ᠤᠯᠤᠰ ᠤᠨ ᠪᠠᠶᠠᠷ ᠤᠨ ᠬᠤᠭᠤᠴᠠᠭᠠᠨ ᠳᠤ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ | ᠪᠠᠲᠤᠯᠠᠬᠤ ᠶᠢᠨ ᠲᠥᠯᠥᠭᠡ᠂ 9 ᠰᠠᠷ᠎ᠠ ᠶᠢᠨ 23 ᠠᠴᠠ 30 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠬᠠᠮᠢᠶ᠎ᠠ | ᠪᠦᠬᠦᠢ ᠭᠠᠵᠠᠷ ᠠᠯᠪᠠᠨ ᠭᠡᠷ ᠨᠢᠭᠡᠴᠡ ᠶᠢ ᠵᠣᠬᠢᠶᠠᠨ ᠪᠠᠶᠢᠭᠤᠯᠤᠨ 6 ᠬᠡᠰᠡᠭ ᠢᠶᠠᠷ ᠳᠠᠭᠠᠭᠠᠴᠢᠯᠠᠨ ᠵᠢᠯᠤᠭᠤᠳᠬᠤ | ᠳᠤᠭᠤᠶᠢᠯᠠᠩ ᠪᠠᠶᠢᠭᠤᠯᠵᠤ᠂ ᠪᠥᠬᠦ ᠣᠷᠣᠨ ᠤ ᠬᠡᠪᠴᠢᠶᠡᠨ ᠳᠤ ᠭᠤᠣᠯᠳᠠᠯᠭ᠎ᠠ ᠲᠠᠢ ᠲᠥᠷᠥᠯ ᠵᠦᠢᠯ ᠤᠨ ᠡᠮ ᠤᠨ | ᠵᠦᠢᠯ ᠤᠨ ᠦᠯᠡᠳᠡᠭᠳᠡᠯ ᠤᠨ ᠲᠣᠪᠣᠶᠢᠮ᠎ᠠ ᠠᠰᠠᠭᠤᠳᠠᠯ ᠤᠨ ᠪᠣᠭᠤᠮᠲᠠ ᠰᠢᠪᠲᠤᠯᠤᠨ ᠵᠠᠰᠠᠬᠤ ᠠᠵᠢᠯ ᠢ ᠥᠷᠨᠢᠭᠦᠯᠵᠦ᠂ | ᠡᠯ᠎ᠡ ᠠᠶᠢᠮᠠᠭ ᠬᠤᠲᠠ ᠶᠢ ᠱᠠᠯᠠᠪᠳᠠᠭᠤᠯᠤᠨ ᠵᠢᠯᠤᠭᠤᠳᠴᠤ ᠪᠠᠶᠢᠭᠠᠳ ᠭᠤᠣᠯᠳᠠᠯᠭ᠎ᠠ ᠲᠠᠢ ᠲᠥᠷᠥᠯ ᠵᠦᠢᠯ ᠤᠨ | ᠡᠮ ᠤᠨ ᠵᠦᠢᠯ ᠤᠨ ᠦᠯᠡᠳᠡᠭᠳᠡᠯ ᠤᠨ ᠲᠣᠪᠣᠶᠢᠮ᠎ᠠ ᠠᠰᠠᠭᠤᠳᠠᠯ ᠤᠨ ᠪᠣᠭᠤᠮᠲᠠ ᠰᠢᠪᠲᠤᠯᠤᠨ ᠵᠠᠰᠠᠬᠤ ᠶᠢ ᠰᠠᠶᠢᠲᠤᠷ | ᠠᠳᠬᠤᠬᠤ ᠶᠢᠨ ᠬᠠᠮᠲᠤ᠂ ᠡᠯ᠎ᠡ ᠭᠠᠵᠠᠷ ᠤᠨ ᠤᠯᠤᠰ ᠤᠨ ᠪᠠᠶᠠᠷ ᠤᠨ ᠬᠤᠭᠤᠴᠠᠭᠠᠨ ᠳᠠᠬᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠮᠢᠶ᠎ᠠ | ᠪᠦᠬᠦᠢ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠵᠢᠭᠠᠨ ᠵᠢᠯᠣᠭᠤᠳᠴᠠᠢ᠃ | | | | | | ᠲᠤᠰ ᠤᠳᠠᠭᠠᠨ ᠤ ᠬᠡᠰᠡᠭ ᠢᠶᠠᠷ ᠳᠠᠭᠠᠭᠠᠴᠢᠯᠠᠨ ᠵᠢᠯᠤᠭᠤᠳᠬᠤ ᠨᠢ 10 ᠠᠶᠢᠮᠠᠭ ᠬᠤᠲᠠ ᠶᠢᠨ 14 | ᠬᠤᠰᠢᠭᠤ ᠰᠢᠶᠠᠨ ᠳᠤ ᠬᠦᠷᠴᠦ᠂ 12 ᠰᠢᠶᠠᠩ ᠪᠠᠯᠭᠠᠰᠤ ᠥᠷᠲᠡᠭᠡ᠂ 36 ᠦᠢᠯᠡᠳᠪᠦᠷᠢᠯᠡᠯ ᠤᠨ ᠭᠤᠣᠯ ᠴᠣᠭᠴᠠ ᠶᠢ | ᠪᠠᠶᠢᠴᠠᠭᠠᠨ ᠦᠵᠡᠵᠦ᠂ ᠤᠯᠤᠰ ᠤᠨ ᠪᠠᠶᠠᠷ ᠤᠨ ᠬᠤᠭᠤᠴᠠᠭᠠᠨ ᠳᠤ ᠲᠠᠷᠢᠶᠠᠯᠠᠩ ᠮᠠᠯ ᠠᠵᠤ ᠠᠬᠤᠢ ᠤᠰᠤᠨ | ᠭᠠᠷᠤᠯᠲᠠ ᠶᠢᠨ ᠵᠠᠬ᠎ᠠ ᠳᠡᠯᠭᠡᠭᠦᠷ ᠲᠤ ᠭᠠᠷᠤᠭᠰᠠᠨ ᠦᠢᠯᠡᠳᠪᠦᠷᠢᠯᠡᠯ ᠤᠨ ᠭᠤᠣᠯ ᠴᠣᠭᠴᠠ᠂ ᠰᠢᠶᠠᠩ ᠪᠠᠯᠭᠠᠰᠤᠨ ᠤ | ᠪᠠᠶᠢᠴᠠᠭᠠᠨ ᠬᠡᠮᠵᠢᠬᠦ ᠥᠷᠲᠡᠭᠡ ᠵᠡᠷᠭᠡ ᠶᠢ ᠭᠤᠣᠯᠳᠠᠯᠭ᠎ᠠ ᠲᠠᠢ ᠲᠤᠬᠠᠢ ᠶᠢᠨ ᠭᠠᠵᠠᠷ ᠲᠤᠨᠢ ᠵᠢᠯᠤᠭᠤᠳᠴᠤ᠂ | ᠲᠤᠬᠠᠢ ᠶᠢᠨ ᠭᠠᠵᠠᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ | ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠴᠠᠪᠠᠤᠯᠢᠭ ᠮᠥᠩᠭᠦ ᠶᠢᠨ ᠲᠦᠷᠭᠡᠨ | ᠬᠡᠮᠵᠢᠯᠲᠡ ᠶᠢᠨ ᠠᠷᠭ᠎ᠠ ᠪᠠᠷᠢᠯ ᠢ ᠰᠠᠶᠢᠲᠤᠷ ᠬᠡᠷᠡᠭᠯᠡᠨ᠂ ᠭᠤᠣᠯ ᠴᠣᠭᠴᠠ ᠶᠢᠨ ᠠᠮᠠᠯᠠᠯᠲᠠ ᠶᠢᠨ ᠪᠠᠷᠢᠮᠵᠢᠶ᠎ᠠ ᠳᠤ | ᠬᠦᠷᠦᠭᠰᠡᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠨᠠᠶᠢᠳᠠᠪᠤᠷᠢᠵᠢᠭᠤᠯᠬᠤ ᠶᠢ ᠵᠢᠯᠤᠭᠤᠳᠴᠤ᠂ ᠮᠠᠨ ᠤ | ᠣᠷᠣᠨ ᠤ ᠤᠯᠤᠰ ᠤᠨ ᠪᠠᠶᠠᠷ ᠤᠨ ᠬᠤᠭᠤᠴᠠᠭᠠᠨ ᠳᠠᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠵᠤ ᠪᠠᠶᠢᠨ᠎ᠠ᠃ | | | | |