ᠲᠦᠷᠦᠭᠦᠬᠡᠨ ᠪᠦᠭᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠪᠤᠯᠪᠠᠰᠤᠷᠠᠭᠤᠯᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠪᠠᠰᠤᠷᠠᠯ ᠤᠨ ᠠᠩᠭᠢ ᠵᠢᠴᠢ | ︽ᠵᠠᠰᠠᠭ ᠤᠨ ᠣᠷᠳᠣᠨ ᠰᠤᠳᠤᠯᠭᠠᠨ ᠤ ᠬᠦᠷᠢᠶᠡᠯᠡᠩ ᠪᠠᠩᠬᠢ ᠠᠵᠤ ᠠᠬᠤᠶᠢᠯᠠᠯ︾ ᠢ ᠵᠣᠯᠭᠠᠭᠤᠯᠬᠤ ᠠᠵᠢᠯᠯᠠᠭ᠎ᠠ | ᠭᠦᠭᠡᠬᠤᠲᠠ ᠳᠤ ᠶᠠᠪᠤᠭᠳᠠᠬᠤ ᠶᠢᠨ ᠵᠡᠷᠭᠡ ᠪᠠᠷ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠠᠵᠤ ᠠᠬᠤᠶᠢᠯᠠᠯ ᠤᠨ ᠨᠡᠶᠢᠭᠡᠮᠯᠢᠭ ᠵᠢᠩᠬᠢᠨᠢ ᠪᠠᠷ | ᠪᠠᠶᠢᠭᠤᠯᠤᠭᠳᠠᠵᠤ᠂ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠪᠤᠯᠪᠠᠰᠤᠷᠠᠭᠤᠯᠬᠤ ᠠᠵᠤ ᠠᠬᠤᠶᠢᠯᠠᠯ ᠤᠨ ᠰᠣᠯᠢᠯᠴᠠᠭ᠎ᠠ ᠰᠤᠷᠤᠯᠴᠠᠯᠭ᠎ᠠ ᠳᠤ ᠲᠠᠪᠴᠠᠩ ᠬᠠᠩᠭᠠᠭᠰᠠᠨ ᠪᠠᠶᠢᠨ᠎ᠠ᠃ | ᠪᠦᠭᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠦᠢᠯᠡᠰ | ᠤᠨ ᠴᠢᠨᠠᠷ ᠰᠠᠶᠢᠲᠠᠢ ᠬᠥᠭᠵᠢᠯᠲᠡ ᠶᠢ ᠡᠷᠴᠢᠮᠲᠡᠢ ᠠᠬᠢᠭᠤᠯᠬᠤ ᠶᠢᠨ ᠲᠤᠰᠠᠳᠠ ᠲᠤᠰ ᠤᠳᠠᠭ᠎ᠠ ᠶᠢᠨ ᠠᠵᠢᠯᠯᠠᠭ᠎ᠠ ᠳᠤ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠪᠣᠯᠣᠨ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ | ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠰᠤᠳᠤᠯᠭᠠᠨ ᠤ ᠭᠠᠵᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ︾ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠲᠠᠪᠠ︔ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠪᠤᠯᠪᠠᠰᠤᠷᠠᠭᠤᠯᠬᠤ 11 ᠲᠤᠰᠬᠠᠢ ᠮᠡᠷᠭᠡᠵᠢᠯᠲᠡᠨ ᠤ ᠪᠦᠯᠭᠦᠮ ᠤᠨ 25 ᠲᠡᠷᠢᠭᠦᠨ ᠲᠤᠰᠬᠠᠢ ᠮᠡᠷᠭᠡᠵᠢᠯᠲᠡᠨ ᠳᠤ ︽ᠮᠠᠯ | ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠶᠢ ᠵᠢᠯᠤᠭᠤᠳᠬᠤ ᠲᠤᠰᠬᠠᠢ | ᠮᠡᠷᠭᠡᠵᠢᠯᠲᠡᠨ︾ ᠤ ᠤᠷᠢᠯᠭ᠎ᠠ ᠶᠢᠨ ᠪᠢᠴᠢᠭ ᠭᠠᠷᠳᠠᠭᠤᠯᠪᠠ︔ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠰᠤᠳᠤᠯᠭᠠᠨ ᠤ ᠭᠠᠵᠠᠷ᠂ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ | ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠲᠣᠰ ᠲᠣᠰ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠪᠤᠯᠪᠠᠰᠤᠷᠠᠭᠤᠯᠬᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ ᠨᠡᠶᠢᠲᠡᠯᠡᠭᠰᠡᠨ ᠪᠥᠭᠡᠳ | ᠠᠵᠤ ᠠᠬᠤᠶᠢᠯᠠᠯ ᠲᠠᠢ 20 ᠵᠦᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠰᠠᠨᠠᠮᠵᠢ ᠲᠤᠬᠲᠠᠵᠠᠢ︔ ᠳᠤᠮᠳᠠᠳᠤ | ᠤᠯᠤᠰ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ 5 ᠠᠵᠤ ᠠᠬᠤᠶᠢᠯᠠᠯ ᠯᠤᠭ᠎ᠠ ᠪᠠᠩᠬᠢ ᠬᠢᠭᠡᠳ | ᠠᠵᠤ ᠠᠬᠤᠶᠢᠯᠠᠯ ᠤᠨ ᠢᠲᠡᠭᠡᠮᠵᠢ ᠶᠢᠨ ᠬᠠᠮᠲᠤᠷᠠᠯᠴᠠᠭ᠎ᠠ ᠶᠢᠨ ᠵᠥᠪᠯᠡᠯᠴᠡᠭᠡᠷ ᠲᠣᠭᠲᠠᠪᠠ᠃ | ᠮᠠᠨ ᠤ ᠣᠷᠣᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ | ᠶᠢ ᠮᠠᠯ ᠠᠵᠤ ᠠᠬᠤᠢ ᠲᠠᠷᠢᠶᠠᠯᠠᠩ ᠤᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ | ᠪᠤᠯᠭᠠᠵᠤ᠂ 9 ᠵᠦᠢᠯ ᠤᠨ ᠠᠷᠭ᠎ᠠ ᠬᠡᠮᠵᠢᠶ᠎ᠡ ᠲᠣᠭᠲᠠᠭᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ | ᠢ ᠨᠠᠷᠢᠯᠢᠭ ᠪᠤᠯᠪᠠᠰᠤᠷᠠᠭᠤᠯᠬᠤ ᠶᠢ ᠳᠡᠮᠵᠢᠪᠡ᠃ ᠨᠢᠳᠤᠨᠤᠨ ᠪᠦᠭᠦ ᠣᠷᠣᠨ ᠤ ᠪᠣᠷᠤᠯᠠᠭᠤᠯᠭ᠎ᠠ ᠶᠢᠨ ᠣᠷᠣᠯᠭ᠎ᠠ ᠨᠢ | 2000 ᠲᠦᠮᠡᠨ ᠲᠥᠭᠦᠷᠢᠭ ᠢ ᠳᠠᠪᠠᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠪᠤᠯᠪᠠᠰᠤᠷᠠᠭᠤᠯᠬᠤ ᠠᠵᠤ ᠠᠬᠤᠶᠢᠯᠠᠯ 1214 ᠳᠤ ᠬᠦᠷᠴᠦ᠂ ᠨᠡᠶᠢᠳᠡ 4574 ᠳ᠋ᠦᠩᠰᠢᠭᠤᠷ ᠲᠥᠭᠦᠷᠢᠭ ᠤᠨ | ᠪᠣᠷᠤᠯᠠᠭᠤᠯᠭ᠎ᠠ ᠶᠢᠨ ᠣᠷᠣᠯᠭ᠎ᠠ ᠣᠯᠵᠠᠢ᠃ | |