ᠮᠠᠨ ᠤ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ 21 ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ ᠪᠣᠯᠣᠮᠵᠢ ᠲᠠᠢ
ᠨᠡᠶᠢᠲᠡᠯᠡᠭᠰᠡᠨ ᠴᠠᠭ᠄
2024/9/30
      ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠦᠶᠡᠷ ᠤᠨ ᠬᠤᠭᠤᠴᠠᠭᠠᠨ ᠳᠤ ᠪᠦᠭᠦ ᠣᠷᠣᠨ ᠤ ᠳᠤᠯᠠᠭᠠᠨ ᠤ ᠬᠡᠮᠵᠢᠶ᠎ᠡ ᠥᠨᠳᠥᠷ᠂ ᠬᠤᠷ᠎ᠠ ᠲᠤᠨᠳᠠᠰᠤ ᠠᠷᠪᠢᠨ᠂ ᠳᠤᠯᠠᠭᠠᠨ ᠴᠢᠭᠢᠭᠯᠢᠭ ᠠᠭᠤᠷ ᠠᠮᠢᠰᠬᠤᠯ ᠢᠶᠠᠷ ᠭᠤᠣᠯᠯᠠᠨ ᠠᠮᠤ ᠪᠤᠳᠠᠭᠠᠨ ᠤ ᠲᠠᠷᠢᠮᠠᠯ ᠤᠨ ᠤᠨᠠᠯᠲᠠ ᠳᠤ ᠠᠰᠢᠭ  ᠲᠠᠢ ᠪᠠᠶᠢᠵᠤ᠂ ᠠᠮᠤ ᠪᠤᠳᠠᠭᠠᠨ ᠤ ᠦᠢᠯᠡᠳᠪᠦᠷᠢᠯᠡᠯ ︽21 ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠪᠣᠯᠣᠮᠵᠢ  ᠲᠠᠢ ᠪᠣᠯᠵᠠᠢ᠃      ᠣᠶᠢᠯᠠᠭᠠᠭᠰᠠᠨ ᠢᠶᠠᠷ᠂ ᠡᠨᠡ ᠵᠢᠯ ᠤᠨ ᠦᠶᠡᠷ ᠤᠨ ᠬᠤᠭᠤᠴᠠᠭᠠᠨ ᠳᠤ ᠪᠦᠭᠦ ᠣᠷᠣᠨ ᠤ ᠳᠤᠮᠳᠠᠴᠢ ᠳᠤᠯᠠᠭᠠᠨ  ᠤ ᠬᠡᠮᠵᠢᠶ᠎ᠡ 21.9 ᠭᠷᠡᠳᠦ᠋ᠰ ᠪᠠᠶᠢᠵᠤ᠂ ᠡᠩ ᠤᠨ ᠵᠢᠯ ︵1991 - 2020 ᠣᠨ︶ ᠤᠨ ᠠᠳᠠᠯᠢ ᠬᠤᠭᠤᠴᠠᠭᠠᠨ ᠤ  ᠬᠢ ᠠᠴᠠ 0.8 ᠭᠷᠡᠳᠦ᠋ᠰ ᠥᠨᠳᠥᠷ ᠪᠤᠯᠪᠠ︔ ᠳᠤᠮᠳᠠᠴᠢ ᠬᠤᠷ᠎ᠠ ᠲᠤᠨᠳᠠᠰᠤᠨ ᠤ ᠬᠤᠷᠠᠮᠳᠤᠯ ᠤᠨ ᠬᠡᠮᠵᠢᠶ᠎ᠡ270.1 ᠮᠢᠯᠢᠮᠧᠲᠷ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 58.8 ᠮᠢᠯᠢᠮᠧᠲᠷ ᠢᠯᠡᠭᠦᠦ ᠪᠣᠯᠪᠠ᠃ ᠦᠶᠡᠷ ᠤᠨ ᠬᠤᠭᠤᠴᠠᠭᠠᠨ ᠳᠤ ᠪᠦᠭᠦ ᠣᠷᠣᠨ ᠤ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ  ᠤᠨ ᠬᠥᠮᠥᠨ ᠤ ᠬᠦᠴᠦ ᠪᠠᠷ ᠪᠣᠷᠣᠭᠠᠨ ᠨᠡᠮᠡᠵᠦ ᠣᠷᠣᠭᠤᠯᠤᠭᠰᠠᠨ ᠲᠠᠯᠠᠪᠠᠶ 62.4 ᠲᠦᠮᠡᠨ ᠲᠡᠭᠰᠢ ᠳᠥᠷᠪᠡᠯᠵᠢᠨ ᠺᠢᠯᠣᠮᠧᠲᠷ ᠬᠦᠷᠴᠦ᠂ ᠪᠠᠷᠤᠭ 19.38 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠷᠣᠭᠠᠨ ᠨᠡᠮᠡᠵᠦ ᠤᠷᠤᠭᠤᠯᠪᠠ︔ ᠡᠭᠦᠯᠡ ᠰᠠᠷᠨᠢᠭᠤᠯᠵᠤ ᠮᠥᠨᠳᠥᠷ ᠢ ᠰᠡᠷᠭᠡᠶᠢᠯᠡᠬᠦ ᠬᠠᠮᠠᠭᠠᠯᠠᠯᠲᠠ ᠶᠢᠨ ᠣᠷᠣᠨ ᠤ ᠲᠠᠯᠠᠪᠠᠶ 3262 ᠲᠡᠭᠰᠢ ᠳᠥᠷᠪᠡᠯᠵᠢᠨ ᠺᠢᠯᠣᠮᠧᠲᠷ ᠬᠦᠷᠴᠦ᠂ 5.4 ᠳ᠋ᠦᠩᠰᠢᠭᠤᠷ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠪᠠᠭᠠᠰᠬᠠᠵᠠᠢ᠃ ᠡᠨᠡ ᠨᠢ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ᠂ ᠮᠠᠯ ᠠᠵᠤ ᠠᠬᠤᠢ ᠲᠠᠷᠢᠶᠠᠯᠠᠩ ᠤᠨ ᠠᠰᠢᠭ ᠣᠷᠣᠯᠭ᠎ᠠ ᠶᠢ ᠨᠡᠮᠡᠭᠳᠡᠭᠦᠯᠬᠦ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠳᠤ ᠢᠳᠡᠪᠬᠢ ᠦᠢᠯᠡᠳᠦᠯ ᠦᠵᠡᠭᠦᠯᠪᠡ᠃      ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠬᠢᠭᠡᠳ ᠲᠠᠷᠢᠶᠠᠯᠠᠩ ᠤᠨ ᠴᠠᠭ ᠠᠭᠤᠷ ᠤᠨ ᠲᠥᠪ ᠤᠨ ᠳᠡᠭᠡᠳᠦ ᠵᠡᠷᠭᠡ ᠶᠢᠨ ᠢᠨᠵᠧᠨᠧᠷ ᠸᠠᠩ ᠬᠤᠶ ᠵᠧᠨ᠂ ᠡᠨᠡ ᠵᠢᠯ ᠤᠨ ᠴᠠᠭ ᠠᠭᠤᠷ ᠤᠨ ᠨᠥᠬᠦᠴᠡᠯ ᠨᠢ ᠲᠠᠷᠢᠮᠠᠯ ᠤᠨ ᠤᠷᠭᠤᠯᠲᠠ ᠪᠠ ᠤᠨᠠᠯᠲᠠ ᠳᠤ ᠠᠰᠢᠭ ᠲᠠᠢ᠂ ᠪᠦᠭᠦ ᠣᠷᠣᠨ ᠤ ᠠᠮᠤ ᠪᠤᠳᠠᠭᠠᠨ ᠤ ᠤᠨᠠᠯᠲᠠ ᠶᠡᠷᠦᠩᠬᠡᠢ ᠳᠡᠭᠡᠨ ᠨᠡᠮᠡᠭᠳᠡᠬᠦ ᠬᠠᠨᠳᠤᠰᠢ ᠲᠠᠢ ᠪᠠᠶᠢᠵᠤ᠂ ᠠᠮᠤ ᠪᠤᠳᠠᠭᠠᠨ ᠤ ᠦᠢᠯᠡᠳᠪᠦᠷᠢᠯᠡᠯ 21 ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ ᠪᠣᠯᠣᠮᠵᠢ ᠲᠠᠢ ᠶᠤᠮ᠃ ᠭᠡᠪᠡᠴᠦ 9 ᠰᠠᠷ᠎ᠠ ᠶᠢᠨ ᠳᠤᠮᠳᠠᠴᠢ ᠪᠠᠷ ᠡᠯ᠎ᠡ ᠭᠠᠵᠠᠷ ᠤᠨ ᠬᠢᠨ ᠴᠠᠭ ᠠᠭᠤᠷ ᠤᠨ ᠬᠤᠪᠢᠷᠠᠯᠲᠠ ᠪᠠ ᠲᠠᠷᠢᠮᠠᠯ ᠤᠨ ᠤᠷᠭᠤᠯᠲᠠ ᠶᠢᠨ ᠪᠠᠶᠢᠳᠠᠯ ᠢ ᠨᠢᠭᠲᠠ ᠠᠩᠬᠠᠷᠴᠤ᠂ ᠣᠬᠤᠷ ᠬᠤᠭᠤᠴᠠᠭᠠᠨ ᠤ ᠴᠢᠩᠭ᠎ᠠ ᠰᠣᠯᠢᠭ ᠤᠷᠤᠰᠬᠠᠯᠲᠤ ᠴᠠᠭ ᠠᠭᠤᠷ ᠠᠴᠠ ᠪᠣᠯᠵᠤ ᠮᠡᠳᠡᠬᠦ ᠦᠶᠡᠷ ᠤᠰᠤᠲᠤᠯ ᠪᠠ ᠮᠥᠨᠳᠥᠷ ᠵᠡᠷᠭᠡ ᠭᠠᠮᠰᠢᠭ ᠢ ᠠᠩᠬᠠᠷᠤᠨ ᠰᠡᠷᠭᠡᠶᠢᠯᠡᠵᠦ᠂ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠂ ᠲᠠᠷᠢᠮᠠᠯ ᠤᠨ ᠬᠡᠪ  ᠤᠨ ᠤᠷᠭᠤᠯᠲᠠ ᠶᠢ ᠠᠬᠢᠭᠤᠯᠬᠤ ᠴᠢᠬᠤᠯᠠᠲᠠᠢ᠃ ᠠᠮᠤ ᠪᠤᠳᠠᠭᠠᠨ ᠤ ᠲᠠᠷᠢᠮᠠᠯ ᠤᠨ ᠤᠨᠠᠯᠲᠠ ᠳᠤ ᠤᠴᠠᠷᠠᠭᠤᠯᠬᠤ ᠠᠰᠢᠭ ᠦᠭᠡᠢ ᠨᠥᠯᠥᠭᠡ ᠶᠢ ᠠᠩᠬᠠᠷᠴᠤ᠂ ᠬᠢᠷᠠᠭᠤ ᠤᠨᠠᠬᠤ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠠᠭ ᠲᠤᠬᠠᠢ  ᠳᠤᠨᠢ ᠠᠪᠬᠤ ᠴᠢᠬᠤᠯᠠᠲᠠᠢ ᠭᠡᠪᠡ᠃ 
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号