠ ᠭᠡᠷ ᠳᠣᠲᠣᠷ᠎ᠠ ᠭᠠᠯ ᠬᠡᠷᠡᠭᠯᠡᠵᠦ ᠠᠵᠢᠯᠯᠠᠬᠤ᠂ | ᠲᠣᠭᠲᠠᠭᠠᠯ ᠢ ᠵᠥᠷᠢᠴᠡᠨ ᠴᠠᠬᠢᠯᠭᠠᠨ ᠭᠠᠩᠨᠠᠯᠲᠠ ᠬᠡᠷᠡᠭᠯᠡᠬᠦ ᠵᠡᠷᠭᠡ ᠨᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠮᠥᠨ︔ | ᠰᠠᠨᠠᠭᠠᠨ ᠳᠤ ᠦᠭᠡᠢ ᠬᠡᠷᠡᠭ ᠭᠠᠷᠪᠠᠯ᠂ ᠴᠠᠬᠢᠯᠭᠠᠨ ᠡᠭᠦᠰᠬᠡᠭᠴᠢ ᠪᠣᠯᠣᠨ ᠲᠤᠰᠤᠨ ᠵᠠᠮ ᠢ ᠳᠠᠷᠤᠢ ᠳᠤᠨᠢ | ᠲᠠᠰᠤᠯᠬᠤ ᠶᠢᠨ ᠬᠠᠮᠲᠤ ᠴᠠᠭ ᠲᠤᠬᠠᠢ ᠳᠤᠨᠢ 119 ᠳ᠋ᠢᠶᠠᠨᠬᠤᠸᠠ ᠪᠠᠷ ᠴᠠᠭᠳᠠᠭ᠎ᠠ ᠳᠤ ᠮᠡᠳᠡᠭᠦᠯᠵᠦ ᠲᠤᠰᠠᠯᠠᠮᠵᠢ | ᠭᠤᠶᠤᠬᠤ ᠬᠡᠷᠡᠭᠲᠡᠢ᠃ | ᠳᠥᠷᠪᠡ᠂ ᠣᠨᠴᠠᠭᠠᠢ ᠰᠠᠨᠠᠭᠤᠯᠤᠮᠵᠢ | ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠰᠢᠯᠵᠢᠭᠦᠯᠬᠦ ᠶᠠᠪᠤᠴᠠ ᠳᠤ᠂ ᠵᠠᠮ ᠬᠠᠷᠢᠯᠴᠠᠭᠠᠨ ᠤ ᠬᠠᠤᠯᠢ | ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ᠃ ᠠᠵᠢᠯᠯᠠᠬᠤ ᠦᠶ᠎ᠡ ᠳᠤ ᠡ᠊ᠨᠳᠡᠯ ᠭᠠᠷᠤᠭᠰᠠᠨ ᠪᠠᠶᠢᠪᠠᠯ᠂ ᠵᠢᠯᠣᠭᠤᠴᠢ ᠨᠢ | ᠲᠡᠷᠡ ᠳᠠᠷᠤᠢ ᠳᠤᠨᠢ ᠠᠵᠢᠯ ᠢᠶᠠᠨ ᠵᠣᠭᠰᠣᠭᠠᠵᠤ᠂ ᠲᠤᠬᠠᠢ ᠶᠢᠨ ᠲᠠᠯᠠᠪᠤᠷ ᠢ ᠬᠠᠮᠠᠭᠠᠯᠠᠬᠤ ᠬᠡᠷᠡᠭᠲᠡᠢ᠃ ᠬᠥᠮᠥᠨ ᠢ | ᠰᠢᠷᠬᠠᠲᠤᠭᠤᠯᠤᠭᠰᠠᠨ ᠪᠣᠯ ᠳᠠᠷᠤᠶᠢᠬᠠᠨ ᠠᠷᠭ᠎ᠠ ᠬᠡᠮᠵᠢᠶ᠎ᠡ ᠠᠪᠴᠤ᠂ ᠰᠢᠷᠬᠠᠲᠤᠭᠰᠠᠳ ᠢ ᠲᠦᠷᠭᠡᠨ ᠠᠪᠤᠷᠠᠬᠤ ᠬᠡᠷᠡᠭᠲᠡᠢ᠂ | ᠰᠢᠷᠬᠠᠲᠤᠭᠰᠠᠳ ᠢ ᠲᠦᠷᠭᠡᠨ ᠠᠪᠤᠷᠠᠬᠤ ᠶᠢᠨ ᠬᠠᠷᠠᠭ᠎ᠠ ᠪᠠᠷ ᠲᠤᠬᠠᠢ ᠶᠢᠨ ᠲᠠᠯᠠᠪᠠᠢ ᠶᠢ ᠬᠤᠪᠢᠷᠠᠭᠤᠯᠤᠭᠰᠠᠨ ᠪᠣᠯ | ᠣᠷᠣᠨ ᠪᠠᠶᠢᠷᠢ ᠶᠢ ᠨᠢ ᠲᠣᠳᠣᠷᠬᠠᠶᠢᠯᠠᠬᠤ ᠶᠢᠨ ᠬᠠᠮᠲᠤ ᠡ᠊ᠨᠳᠡᠯ ᠭᠠᠷᠤᠭᠰᠠᠨ ᠭᠠᠵᠠᠷ ᠤᠨ ᠲᠠᠷᠢᠶᠠᠯᠠᠩ ᠮᠠᠯ ᠠᠵᠤ | ᠠᠬᠤᠢ ᠶᠢᠨ ᠮᠠᠰᠢᠨᠴᠢᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠷᠤᠶᠢᠬᠠᠨ ᠮᠡᠳᠡᠭᠦᠯᠬᠦ ᠬᠡᠷᠡᠭᠲᠡᠢ᠃ | ᠬᠥᠮᠥᠨ ᠠᠳᠡᠭᠰᠡᠨ ᠪᠠᠶᠢᠪᠠᠯ᠂ ᠪᠠᠰᠠ ᠠᠳᠡᠯ ᠭᠠᠷᠤᠭᠰᠠᠨ ᠭᠠᠵᠠᠷ ᠤᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠮᠡᠳᠡᠭᠦᠯᠬᠦ ᠬᠡᠷᠡᠭᠲᠡᠢ︔ ᠵᠠᠮ ᠬᠠᠷᠢᠯᠴᠠᠭᠠᠨ ᠤ ᠭᠡᠨᠡᠳᠡᠯ ᠭᠠᠷᠤᠭᠰᠠᠨ ᠪᠠᠶᠢᠪᠠᠯ᠂ ᠳᠠᠷᠤᠢ ᠲᠦᠷᠭᠡᠨ | ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠤ ᠬᠡᠷᠡᠭ ᠮᠡᠳᠡᠭᠦᠯᠬᠦ ᠬᠡᠷᠡᠭᠲᠡᠢ᠃ | ᠲᠠᠪᠤ᠂ ᠲᠡᠭᠦᠰᠬᠡᠯ ᠤᠨ ᠦᠭᠡ | ᠥᠷᠭᠡᠨ ᠣᠯᠠᠨ ᠲᠠᠷᠢᠶᠠᠯᠠᠩ ᠤᠨ ᠮᠠᠰᠢᠨ ᠤ ᠵᠢᠯᠣᠭᠤᠴᠢ ᠨᠠᠶᠢᠵᠠ ᠨᠠᠷ᠂ ᠡᠲᠡᠭᠡᠷ ᠠᠮᠤᠷ ᠲᠦᠪᠰᠢᠨ ᠤ | ᠦᠨᠳᠦᠰᠦᠨ ᠪᠠᠷᠢᠮᠵᠢᠶ᠎ᠠ ᠶᠢ ᠵᠢᠷᠤᠮᠯᠠᠪᠠᠯ᠂ ᠪᠢᠳᠡᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠵᠢᠯᠣᠭᠤᠳᠤᠨ | ᠠᠵᠢᠯᠯᠠᠭᠤᠯᠬᠤ ᠦᠶ᠎ᠡ ᠶᠢᠨ ᠲᠦᠭᠰᠢᠭᠦᠷᠢ ᠶᠢ ᠪᠠᠭᠤᠷᠠᠭᠤᠯᠵᠤ᠂ ᠥᠪᠡᠷ ᠤᠨ ᠪᠡᠶ᠎ᠡ ᠵᠢᠴᠢ ᠪᠤᠰᠤᠳ ᠤᠨ ᠠᠮᠢ | ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠳᠤ ᠪᠦᠲᠦᠮᠵᠢᠲᠡᠶ ᠬᠠᠪᠰᠤᠷᠤᠮᠵᠢ ᠪᠣᠯᠬᠤ ᠶᠤᠮ᠃ ᠪᠢᠳᠡ | ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠬᠥᠪᠴᠢ ᠶᠢ ᠦᠨᠡᠨ ᠬᠦ ᠴᠢᠩᠭᠠᠯᠠᠵᠤ᠂ ᠭᠠᠷ ᠲᠠᠬᠢ ᠵᠦᠭᠯᠡᠭᠦᠷ ᠢᠶᠠᠨ | ᠰᠠᠶᠢᠲᠤᠷ ᠠᠳᠬᠤᠵᠤ᠂ ᠠᠮᠤᠷ ᠲᠦᠪᠰᠢᠨ ᠤ ᠤᠬᠠᠮᠰᠠᠷ ᠪᠠ ᠬᠠᠷᠢᠭᠤᠴᠠᠯᠭᠠᠲᠤ ᠤᠬᠠᠮᠰᠠᠷ ᠢᠶᠠᠨ ᠳᠡᠭᠡᠭᠰᠢᠯᠡᠭᠦᠯᠦᠨ᠂ | ᠲᠠᠷᠢᠶᠠᠯᠠᠩ ᠤᠨ ᠮᠠᠰᠢᠨ ᠢ ᠠᠵᠢᠯᠯᠠᠭᠤᠯᠬᠤ ᠪᠠ ᠵᠢᠯᠤᠭᠤᠳᠬᠤ ᠰᠠᠶᠢᠨ ᠰᠠᠶᠢᠬᠠᠨ ᠳᠠᠳᠬᠠᠯ ᠲᠠᠢ ᠪᠣᠯᠵᠤ᠂ ᠮᠢᠨᠴᠦᠭᠦᠷᠡᠨ | ᠲᠠᠶᠢᠪᠤᠰᠢᠷᠠᠬᠤ ᠦᠵᠡᠯ ᠰᠠᠨᠠᠭ᠎ᠠ ᠪᠠ ᠠᠵᠠ ᠵᠠᠪᠰᠢᠶᠠᠨ ᠢ ᠬᠦᠰᠡᠬᠦ ᠰᠡᠳᠬᠢᠯᠭᠡ ᠶᠢ ᠲᠡᠪᠴᠢᠵᠦ᠂ ᠠᠮᠢ ᠨᠠᠰᠤ ᠶᠢ | ᠪᠢᠰᠢᠷᠡᠨ ᠬᠦᠨᠳᠦᠳᠬᠡᠵᠦ᠂ ᠠᠮᠢ ᠨᠠᠰᠤ ᠶᠢ ᠨᠠᠨᠳᠢᠩᠨᠠᠨ ᠬᠠᠶᠢᠷᠠᠯᠠᠵᠤ᠂ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ | ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠶ᠎ᠠ︕ |