ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ
ᠨᠡᠶᠢᠲᠡᠯᠡᠭᠰᠡᠨ ᠴᠠᠭ᠄
2024/9/4
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ 2024 ᠣᠨ ᠤ 9 ᠰᠠᠷ᠎ᠠ ᠶᠢᠨ 4 ᠤ ᠡᠳᠦᠷ ᠤᠨ 20 ᠴᠠᠭ 00 ᠮᠢᠨᠦ᠋ᠲ ᠲᠤ ᠬᠠᠮᠲᠤᠷᠠᠨ ᠲᠠᠷᠢᠶᠠᠨ ᠭᠠᠵᠠᠷ ᠤᠨ ᠦᠶᠡᠷ ᠤᠰᠤᠲᠤᠯ ᠤᠨ ᠴᠠᠭ ᠠᠭᠤᠷ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ ᠶᠢ ᠮᠡᠳᠡᠭᠡᠯᠡᠪᠡ᠃      ᠢᠷᠡᠬᠦ‍ ᠨᠢᠭᠡ ᠭᠠᠷᠠᠭ ᠲᠤ ᠮᠠᠨ ᠤ ᠣᠷᠣᠨ ᠳᠤ ᠵᠠᠯᠭᠠᠪᠡᠷ ᠬᠤᠶᠠᠷ ᠤᠳᠠᠭᠠᠨ ᠤ ᠪᠣᠷᠣᠭᠠᠨ ᠲᠠᠢ ᠴᠠᠭ ᠠᠭᠤᠷ ᠢᠯᠡᠷᠡᠬᠦ ᠪᠣᠯᠣᠨ᠎ᠠ᠃ ᠪᠣᠷᠣᠭᠠᠨ ᠤ ᠭᠤᠣᠯ ᠴᠠᠭ ᠨᠢ 9 ᠰᠠᠷ᠎ᠠ ᠶᠢᠨ 6 ᠤ ᠡᠳᠦᠷ ᠠᠴᠠ 9 ᠤ ᠡᠳᠦᠷ᠂ 11 ᠤ ᠡᠳᠦᠷ ᠠᠴᠠ 13 ᠤ ᠡᠳᠦᠷ ᠪᠣᠯᠲᠠᠯ᠎ᠠ ᠪᠠᠶᠢᠵᠤ᠂ ᠭᠤᠣᠯᠳᠠᠭᠤ ᠮᠠᠨ ᠤ ᠣᠷᠣᠨ ᠤ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠢ ᠨᠥᠯᠥᠭᠡᠯᠡᠨ᠎ᠡ᠂ ᠡᠭᠦᠨ ᠳᠤ᠂ ᠳᠤᠮᠳᠠ ᠪᠠᠷᠠᠭᠤᠨ ᠬᠡᠰᠡᠭ ᠤᠨ ᠡᠮᠦᠨᠡᠭᠦᠷᠬᠢ ᠭᠠᠵᠠᠷ ᠣᠷᠣᠨ ᠤ ᠬᠤᠷ᠎ᠠ ᠲᠤᠨᠳᠠᠰᠤᠨ ᠤ ᠬᠡᠮᠵᠢᠶ᠎ᠡ ᠶᠡᠭᠡ ᠪᠠᠶᠢᠵᠤ᠂ ᠡᠨᠡ ᠨᠢ ᠡᠮᠦᠨᠡᠬᠢ ᠬᠤᠭᠤᠴᠠᠭᠠᠨ ᠤ ᠬᠤᠷ᠎ᠠ ᠲᠤᠨᠳᠠᠰᠤᠨ ᠤ ᠶᠠᠪᠤᠴᠠ ᠲᠠᠢ ᠳᠠᠪᠬᠤᠴᠠᠬᠤ ᠬᠡᠮᠵᠢᠶ᠎ᠡ ᠨᠢ ᠥᠨᠳᠥᠷ ᠪᠣᠯᠬᠤᠷ ᠬᠤᠲᠣᠭᠤᠷ ᠳᠣᠣᠷ᠎ᠠ ᠲᠠᠷᠢᠶᠠᠨ ᠭᠠᠵᠠᠷ ᠤᠨ ᠬᠥᠷᠥᠰᠥ ᠰᠢᠷᠣᠢ ᠶᠢ ᠠᠮᠠᠷᠬᠠᠨ ᠬᠡᠲᠦ ᠴᠢᠭᠢᠭᠲᠦᠭᠦᠯᠵᠦ᠂ ᠲᠠᠷᠢᠮᠠᠯ ᠤᠨ ᠦᠨᠳᠦᠰᠦ ᠶᠢᠨ ᠰᠢᠰᠲ᠋ᠧᠮ ᠳᠤ ᠬᠦᠴᠢᠯᠲᠥ᠋ᠷᠥᠭᠴᠢ ᠳᠤᠲᠠᠭᠳᠠᠨ᠎ᠠ᠃      ᠵᠢᠱᠢᠯᠲᠡ ᠪᠠᠷ 9 ᠰᠠᠷ᠎ᠠ ᠶᠢᠨ 6 ᠤ ᠡᠳᠦᠷ ᠠᠴᠠ 9 ᠤ ᠡᠳᠦᠷ᠂ 11 ᠤ ᠡᠳᠦᠷ ᠠᠴᠠ 13 ᠤ ᠡᠳᠦᠷ ᠪᠣᠯᠲᠠᠯ᠎ᠠ᠂ ᠳᠤᠮᠳᠠ ᠪᠠᠷᠠᠭᠤᠨ ᠬᠡᠰᠡᠭ ᠤᠨ ᠬᠡᠰᠡᠭ ᠲᠠᠷᠢᠶᠠᠯᠠᠬᠤ ᠣᠷᠣᠨ ᠳᠤ ᠲᠠᠷᠢᠶᠠᠨ ᠭᠠᠵᠠᠷ ᠤᠨ ᠦᠶᠡᠷ ᠤᠰᠤᠲᠤᠯ ᠤᠨ ᠭᠠᠮᠰᠢᠭ ᠭᠠᠷᠬᠤ ᠪᠣᠯᠣᠨ᠎ᠠ᠃ 9 ᠰᠠᠷ᠎ᠠ ᠶᠢᠨ 6 ᠤ ᠡᠳᠦᠷ᠂ ᠣᠷᠳᠣᠰ ᠬᠤᠲᠠ ᠶᠢᠨ ᠵᠡᠭᠦᠨ ᠬᠡᠰᠡᠭ ᠤᠨ ᠶᠡᠬᠡᠩᠬᠢ ᠭᠠᠵᠠᠷ ᠣᠷᠣᠨ᠂ ᠡᠮᠦᠨᠡᠲᠦ ᠬᠡᠰᠡᠭ ᠤᠨ ᠬᠡᠰᠡᠭ ᠭᠠᠵᠠᠷ ᠣᠷᠣᠨ᠂ ᠬᠥᠬᠡᠬᠤᠲᠠ ᠶᠢᠨ ᠡᠮᠦᠨᠡᠲᠦ ᠬᠡᠰᠡᠭ᠂ ᠪᠠᠷᠠᠭᠤᠨ ᠬᠤᠶᠢᠲᠤ ᠬᠡᠰᠡᠭ ᠭᠠᠵᠠᠷ ᠣᠷᠣᠨ᠂ ᠤᠯᠠᠭᠠᠨᠴᠠᠪ ᠤᠨ ᠡᠮᠦᠨᠡᠭᠦᠷᠬᠢ ᠬᠡᠰᠡᠭ ᠭᠠᠵᠠᠷ ᠣᠷᠣᠨ ᠪᠣᠯ ᠲᠠᠷᠢᠶᠠᠨ ᠭᠠᠵᠠᠷ ᠤᠨ ᠦᠶᠡᠷ ᠤᠰᠤᠲᠤᠯ ᠤᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ︔ 9 ᠰᠠᠷ᠎ᠠ ᠶᠢᠨ 7 ᠤ ᠡᠳᠦᠷ᠂ ᠣᠷᠳᠣᠰ ᠬᠤᠲᠠ ᠶᠢᠨ ᠵᠡᠭᠦᠨ ᠪᠡᠶ᠎ᠡ ᠶᠢᠨ ᠶᠡᠬᠡᠩᠬᠢ ᠬᠡᠰᠡᠭ᠂ ᠡᠮᠦᠨ᠎ᠡ ᠪᠡᠶ᠎ᠡ ᠶᠢᠨ ᠬᠡᠰᠡᠭ ᠭᠠᠵᠠᠷ ᠣᠷᠣᠨ᠂ ᠬᠥᠬᠡᠬᠤᠲᠠ ᠶᠢᠨ ᠡᠮᠦᠨ᠎ᠡ ᠪᠡᠶ᠎ᠡ ᠵᠢᠴᠢ ᠪᠠᠷᠠᠭᠤᠨ ᠬᠤᠶᠢᠲᠤ ᠪᠡᠶ᠎ᠡ᠂ ᠤᠯᠠᠭᠠᠨᠴᠠᠪ ᠤᠨ ᠡᠮᠦᠨ᠎ᠡ ᠪᠡᠶ᠎ᠡ ᠵᠢᠴᠢ ᠪᠠᠶᠠᠨᠨᠠᠭᠤᠷ ᠤᠨ ᠵᠡᠭᠦᠨ ᠡᠮᠦᠨ᠎ᠡ ᠪᠡᠶ᠎ᠡ ᠶᠢᠨ ᠬᠡᠰᠡᠭ ᠭᠠᠵᠠᠷ ᠣᠷᠣᠨ ᠪᠣᠯ ᠲᠠᠷᠢᠶᠠᠨ ᠭᠠᠵᠠᠷ ᠤᠨ ᠦᠶᠡᠷ ᠤᠰᠤᠲᠤᠯ ᠤᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ︔ 9 ᠰᠠᠷ᠎ᠠ ᠶᠢᠨ 8 ᠤ ᠡᠳᠦᠷ᠂ ᠣᠷᠳᠣᠰ ᠬᠤᠲᠠ ᠶᠢᠨ ᠵᠡᠭᠦᠨ ᠬᠡᠰᠡᠭ᠂ ᠡᠮᠦᠨᠡᠭᠦᠷᠬᠢ ᠬᠡᠰᠡᠭ ᠭᠠᠵᠠᠷ ᠣᠷᠣᠨ᠂ ᠬᠥᠬᠡᠬᠤᠲᠠ ᠶᠢᠨ ᠡᠮᠦᠨᠡᠲᠦ ᠬᠡᠰᠡᠭ ᠵᠢᠴᠢ ᠪᠠᠷᠠᠭᠤᠨ ᠬᠤᠶᠢᠲᠤ ᠬᠡᠰᠡᠭ ᠭᠠᠵᠠᠷ ᠣᠷᠣᠨ᠂ ᠤᠯᠠᠭᠠᠨᠴᠠᠪ ᠤᠨ ᠡᠮᠦᠨᠡᠭᠦᠷᠬᠢ ᠬᠡᠰᠡᠭ ᠭᠠᠵᠠᠷ ᠣᠷᠣᠨ ᠪᠣᠯ ᠲᠠᠷᠢᠶᠠᠨ ᠭᠠᠵᠠᠷ ᠤᠨ ᠦᠶᠡᠷ ᠤᠰᠤᠲᠤᠯ ᠤᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ︔ 9 ᠰᠠᠷ᠎ᠠ ᠶᠢᠨ 9 ᠤ ᠡᠳᠦᠷ᠂ ᠣᠷᠳᠣᠰ ᠬᠤᠲᠠ ᠶᠢᠨ ᠵᠡᠭᠦᠨ ᠬᠡᠰᠡᠭ ᠭᠠᠵᠠᠷ ᠣᠷᠣᠨ᠂ ᠬᠥᠬᠡᠬᠤᠲᠠ ᠶᠢᠨ ᠡᠮᠦᠨᠡᠲᠦ ᠬᠡᠰᠡᠭ ᠭᠠᠵᠠᠷ ᠣᠷᠣᠨ ᠵᠢᠴᠢ ᠤᠯᠠᠭᠠᠨᠴᠠᠪ ᠤᠨ ᠡᠮᠦᠨᠡᠭᠦᠷᠬᠢ ᠬᠡᠰᠡᠭ ᠭᠠᠵᠠᠷ ᠣᠷᠣᠨ ᠪᠣᠯ ᠲᠠᠷᠢᠶᠠᠨ ᠭᠠᠵᠠᠷ ᠤᠨ ᠦᠶᠡᠷ ᠤᠰᠤᠲᠤᠯ ᠤᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ︔ 9 ᠰᠠᠷ᠎ᠠ ᠶᠢᠨ 11 ᠤ ᠡᠳᠦᠷ᠂ ᠣᠷᠳᠣᠰ ᠬᠤᠲᠠ ᠶᠢᠨ ᠵᠡᠭᠦᠨ ᠪᠡᠶ᠎ᠡ ᠶᠢᠨ ᠶᠡᠬᠡᠩᠬᠢ ᠬᠡᠰᠡᠭ᠂ ᠡᠮᠦᠨ᠎ᠡ ᠪᠡᠶ᠎ᠡ ᠶᠢᠨ ᠬᠡᠰᠡᠭ ᠭᠠᠵᠠᠷ ᠣᠷᠣᠨ᠂ ᠬᠥᠬᠡᠬᠤᠲᠠ ᠶᠢᠨ ᠡᠮᠦᠨ᠎ᠡ ᠪᠡᠶ᠎ᠡ ᠵᠢᠴᠢ ᠪᠠᠷᠠᠭᠤᠨ ᠬᠤᠶᠢᠲᠤ ᠪᠡᠶ᠎ᠡ᠂ ᠤᠯᠠᠭᠠᠨᠴᠠᠪ ᠤᠨ ᠡᠮᠦᠨ᠎ᠡ ᠪᠡᠶ᠎ᠡ᠂ ᠳᠤᠮᠳᠠ ᠪᠡᠶ᠎ᠡ ᠵᠢᠴᠢ ᠪᠠᠶᠠᠨᠨᠠᠭᠤᠷ ᠤᠨ ᠵᠡᠭᠦᠨ ᠡᠮᠦᠨ᠎ᠡ ᠪᠡᠶ᠎ᠡ ᠶᠢᠨ ᠬᠡᠰᠡᠭ ᠭᠠᠵᠠᠷ ᠣᠷᠣᠨ ᠪᠣᠯ ᠲᠠᠷᠢᠶᠠᠨ ᠭᠠᠵᠠᠷ ᠤᠨ ᠦᠶᠡᠷ ᠤᠰᠤᠲᠤᠯ ᠤᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠤᠶᠤ ᠨᠡᠯᠢᠶᠡᠳ ᠶᠡᠭᠡ ᠲᠦᠭᠰᠢᠭᠦᠷᠢᠲᠡᠢ ᠭᠠᠵᠠᠷ ᠣᠷᠣᠨ ᠪᠣᠯᠣᠨ᠎ᠠ︔ 9 ᠰᠠᠷ᠎ᠠ ᠶᠢᠨ 12 ᠤᠨ ᠡᠳᠦᠷ᠂ ᠣᠷᠳᠣᠰ ᠬᠤᠲᠠ ᠶᠢᠨ ᠵᠡᠭᠦᠨ ᠬᠡᠰᠡᠭ ᠤᠨ ᠶᠡᠬᠡᠩᠬᠢ ᠬᠡᠰᠡᠭ ᠭᠠᠵᠠᠷ ᠣᠷᠣᠨ᠂ ᠡᠮᠦᠨᠡᠲᠦ ᠬᠡᠰᠡᠭ ᠤᠨ ᠬᠡᠰᠡᠭ ᠭᠠᠵᠠᠷ ᠣᠷᠣᠨ᠂ ᠬᠥᠬᠡᠬᠤᠲᠠ ᠶᠢᠨ ᠡᠮᠦᠨ᠎ᠡ ᠪᠡᠶ᠎ᠡ ᠵᠢᠴᠢ ᠪᠠᠷᠠᠭᠤᠨ ᠬᠤᠶᠢᠲᠤ ᠬᠡᠰᠡᠭ ᠭᠠᠵᠠᠷ ᠣᠷᠣᠨ᠂ ᠤᠯᠠᠭᠠᠨᠴᠠᠪ ᠤᠨ ᠡᠮᠦᠨᠡᠭᠦᠷᠬᠢ ᠬᠡᠰᠡᠭ ᠭᠠᠵᠠᠷ ᠣᠷᠣᠨ ᠪᠣᠯ ᠲᠠᠷᠢᠶᠠᠨ ᠭᠠᠵᠠᠷ ᠤᠨ ᠦᠶᠡᠷ ᠤᠰᠤᠲᠤᠯ ᠤᠨ ᠳᠤᠮᠳᠠ ᠵᠡᠷᠭᠡ ᠶᠢᠨ ᠲᠦᠭᠰᠢᠭᠦᠷᠢᠲᠡᠢ ᠪᠤᠶᠤ ᠨᠡᠯᠢᠶᠡᠳ ᠶᠡᠭᠡ ᠠᠶᠤᠯ ᠲᠦᠭᠰᠢᠭᠦᠷᠢᠲᠡᠢ ᠭᠠᠵᠠᠷ ᠣᠷᠣᠨ ᠪᠣᠯᠣᠨ᠎ᠠ ︵ᠳᠠᠭᠠᠯᠳᠤᠭᠤᠯᠤᠯ ᠵᠢᠷᠤᠭ︶᠃ ᠲᠣᠰ ᠤᠳᠠᠭᠠᠨ ᠤ ᠬᠤᠷ᠎ᠠ ᠲᠤᠨᠳᠠᠰᠤ ᠶᠢᠨ ᠶᠠᠪᠤᠴᠠ ᠨᠢ ᠦᠶᠡᠷ ᠤᠰᠤᠲᠤᠯ ᠤᠨ ᠭᠠᠮᠰᠢᠭ ᠤᠨ ᠲᠦᠭᠰᠢᠭᠦᠷᠢᠲᠡᠢ ᠲᠠᠷᠢᠶᠠᠯᠠᠬᠤ ᠣᠷᠣᠨ ᠤ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠵᠡᠷᠭᠡ ᠶᠢᠨ ᠲᠠᠷᠢᠶᠠᠨ ᠳᠠᠬᠢ ᠲᠠᠷᠢᠮᠠᠯ ᠤᠨ ᠥᠰᠦᠯᠲᠡ ᠪᠤᠶᠢᠵᠢᠯᠲᠠ ᠳᠤ ᠠᠰᠢᠭ ᠦᠭᠡᠢ ᠨᠥᠯᠥᠭᠡ ᠦᠵᠡᠭᠦᠯᠬᠦ ᠪᠣᠯᠣᠨ᠎ᠠ᠃      ᠬᠤᠷᠢᠭᠯᠠᠬᠤ ᠠᠷᠭ᠎ᠠ ᠪᠣᠳᠣᠯᠭ᠎ᠠ᠄      ᠨᠢᠭᠡ ᠳᠤ ᠴᠠᠭ ᠲᠤᠬᠠᠢ ᠳᠤᠨᠢ ᠤᠰᠤᠲᠤᠯ ᠢ ᠵᠠᠯᠠᠨ ᠴᠢᠬᠢᠭ ᠢ ᠰᠠᠷᠨᠢᠭᠤᠯᠵᠤ᠂ ᠳᠣᠣᠷ᠎ᠠ ᠬᠤᠲᠣᠭᠤᠷ ᠠᠮᠠᠷᠬᠠᠨ ᠤᠰᠤᠲᠤᠬᠤ ᠭᠠᠵᠠᠷ ᠲᠤ ᠴᠠᠭ ᠲᠤᠬᠠᠢ ᠳᠤᠨᠢ ᠤᠰᠤ ᠵᠠᠯᠠᠬᠤ ᠰᠤᠪᠠᠭ ᠪᠠ ᠤᠰᠤ ᠬᠤᠷᠠᠬᠤ ᠨᠦᠬᠡ ᠮᠠᠯᠲᠠᠬᠤ᠂ ᠭᠤᠤ ᠰᠤᠪᠠᠭ ᠢ ᠨᠡᠪᠲᠡᠷᠡᠭᠦᠯᠬᠦ ᠪᠠ ᠮᠠᠰᠢᠨ ᠢᠶᠠᠷ ᠵᠠᠪᠳᠤᠨ ᠵᠠᠯᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠤᠰᠤ ᠶᠢ ᠵᠠᠪᠳᠤᠨ ᠭᠠᠳᠠᠭᠰᠢᠯᠠᠭᠤᠯᠵᠤ᠂ ᠤᠰᠤ ᠶᠢ ᠠᠷᠢᠯᠭᠠᠨ ᠤᠰᠤᠲᠤᠯ ᠢ ᠳᠣᠷᠣᠭᠰᠢᠯᠠᠭᠤᠯᠵᠤ᠂ ᠴᠢᠬᠢᠭ ᠢ ᠳᠠᠷᠤᠨ ᠰᠠᠷᠨᠢᠭᠤᠯᠵᠤ᠂ ᠦᠨᠳᠦᠰᠦᠨ ᠤ ᠰᠢᠰᠲ᠋ᠧᠮ ᠪᠠ ᠤᠷᠭᠤᠮᠠᠯ ᠤᠨ ᠳᠠᠬᠢᠨ ᠤᠷᠭᠤᠯᠲᠠ ᠶᠢ ᠠᠬᠢᠭᠤᠯᠵᠤ᠂ ᠤᠰᠤ ᠬᠤᠷᠠᠭᠰᠠᠨ ᠠᠴᠠ ᠪᠣᠯᠵᠤ ᠡᠷᠲᠡ ᠮᠠᠭᠤᠳᠠᠬᠤ᠂ ᠴᠢᠬᠢ ᠦᠬᠦᠬᠦ ᠵᠡᠷᠭᠡ ᠦᠵᠡᠭᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃      ᠬᠤᠶᠠᠷ ᠲᠤ ᠤᠰᠤᠲᠤᠭᠰᠠᠨ ᠭᠠᠵᠠᠷ ᠤᠨ ᠢᠯᠵᠢᠷᠡᠭᠰᠡᠨ ᠰᠢᠷᠠᠯᠠᠭᠰᠠᠨ ᠨᠠᠪᠴᠢ ᠶᠢ ᠴᠠᠭ ᠲᠤᠬᠠᠢ ᠳᠤᠨᠢ ᠴᠡᠪᠡᠷᠯᠡᠨ ᠠᠷᠢᠯᠭᠠᠵᠤ᠂ ᠤᠰᠤ ᠲᠠᠲᠠᠷᠠᠭᠤᠯᠤᠭᠰᠠᠨ ᠤ ᠳᠠᠷᠠᠭ᠎ᠠ ᠤᠷᠭᠤᠮᠠᠯ ᠢ ᠴᠠᠭ ᠲᠤᠬᠠᠢ ᠳᠤᠨᠢ ᠲᠡᠭᠰᠢᠯᠡᠨ᠎ᠡ︔ ᠤᠰᠤ ᠲᠠᠲᠠᠷᠠᠭᠤᠯᠤᠭᠰᠠᠨ ᠤ ᠳᠠᠷᠠᠭ᠎ᠠ ᠮᠠᠰᠢ ᠲᠦᠷᠭᠡᠨ ᠢᠶᠠᠷ ᠭᠦᠢᠴᠡᠳ ᠬᠡᠮᠵᠢᠶᠡᠨ ᠤ ᠪᠣᠷᠳᠣᠭᠤᠷ ᠣᠷᠣᠭᠤᠯᠵᠤ᠂ ᠦᠨᠳᠦᠰᠦ ᠶᠢ ᠨᠢ ᠲᠡᠵᠢᠭᠡᠵᠦ ᠨᠠᠪᠴᠢ ᠶᠢ ᠨᠢ ᠬᠠᠮᠠᠭᠠᠯᠠᠨ᠎ᠠ︔ ᠨᠡᠯᠢᠶᠡᠳ ᠬᠦᠨᠳᠦ ᠭᠠᠮᠰᠢᠭᠳᠠᠭᠰᠠᠨ ᠭᠠᠵᠠᠷ ᠲᠤ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠵᠡᠷᠭᠡ ᠪᠣᠷᠳᠣᠭᠤᠷ ᠪᠠ ᠰᠥᠷᠬᠦ ᠶᠢ ᠡᠰᠡᠷᠭᠦᠴᠡᠬᠦ ᠨᠠᠶᠢᠷᠠᠯᠭ᠎ᠠ ᠶᠢ ᠰᠦᠷᠴᠢᠨ ᠣᠷᠣᠭᠤᠯᠬᠤ ᠪᠠᠷ ᠳᠠᠮᠵᠢᠭᠤᠯᠤᠨ᠂ ᠪᠣᠷᠳᠣᠭᠤᠷ ᠤᠰᠤ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠡᠵᠡᠮᠳᠡᠵᠦ᠂ ᠲᠠᠷᠢᠮᠠᠯ ᠤᠨ ᠰᠡᠷᠭᠦᠭᠡᠯᠲᠡ ᠶᠢᠨ ᠥᠰᠦᠯᠲᠡ ᠶᠢ ᠲᠦᠷᠭᠡᠬᠡᠨ ᠠᠬᠢᠭᠤᠯᠬᠤ ᠬᠡᠷᠡᠭᠲᠡᠢ᠃      ᠭᠤᠷᠪᠠ ᠳᠤ ᠤᠰᠤᠲᠤᠯ ᠠᠴᠠ ᠪᠣᠯᠵᠤ ᠬᠤᠷᠢᠶᠠᠯᠲᠠ ᠠᠯᠳᠠᠭᠰᠠᠨ ᠭᠠᠵᠠᠷ ᠲᠤ ᠭᠠᠮᠰᠢᠭ ᠠᠴᠠ ᠠᠪᠤᠷᠠᠬᠤ ᠦᠷ᠎ᠡ ᠶᠢ ᠡᠷᠲᠡᠬᠡᠨ ᠪᠡᠯᠡᠳᠬᠡᠵᠦ᠂ ᠤᠷᠭᠤᠯᠲᠠ ᠨᠢ ᠣᠬᠤᠷ ᠬᠤᠭᠤᠴᠠᠭᠠᠨ ᠤ ᠲᠠᠷᠢᠮᠠᠯ ᠢ ᠴᠠᠭ ᠲᠤᠬᠠᠢ ᠳᠤᠨᠢ ᠨᠥᠬᠦᠪᠦᠷᠢᠯᠡᠨ ᠥᠭᠡᠷᠡᠴᠢᠯᠡᠨ ᠲᠠᠷᠢᠵᠤ᠂ ᠦᠢᠯᠡᠳᠪᠦᠷᠢᠯᠡᠯ ᠢᠶᠠᠨ ᠲᠦᠷᠭᠡᠬᠡᠨ ᠰᠡᠷᠭᠦᠭᠡᠵᠦ᠂ ᠭᠠᠮᠰᠢᠭ ᠤᠨ ᠬᠤᠬᠢᠷᠠᠯ ᠢ ᠪᠠᠭᠠᠰᠬᠠᠬᠤ ᠬᠡᠷᠡᠭᠲᠡᠢ᠃
1.png
2.png
3.png
4.png
5.png
6.png
      ᠳᠠᠭᠠᠯᠳᠤᠭᠤᠯᠤᠯ ᠵᠢᠷᠤᠭ   9 ᠰᠠᠷ᠎ᠠ ᠶᠢᠨ 6 ᠤ ᠡᠳᠦᠷ ᠠᠴᠠ 9 ᠰᠠᠷ᠎ᠠ ᠶᠢᠨ 9 ᠤ ᠡᠳᠦᠷ᠂ 9 ᠰᠠᠷ᠎ᠠ ᠶᠢᠨ 11 ᠤ ᠡᠳᠦᠷ ᠠᠴᠠ 9 ᠰᠠᠷ᠎ᠠ ᠶᠢᠨ 12 ᠤᠨ ᠡᠳᠦᠷ ᠪᠣᠯᠲᠠᠯ᠎ᠠ ᠥᠪᠥᠷ ᠮᠣᠩᠭᠤᠯ ᠣᠷᠣᠨ ᠤ ᠲᠠᠷᠢᠶᠠᠨ ᠭᠠᠵᠠᠷ ᠤᠨ ᠦᠶᠡᠷ ᠤᠰᠤᠲᠤᠯ ᠤᠨ ᠴᠠᠭ ᠠᠭᠤᠷ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号