ᠰᠢᠷ᠎ᠠ ᠪᠤᠷᠴᠠᠭ ᠤᠨ ᠨᠠᠪᠴᠢᠨ ᠬᠤᠮᠢᠭᠤᠷ ᠮᠢᠩ ᠡᠷᠪᠡᠬᠡᠢ ᠶᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2024/9/4
      ᠰᠢᠷ᠎ᠠ ᠪᠤᠷᠴᠠᠭ ᠤᠨ ᠨᠠᠪᠴᠢᠨ ᠬᠤᠮᠢᠭᠤᠷ ᠮᠢᠩ ᠡᠷᠪᠡᠬᠡᠢ ᠶᠢ ᠪᠠᠰᠠ ᠰᠢᠷ᠎ᠠ ᠪᠤᠷᠴᠠᠭ ᠤᠨ ᠨᠠᠪᠴᠢᠨ ᠬᠤᠮᠢᠭᠤᠷ ᠬᠤᠷᠣᠬᠠᠢ᠂ ᠰᠢᠷ᠎ᠠ ᠪᠤᠷᠴᠠᠭ ᠤᠨ ᠨᠠᠪᠴᠢᠨ ᠬᠤᠮᠢᠭᠤᠷ ᠬᠡᠭᠡᠷ᠎ᠡ ᠶᠢᠨ ᠮᠢᠩ ᠡᠷᠪᠡᠬᠡᠢ᠂ ᠳ᠋ᠸᠦ ᠰᠠᠨ ᠲᠢᠶᠣᠣ ᠬᠡᠭᠡᠷ᠎ᠡ ᠶᠢᠨ ᠮᠢᠩ ᠡᠷᠪᠡᠬᠡᠢ ᠭᠡᠳᠡᠭ᠃ ᠲᠡᠷᠡ ᠨᠢ ᠬᠠᠶᠢᠷᠰᠤᠯᠢᠭ ᠳᠠᠯᠠᠪᠴᠢᠳᠠᠨ ᠤ ᠪᠠᠭ ᠤᠨ ᠮᠢᠩ ᠡᠷᠪᠡᠬᠡᠢ ᠶᠢᠨ ᠢᠵᠠᠭᠤᠷ ᠲᠤ ᠪᠠᠭᠲᠠᠵᠤ᠂ ᠭᠤᠣᠯᠳᠠᠭᠤ ᠰᠢᠷ᠎ᠠ ᠪᠤᠷᠴᠠᠭ ᠢ ᠬᠤᠣᠷᠳᠠᠭᠤᠯᠳᠠᠭ᠂ ᠳᠠᠷᠠᠭᠠᠯᠠᠪᠠᠯ ᠨᠣᠭᠤᠭᠠᠨ ᠪᠤᠷᠴᠠᠭ᠂ ᠤᠯᠠᠭᠠᠨ ᠪᠤᠷᠴᠠᠭ᠂ ᠨᠣᠭᠤᠭ᠎ᠠ ᠶᠢᠨ ᠪᠤᠷᠴᠠᠭ᠂ ᠬᠠᠪᠲᠠᠭᠠᠢ ᠪᠤᠷᠴᠠᠭ ᠵᠡᠷᠭᠡ ᠪᠤᠷᠴᠠᠭ ᠤᠨ ᠢᠵᠠᠭᠤᠷ ᠤᠨ ᠲᠠᠷᠢᠮᠠᠯ ᠢ ᠬᠤᠣᠷᠳᠠᠭᠤᠯᠵᠤ᠂ ᠪᠤᠷᠴᠠᠭ ᠤᠨ ᠲᠥᠷᠥᠯ ᠤᠨ ᠲᠠᠷᠢᠮᠠᠯ ᠤᠨ ᠭᠤᠣᠯ ᠬᠤᠣᠷᠲᠤ ᠬᠤᠷᠣᠬᠠᠢ ᠶᠢᠨ ᠨᠢᠭᠡ ᠨᠢ ᠪᠣᠯᠣᠨ᠎ᠠ᠃      ᠰᠢᠷ᠎ᠠ ᠪᠤᠷᠴᠠᠭ ᠤᠨ ᠨᠠᠪᠴᠢᠨ ᠬᠤᠮᠢᠭᠤᠷ ᠮᠢᠩ ᠡᠷᠪᠡᠬᠡᠢ ᠨᠢ ᠠᠪᠠᠭᠠᠯᠳᠠᠢ ᠪᠠᠷ ᠢᠶᠠᠨ ᠨᠠᠪᠴᠢᠨ ᠤ ᠢᠯᠲᠠᠰᠤ ᠶᠢ ᠬᠥᠨᠥᠭᠡᠵᠦ᠂ ᠨᠠᠪᠴᠢ ᠶᠢ ᠬᠦᠨᠦᠭᠡᠳᠡᠭ᠃ ᠠᠪᠠᠭᠠᠯᠳᠠᠢ  ᠨᠢ ᠬᠤᠮᠢᠭᠤᠷ ᠨᠠᠪᠴᠢᠨ ᠳᠣᠲᠣᠷ᠎ᠠ ᠨᠢᠭᠤᠭᠳᠠᠨ ᠨᠠᠪᠴᠢᠨ ᠤ ᠮᠢᠬ᠎ᠠ ᠶᠢ ᠢᠳᠡᠵᠦ᠂ ᠨᠠᠪᠴᠢᠨ ᠤ ᠰᠤᠳᠠᠰᠤ ᠦᠯᠡᠳᠡᠵᠦ᠂ ᠰᠢᠷ᠎ᠠ ᠪᠤᠷᠴᠠᠭ ᠤᠨ ᠨᠠᠪᠴᠢᠨ ᠤ ᠭᠡᠷᠡᠯ ᠤᠨ ᠨᠡᠶᠢᠯᠡᠯᠭᠡ ᠶᠢᠨ ᠦᠢᠯᠡᠳᠦᠯ ᠢ ᠨᠥᠯᠥᠭᠡᠯᠡᠵᠦ᠂ ᠤᠷᠭᠤᠮᠠᠯ ᠤᠨ ᠡᠰᠢ  ᠨᠢ ᠬᠡᠪ ᠤᠨ ᠪᠠᠶᠢᠳᠠᠯ ᠢᠶᠠᠷ ᠤᠷᠭᠤᠵᠤ ᠴᠢᠳᠠᠬᠤ ᠦᠭᠡᠢ ᠪᠣᠯᠬᠤᠷ᠂ ᠰᠢᠷ᠎ᠠ ᠪᠤᠷᠴᠠᠭ ᠢ ᠴᠡᠴᠡᠭ ᠵᠤᠯᠭᠠᠷᠠᠭᠤᠯᠤᠨ ᠬᠤᠩᠭᠤᠷᠴᠤᠭ ᠶᠢ  ᠨᠢ ᠤᠨᠠᠭᠠᠳᠠᠭ᠃ ᠲᠠᠷᠢᠶᠠᠨ ᠭᠠᠵᠠᠷ ᠤᠨ ᠪᠠᠶᠢᠴᠠᠭᠠᠯᠲᠠ ᠪᠠᠷ᠂ ᠰᠢᠷ᠎ᠠ ᠪᠤᠷᠴᠠᠭ ᠤᠨ ᠨᠠᠪᠴᠢᠨ ᠬᠤᠮᠢᠭᠤᠷ ᠮᠢᠩ ᠡᠷᠪᠡᠬᠡᠢ ᠶᠢᠨ ᠬᠤᠣᠷᠯᠠᠭᠳᠠᠭᠰᠠᠨ ᠡᠰᠢ ᠶᠢᠨ ᠳᠤᠮᠳᠠᠴᠢ ᠨᠣᠷᠮ᠎ᠠ  ᠨᠢ 19% ᠪᠠᠶᠢᠵᠤ᠂ ᠵᠠᠭᠤᠨ ᠡᠰᠢᠨ ᠳᠤ ᠬᠤᠷᠣᠬᠠᠢ ᠶᠢᠨ ᠳᠤᠮᠳᠠᠴᠢ ᠬᠡᠮᠵᠢᠶ᠎ᠡ ᠨᠢ 5 ᠲᠣᠯᠣᠭᠠᠢ ᠪᠠᠶᠢᠳᠠᠭ᠃ 8 ᠰᠠᠷ᠎ᠠ ᠳᠤ᠂ ᠪᠣᠷᠣᠭᠠᠨ ᠨᠡᠯᠢᠶᠡᠳ ᠠᠷᠪᠢᠨ᠂ ᠲᠠᠷᠢᠶᠠᠨ ᠭᠠᠵᠠᠷ ᠤᠨ ᠴᠢᠭᠢᠭᠲᠦᠴᠡ ᠶᠡᠭᠡ᠂ ᠲᠡᠭᠷᠢ ᠴᠡᠯᠮᠡᠭᠰᠢᠭᠰᠡᠨ ᠤ ᠳᠠᠷᠠᠭ᠎ᠠ ᠳᠤᠯᠠᠭᠠᠨ ᠤ ᠬᠡᠮᠵᠢᠶ᠎ᠡ ᠨᠢ ᠨᠡᠯᠢᠶᠡᠳ ᠥᠨᠳᠥᠷ ᠪᠠᠶᠢᠵᠤ᠂ ᠰᠢᠷ᠎ᠠ ᠪᠤᠷᠴᠠᠭ ᠤᠨ ᠨᠠᠪᠴᠢᠨ ᠬᠤᠮᠢᠭᠤᠷ ᠮᠢᠩ ᠡᠷᠪᠡᠬᠡᠢ ᠡᠭᠦᠰᠬᠦ ᠳᠤ ᠠᠰᠢᠭᠲᠠᠢ ᠪᠠᠶᠢᠳᠠᠭ᠃ ᠲᠠᠷᠢᠮᠠᠯ ᠤᠨ ᠡᠷᠦᠬᠡ ᠠᠰᠢᠭᠲᠠᠢ ᠴᠠᠭ ᠲᠣᠬᠢᠶᠠᠯ ᠢ ᠠᠮᠵᠢᠵᠤ᠂ ᠲᠠᠷᠢᠶᠠᠨ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ ᠰᠡᠷᠭᠡᠶᠢᠯᠡᠨ ᠡᠵᠡᠮᠳᠡᠬᠦ ᠬᠡᠷᠡᠭᠲᠡᠢ᠃      ᠪᠡᠶ᠎ᠡ ᠭᠦᠢᠴᠡᠭᠰᠡᠨ ᠬᠤᠷᠣᠬᠠᠢ ᠶᠢ ᠥᠳᠥᠭᠡᠨ ᠠᠯᠠᠬᠤ᠃ ᠰᠢᠷ᠎ᠠ ᠪᠤᠷᠴᠠᠭ ᠤᠨ ᠨᠠᠪᠴᠢᠨ ᠬᠤᠮᠢᠭᠤᠷ ᠮᠢᠩ ᠡᠷᠪᠡᠬᠡᠢ ᠶᠢᠨ ᠪᠡᠶ᠎ᠡ ᠭᠦᠢᠴᠡᠭᠰᠡᠨ ᠬᠤᠷᠣᠬᠠᠢ  ᠨᠢ ᠭᠡᠷᠡᠯ ᠳᠤ ᠲᠡᠮᠡᠦᠯᠬᠦ ᠣᠨᠴᠠᠯᠢᠭ ᠲᠠᠢ ᠪᠠᠶᠢᠳᠠᠭ᠂ ᠰᠢᠷ᠎ᠠ ᠪᠤᠷᠴᠠᠭ ᠳᠠᠷᠢᠬᠤ ᠲᠠᠯᠠᠪᠠᠶ ᠨᠢ ᠨᠡᠯᠢᠶᠡᠳ ᠶᠡᠭᠡ ᠭᠠᠵᠠᠷ ᠣᠷᠣᠨ ᠳᠤ᠂ ᠪᠡᠶ᠎ᠡ ᠭᠦᠢᠴᠡᠭᠰᠡᠨ ᠬᠤᠷᠣᠬᠠᠢ ᠦᠷᠡᠵᠢᠬᠦ ᠬᠤᠭᠤᠴᠠᠭᠠᠨ ᠳᠤ ᠬᠠᠷ᠎ᠠ ᠬᠡᠷᠡᠯᠳᠦ ᠳ᠋ᠧᠩ ᠪᠤᠶᠤ ᠪᠡᠯᠭᠡ ᠶᠢᠨ ᠥᠳᠥᠭᠡᠭᠴᠢ ᠡᠳ᠋ ᠢᠶᠠᠷ ᠪᠡᠶ᠎ᠡ ᠭᠦᠢᠴᠡᠭᠰᠡᠨ ᠬᠤᠷᠣᠬᠠᠢ ᠶᠢ ᠥᠳᠥᠭᠡᠨ ᠠᠯᠠᠵᠤ᠂ ᠲᠠᠷᠢᠶᠠᠨ ᠭᠠᠵᠠᠷ  ᠲᠤ ᠥᠨᠳᠡᠭᠡᠯᠡᠬᠦ ᠬᠡᠮᠵᠢᠶ᠎ᠡ ᠶᠢ ᠪᠠᠭᠤᠷᠠᠭᠤᠯᠤᠨ᠂ ᠬᠤᠷᠣᠬᠠᠢ ᠶᠢᠨ ᠰᠠᠭᠤᠷᠢ ᠲᠤᠭ᠎ᠠ ᠶᠢ ᠪᠠᠭᠤᠷᠠᠭᠤᠯᠵᠤ᠂ ᠬᠥᠨᠥᠭᠡᠯ ᠢ ᠪᠠᠭᠠᠰᠬᠠᠵᠤ ᠪᠤᠯᠤᠨ᠎ᠠ᠃      ᠬᠥᠮᠥᠨ ᠤ ᠬᠦᠴᠦ ᠪᠠᠷ ᠠᠪᠠᠭᠠᠯᠳᠠᠢ ᠶᠢ ᠪᠠᠷᠢᠬᠤ᠃ ᠰᠢᠷ᠎ᠠ ᠪᠤᠷᠴᠠᠭ ᠤᠨ ᠨᠠᠪᠴᠢᠨ ᠬᠤᠮᠢᠭᠤᠷ ᠮᠢᠩ ᠡᠷᠪᠡᠬᠡᠢ ᠡᠭᠦᠰᠦᠭᠰᠡᠨ ᠡᠬᠢᠨ ᠤ ᠬᠤᠭᠤᠴᠠᠭᠠᠨ ᠳᠤ ᠲᠠᠷᠢᠶᠠᠨ ᠭᠠᠵᠠᠷ ᠤᠨ ᠬᠤᠮᠢᠭᠤᠷ ᠨᠠᠪᠴᠢ ᠶᠢ ᠨᠢ ᠴᠠᠭ ᠲᠤᠬᠠᠢ ᠳᠤᠨᠢ ᠪᠠᠶᠢᠴᠠᠭᠠᠨ ᠦᠵᠡᠵᠦ ᠣᠭᠲᠣᠯᠣᠨ ᠬᠠᠶᠠᠵᠤ᠂ ᠲᠠᠷᠢᠶᠠᠨ ᠭᠠᠵᠠᠷ ᠤᠨ ᠠᠪᠠᠭᠠᠯᠳᠠᠢ ᠶᠢ ᠤᠰᠠᠳᠬᠠᠬᠤ ᠪᠤᠶᠤ ᠲᠠᠷᠢᠶᠠᠨ ᠭᠠᠵᠠᠷ ᠠᠴᠠ ᠠᠪᠴᠤ ᠭᠠᠷᠴᠤ ᠲᠥᠪᠯᠡᠷᠡᠭᠦᠯᠦᠨ ᠰᠢᠢᠳᠪᠦᠷᠢᠯᠡᠵᠦ ᠪᠤᠯᠤᠨ᠎ᠠ᠃      ᠡᠮ ᠢᠶᠠᠷ ᠰᠡᠷᠭᠡᠶᠢᠯᠡᠨ ᠵᠠᠰᠠᠬᠤ᠃ ᠡᠯ᠎ᠡ ᠦᠶ᠎ᠡ ᠡᠭᠦᠰᠦᠭᠰᠡᠨ ᠬᠤᠭᠤᠴᠠᠭᠠᠨ ᠳᠤ1%~2% ᠤᠨ ᠤᠷᠭᠤᠮᠠᠯ ᠤᠨ ᠡᠰᠢᠨ ᠳᠤ ᠬᠤᠮᠢᠭᠤᠷ ᠨᠠᠪᠴᠢ ᠶᠢᠨ ᠬᠥᠨᠥᠭᠡᠯ ᠲᠠᠢ ᠦᠶ᠎ᠡ ᠠᠴᠠ ᠡᠬᠢᠯᠡᠨ ᠰᠡᠷᠭᠡᠶᠢᠯᠡᠨ ᠵᠠᠰᠠᠵᠤ᠂ 7~10 ᠡᠳᠦᠷ ᠠᠯᠤᠰᠯᠠᠬᠤ ᠪᠦᠷᠢ ᠨᠢᠭᠡ ᠤᠳᠠᠭ᠎ᠠ ᠰᠡᠷᠭᠡᠶᠢᠯᠡᠨ ᠵᠠᠰᠠᠵᠤ᠂ ᠦᠷᠭᠦᠯᠵᠢᠯᠡᠨ 2 ᠤᠳᠠᠭ᠎ᠠ ᠰᠡᠷᠭᠡᠶᠢᠯᠡᠨ ᠵᠠᠰᠠᠬᠤ ᠬᠡᠷᠡᠭᠲᠡᠢ᠃ ᠰᠡᠷᠭᠡᠶᠢᠯᠡᠨ ᠵᠠᠰᠠᠬᠤ ᠳᠤ 1.8% ᠶᠢᠨ ᠠᠸᠢ ᠪᠠᠺᠲ᠋ᠧᠷᠢ ᠶᠢᠨ ᠡᠳ᠋ ᠤᠨ ᠴᠢᠢᠳᠡᠮᠯᠢᠭ ᠲᠣᠰᠣ ︵阿维菌素乳油︶᠂ 480 ᠭᠷᠡᠮ/ ᠯᠢᠲᠷ ᠬᠤᠣᠷᠲᠤ ᠬᠤᠪᠢᠯᠵᠠ ᠶᠢᠨ ᠴᠢᠢᠳᠡᠮᠯᠢᠭ ᠲᠣᠰᠣ ︵毒死蜱乳油︶᠂ 100 ᠭᠷᠡᠮ/ ᠯᠢᠲᠷ ᠬᠡᠯᠪᠡᠷᠢ ᠶᠢᠨ ᠾᠯᠣᠷᠲᠤ ᠼᠢᠶᠠᠨ ᠤᠳᠪᠠᠯᠠ ᠡᠰᠲ᠋ᠧᠷ ᠤᠨ ᠴᠢᠢᠳᠡᠮᠯᠢᠭ ᠲᠣᠰᠣ ︵顺式氯氰菊酯乳油︶ ᠵᠡᠷᠭᠡ ᠡᠮ ᠢ ᠰᠣᠩᠭᠤᠨ ᠬᠡᠷᠡᠭᠯᠡᠵᠦ᠂ ᠡᠮ ᠤᠨ ᠬᠡᠷᠡᠭᠯᠡᠬᠦ ᠲᠣᠳᠣᠷᠬᠠᠶᠢᠯᠠᠯᠲᠠ ᠶᠢ ᠦᠨᠳᠦᠰᠦᠯᠡᠨ ᠬᠡᠷᠡᠭᠯᠡᠬᠦ ᠠᠩᠬᠠᠷᠤᠭᠠᠷᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号