︽2024 ᠣᠨ ᠤ ᠨᠢᠭᠡᠳᠦᠭᠡᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠯᠲᠠ ᠶᠢᠨ ᠦᠢᠯᠡᠳᠬᠦᠨ ᠤ ᠲᠥᠷᠥᠯ ᠵᠦᠢᠯ ᠤᠨ ᠵᠦᠭᠯᠡᠭᠦᠷ︾ ᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/9/5
ᠬᠤᠯᠪᠣᠭᠳᠠᠯ ᠪᠦᠬᠦᠢ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠳᠤ᠄      ︽ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠠᠷᠭ᠎ᠠ︾ ︵ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠷᠯᠢᠭ 2018 ᠣᠨ ᠤ 3 ᠳ᠋ᠤᠭᠠᠷ ᠲᠣᠭᠠᠲᠤ︶᠂ ︽ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠠᠵᠢᠯ ᠤᠨ ᠵᠢᠷᠤᠮᠵᠢᠯ︾ ︵ᠲᠠᠷᠢᠶᠠᠯᠠᠩ ᠤᠨ ᠮᠠᠰᠢᠨ ᠲᠠᠷᠬᠠᠭᠠᠭᠰᠠᠨ ﹇2019﹈ 3 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠳᠡᠯᠭᠡᠷᠡᠭᠦᠯᠦᠯᠲᠡ ᠶᠢᠨ ᠬᠢᠨᠠᠨ ᠲᠣᠭᠲᠠᠭᠠᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ︵ᠥᠪᠥᠷ ᠲᠠᠷᠢᠶᠠᠯᠠᠩ ᠤᠨ ᠮᠠᠰᠢᠨ ᠰᠢᠯᠭᠠᠨ ᠲᠠᠷᠬᠠᠭᠠᠭᠰᠠᠨ ﹇2019﹈ 15 ᠳ᠋ᠤᠭᠠᠷ ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠰᠬᠠᠢ ᠬᠢᠨᠠᠨ ᠲᠣᠭᠲᠠᠭᠠᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ︵ᠥᠪᠥᠷ ᠲᠠᠷᠢᠶᠠᠯᠠᠩ ᠤᠨ ᠮᠠᠰᠢᠨ ᠰᠢᠯᠭᠠᠨ ᠲᠠᠷᠬᠠᠭᠠᠭᠰᠠᠨ ﹇2019﹈ 17 ᠳ᠋ᠤᠭᠠᠷ ᠲᠣᠭᠠᠲᠤ︶ ᠤᠨ ᠲᠣᠭᠲᠠᠭᠠᠯ ᠢ ᠦᠨᠳᠦᠰᠦᠯᠡᠵᠦ᠂ ︽ᠤᠯᠤᠰ ᠠᠴᠠ ᠳᠡᠮᠵᠢᠵᠦ ᠪᠠᠶᠢᠭ᠎ᠠ ᠲᠠᠷᠢᠶᠠᠯᠠᠩ ᠤᠨ ᠮᠠᠰᠢᠨ ᠤ ᠳᠡᠯᠭᠡᠷᠡᠭᠦᠯᠦᠯᠲᠡ ᠶᠢᠨ ᠬᠢᠨᠠᠨ ᠲᠣᠭᠲᠠᠭᠠᠬᠤ ᠦᠢᠯᠡᠳᠬᠦᠨ ᠤ ᠲᠥᠷᠥᠯ ᠵᠦᠢᠯ ᠤᠨ ᠵᠦᠭᠯᠡᠭᠦᠷ︾ ᠪᠣᠯᠣᠨ ᠥᠪᠡᠷᠲᠡᠭᠡᠨ ᠵᠠᠰᠠᠬᠤ ᠣᠷᠣᠨ ᠤ ᠣᠲᠣ ᠶᠢᠨ ᠪᠠᠶᠢᠭ᠎ᠠ ᠬᠢᠨᠠᠨ ᠲᠣᠭᠲᠠᠭᠠᠬᠤ ᠴᠢᠳᠠᠪᠤᠷᠢ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠢᠶᠠᠷ ᠵᠥᠪᠰᠢᠶᠡᠷᠡᠭᠦᠯᠦᠭᠡᠳ᠂ ︽2024 ᠣᠨ ᠤ ᠨᠢᠭᠡᠳᠦᠭᠡᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠦᠢᠯᠡᠳᠬᠦᠨ ᠤ ᠲᠥᠷᠥᠯ ᠵᠦᠢᠯ ᠤᠨ ᠵᠦᠭᠯᠡᠭᠦᠷ︾ ᠢ ᠨᠡᠶᠢᠲᠡᠯᠡᠬᠦ ᠶᠢᠨ ᠬᠠᠮᠲᠤ ᠲᠣᠰ ᠡᠳᠦᠷ ᠠᠴᠠ ᠡᠬᠢᠯᠡᠨ ᠬᠡᠷᠡᠭᠵᠢᠭᠦᠯᠵᠦ᠂ 2023 ᠣᠨ ᠳᠤ ᠨᠡᠶᠢᠲᠡᠯᠡᠭᠰᠡᠨ ᠵᠦᠭᠯᠡᠭᠦᠷ ᠢ ᠲᠣᠰ ᠡᠳᠦᠷ ᠠᠴᠠ ᠡᠬᠢᠯᠡᠨ ᠬᠦᠴᠦᠨ ᠦᠭᠡᠢ ᠪᠣᠯᠭᠠᠨ᠎ᠠ᠃ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠳᠡᠭᠡᠷᠡᠬᠢ ᠪᠢᠴᠢᠭ ᠮᠠᠲ᠋ᠧᠷᠢᠶᠠᠯ ᠢ ᠦᠨᠳᠦᠰᠦᠯᠡᠨ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ ︵http://zwfw.nmg.gov.cn︶ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠯᠲᠠ ︵ᠳᠡᠯᠭᠡᠷᠡᠭᠦᠯᠦᠯᠲᠡ ᠶᠢᠨ ᠬᠢᠨᠠᠨ ᠲᠣᠭᠲᠠᠭᠠᠯᠲᠠ᠂ ᠲᠤᠰᠬᠠᠢ ᠲᠦᠷᠦᠯ ᠤᠨ ᠬᠢᠨᠠᠨ ᠲᠣᠭᠲᠠᠭᠠᠯᠲᠠ ᠪᠠᠭᠲᠠᠨ᠎ᠠ︶ ᠶᠢ ᠭᠤᠶᠤᠴᠢᠯᠠᠵᠤ ᠪᠣᠯᠣᠨ᠎ᠠ᠃      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠯᠲᠠ ᠶᠢᠨ ᠭᠤᠶᠤᠴᠢᠯᠠᠯ ᠤᠨ ᠬᠦᠰᠦᠨᠦᠭᠲᠦ︾᠂ ︽ᠬᠡᠷᠡᠭᠯᠡᠭᠴᠢ ᠶᠢᠨ ᠨᠡᠷᠡᠰ︾ ᠢ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠬᠤᠭᠤᠰᠤᠨ ᠥᠯᠢᠭᠡᠷ ᠬᠦᠰᠦᠨᠦᠭᠲᠦ ᠪᠠᠭᠤᠯᠭᠠᠵᠤ᠂ ᠪᠤᠰᠤᠳ ᠮᠠᠲ᠋ᠧᠷᠢᠶᠠᠯ ᠢ ᠲᠤᠷᠰᠢᠯᠲᠠ ᠶᠢᠨ ᠬᠢᠨᠠᠨ ᠲᠣᠭᠲᠠᠭᠠᠯᠲᠠ ᠶᠢᠨ ᠲᠥᠷᠥᠯ ᠬᠡᠯᠪᠡᠷᠢ ᠪᠠ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠱᠠᠭᠠᠷᠳᠠᠯᠭ᠎ᠠ ᠶᠣᠰᠣᠭᠠᠷ ᠪᠡᠯᠡᠳᠬᠡᠵᠦ᠂ ᠬᠠᠷᠠᠭᠠᠯᠵᠠᠭᠰᠠᠨ ᠪᠤᠯᠤᠩ ᠳᠤ ᠬᠠᠮᠢᠶ᠎ᠠ ᠪᠦᠬᠦᠢ ᠮᠠᠲ᠋ᠧᠷᠢᠶᠠᠯ ᠢ ᠳᠠᠮᠵᠢᠭᠤᠯᠬᠤ ᠬᠡᠷᠡᠭᠲᠡᠢ᠃ ᠲᠤᠰᠬᠠᠢ ᠵᠦᠢᠯ ᠤᠨ ᠬᠢᠨᠠᠨ ᠲᠣᠭᠲᠠᠭᠠᠯᠲᠠ ᠬᠢᠯᠭᠡᠬᠦ ᠪᠠᠷ ᠮᠡᠳᠡᠭᠦᠯᠬᠦ ᠦᠶ᠎ᠡ ᠳᠤ᠂ ᠬᠥᠲᠥᠯᠪᠦᠷᠢ ᠶᠢᠨ ᠱᠠᠭᠠᠷᠳᠠᠯᠭ᠎ᠠ ᠳᠤ ᠨᠡᠶᠢᠴᠡᠬᠦ ᠰᠢᠨ᠎ᠡ ᠶᠢ ᠡᠭᠦᠳᠬᠦ ᠴᠢᠨᠠᠷᠲᠠᠢ ᠭᠡᠷᠡᠴᠢᠯᠡᠬᠦ ᠪᠢᠴᠢᠭ ᠮᠠᠲ᠋ᠧᠷᠢᠶᠠᠯ ᠢ ᠬᠡᠷᠡᠭᠯᠡᠭᠴᠢ ᠶᠢᠨ ᠨᠡᠷᠡᠰ ᠤᠨ ᠭᠠᠵᠠᠷ ᠲᠤ ᠳᠠᠮᠵᠢᠭᠤᠯᠵᠤ᠂ ᠬᠥᠲᠥᠯᠪᠦᠷᠢ ᠶᠢᠨ ᠱᠠᠭᠠᠷᠳᠠᠯᠭ᠎ᠠ ᠳᠤ ᠨᠡᠶᠢᠴᠡᠬᠦ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠪᠤᠶᠤ ᠦᠢᠯᠡᠳᠬᠦᠨ ᠤ ᠬᠡᠷᠡᠭᠯᠡᠭᠡᠨ ᠤ ᠮᠡᠳᠡᠭᠦᠯᠦᠯᠲᠡ ︵ᠬᠡᠷᠪᠡ ᠪᠠᠶᠢᠪᠠᠯ︶ ᠬᠢᠭᠡᠳ ᠰᠢᠨ᠎ᠡ ᠶᠢ ᠡᠭᠦᠳᠬᠦ ᠴᠢᠨᠠᠷᠲᠠᠢ ᠭᠡᠷᠡᠴᠢᠯᠡᠬᠦ ᠪᠢᠴᠢᠭ ᠮᠠᠲ᠋ᠧᠷᠢᠶᠠᠯ ᠢ ᠨᠡᠶᠢᠯᠡᠭᠦᠯᠦᠨ ᠳᠠᠮᠵᠢᠭᠤᠯᠤᠨ᠎ᠠ᠃ ᠳᠡᠯᠭᠡᠷᠡᠭᠦᠯᠦᠯᠲᠡ ᠶᠢᠨ ᠬᠢᠨᠠᠨ ᠲᠣᠭᠲᠠᠭᠠᠯᠲᠠ ᠪᠠ ᠲᠤᠰᠬᠠᠢ ᠵᠦᠢᠯ ᠤᠨ ᠬᠢᠨᠠᠨ ᠲᠣᠭᠲᠠᠭᠠᠯᠲᠠ ᠬᠢᠯᠭᠡᠬᠦ ᠪᠠᠷ ᠮᠡᠳᠡᠭᠦᠯᠬᠦ ᠦᠶ᠎ᠡ ᠳᠤ᠂ ᠴᠠᠭᠠᠰᠤᠨ ᠮᠠᠲ᠋ᠧᠷᠢᠶᠠᠯ ᠭᠤᠶᠤᠴᠢᠯᠠᠯ ᠤᠨ ᠬᠦᠰᠦᠨᠦᠭᠲᠦ ᠪᠠ ᠦᠢᠯᠡᠳᠬᠦᠨ ᠤ ᠲᠣᠳᠣᠷᠬᠠᠶᠢᠯᠠᠯᠲᠠ ᠶᠢᠨ ᠪᠢᠴᠢᠭ ᠢ ᠰᠢᠤᠳᠠᠨ ᠢᠶᠠᠷ ᠢᠯᠡᠭᠡᠬᠦ ᠬᠡᠷᠡᠭᠲᠡᠢ᠃      ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠠᠰᠠᠭᠤᠨ ᠯᠠᠪᠯᠠᠬᠤ ᠤᠲᠠᠰᠤ᠄ 0471 ︱ 5332462      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠥᠷᠲᠡᠭᠡ ᠶᠢᠨ ᠠᠰᠠᠭᠤᠨ ᠯᠠᠪᠯᠠᠬᠤ ᠤᠲᠠᠰᠤ᠄ 0471 ︱ 4314387      ᠮᠠᠲ᠋ᠧᠷᠢᠶᠠᠯ ᠢᠯᠡᠭᠡᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠴᠡᠯᠡᠭᠡᠷ ᠲᠠᠯ᠎ᠠ ᠶᠡᠭᠡ ᠵᠡᠭᠡᠯᠢ ᠬᠢᠭᠡᠳ ᠸᠠᠨ ᠲᠦᠩ ᠵᠠᠮ ᠤᠨ ᠠᠭᠤᠯᠵᠠᠷ ᠤᠨ ᠵᠡᠭᠦᠨ ᠡᠮᠦᠨ᠎ᠡ ᠥᠨᠴᠥᠭ      ᠬᠦᠯᠢᠶᠡᠨ ᠠᠪᠤᠭᠴᠢ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ 12 ᠳ᠋ᠤᠭᠠᠷ ᠳᠠᠪᠬᠤᠷᠭ᠎ᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︵ᠶᠡᠭᠡ ᠲᠢᠩᠬᠢᠮ︶      ᠬᠦᠯᠢᠶᠡᠨ ᠠᠪᠤᠭᠴᠢ ᠶᠢᠨ ᠤᠲᠠᠰᠤ᠄ 0471-5332462       ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠲᠦᠭᠦᠷᠡᠭᠰᠡᠨ ᠢ ᠳᠠᠩᠰᠠᠯᠠᠭᠤᠯᠬᠤ ᠲᠤᠬᠠᠢ᠄      ᠱᠠᠭᠠᠷᠳᠠᠯᠭ᠎ᠠ ᠳᠤ ᠨᠡᠶᠢᠴᠡᠭᠰᠡᠨ ᠬᠦᠴᠦᠨ ᠲᠠᠢ ᠬᠤᠭᠤᠴᠠᠭ᠎ᠠ ᠨᠢ ᠳᠦᠭᠦᠷᠴᠦ ᠳᠠᠩᠰᠠᠯᠠᠭᠤᠯᠤᠭᠰᠠᠨ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠰᠢᠯᠭᠠᠨ ᠲᠣᠭᠲᠠᠭᠠᠯᠲᠠ ᠶᠢᠨ ᠦᠨᠡᠮᠯᠡᠯ ᠢ ᠨᠤᠲᠠᠯᠠᠬᠤ ᠪᠠᠷ ᠳᠠᠮᠵᠢᠭᠠᠳ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠨᠢ ᠦᠨᠡᠮᠯᠡᠯ ᠤᠨ ᠬᠤᠭᠤᠴᠠᠭ᠎ᠠ ᠲᠤᠯᠬᠤ ᠠᠴᠠ 6 ᠰᠠᠷ᠎ᠠ ᠶᠢᠨ ᠳᠣᠲᠣᠷ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠰᠢᠰᠲ᠋ᠧᠮ ᠳᠤ ᠦᠨᠡᠮᠯᠡᠯ ᠳᠠᠩᠰᠠᠯᠠᠭᠤᠯᠬᠤ ᠭᠤᠶᠤᠴᠢᠯᠠᠯ ᠢᠶᠠᠨ ᠲᠤᠰᠢᠶᠠᠬᠤ ᠬᠡᠷᠡᠭᠲᠡᠢ᠂ ᠪᠣᠳᠠᠲᠠᠢ ᠱᠠᠭᠠᠷᠳᠠᠯᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠭᠰᠠᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠳᠠᠩᠰᠠᠯᠠᠭᠤᠯᠬᠤ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠲᠠᠷᠢᠶᠠᠯᠠᠩ ᠤᠨ ᠮᠠᠰᠢᠨ ︵ᠬᠢᠨᠠᠬᠤ︶ ᠥᠰᠥᠭ ﹇2024﹈ 3 ᠳ᠋ᠤᠭᠠᠷ ᠲᠣᠭᠠᠲᠤ︶ ᠳᠤ ᠨᠠᠷᠢᠨ ᠦᠵᠡᠭᠡᠷᠡᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠰᠢᠰᠲ᠋ᠧᠮ ᠤᠨ ᠰᠦᠯᠵᠢᠶᠡᠨ ᠤ ᠬᠠᠶ᠋ᠢᠭ ᠢ ᠣᠳᠣᠬᠠᠨ ᠳᠤ᠄ http://219.159.12.141:8090/appraisal_font ᠪᠣᠯᠭᠠᠨ ᠬᠤᠪᠢᠷᠠᠭᠤᠯᠪᠠ᠃ ᠦᠨᠡᠮᠯᠡᠯ ᠤᠨ ᠬᠤᠭᠤᠴᠠᠭ᠎ᠠ ᠲᠤᠯᠬᠤ ᠠᠴᠠ ᠡᠮᠦᠨ᠎ᠡ ᠪᠥᠬᠦ ᠳᠠᠩᠰᠠᠯᠠᠭᠤᠯᠬᠤ ᠵᠢᠷᠤᠮ ᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠭᠤᠶᠤᠴᠢᠯᠠᠬᠤ ᠪᠥᠬᠦ ᠮᠠᠲ᠋ᠧᠷᠢᠶᠠᠯ ᠢᠶᠠᠨ ᠨᠠᠭᠠᠲᠤ ᠵᠠᠬ᠎ᠠ ᠳᠠᠭᠠᠨ 3 ᠰᠠᠷ᠎ᠠ ᠶᠢᠨ ᠡᠮᠦᠨ᠎ᠡ ᠲᠤᠰᠢᠶᠠᠬᠤ ᠶᠢ ᠰᠠᠨᠠᠭᠤᠯᠵᠤ ᠪᠠᠶᠢᠨ᠎ᠠ᠂ ᠬᠤᠯᠪᠣᠭᠳᠠᠯ ᠪᠦᠬᠦᠢ ᠠᠵᠤ ᠠᠬᠤᠶᠢᠯᠠᠯ ᠡᠷᠲᠡᠬᠡᠨ ᠪᠡᠯᠡᠳᠬᠡᠯ ᠬᠢᠭᠡᠷᠡᠢ᠃ ᠬᠡᠷᠪᠡ ᠴᠠᠭ ᠲᠤᠬᠠᠢ ᠳᠤᠨᠢ ᠮᠡᠳᠡᠭᠦᠯᠦᠭᠰᠡᠨ ᠦᠭᠡᠢ ᠠᠴᠠ ᠪᠣᠯᠵᠤ ᠦᠨᠡᠮᠯᠡᠯ ᠤᠨ ᠬᠤᠭᠤᠴᠠᠭ᠎ᠠ ᠲᠤᠯᠬᠤ ᠠᠴᠠ ᠡᠮᠦᠨ᠎ᠡ ᠳᠠᠩᠰᠠᠯᠠᠭᠤᠯᠵᠤ ᠳᠠᠭᠤᠰᠬᠠᠬᠤ ᠶᠢᠨ ᠠᠷᠭ᠎ᠠ ᠦᠭᠡᠢ ᠪᠣᠯᠤᠭᠰᠠᠨ ᠪᠤᠶᠤ ᠳᠠᠩᠰᠠᠯᠠᠭᠤᠯᠬᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠦᠭᠡᠢ ᠭᠡᠵᠦ ᠨᠤᠲᠠᠯᠠᠭᠳᠠᠭᠰᠠᠨ ᠪᠠᠶᠢᠪᠠᠯ᠂ ᠦᠨᠡᠮᠯᠡᠯ ᠨᠢ ᠬᠤᠭᠤᠴᠠᠭ᠎ᠠ ᠬᠡᠲᠦᠷᠡᠭᠰᠡᠨ ᠤ ᠲᠡᠷᠠᠭ᠎ᠠ ᠬᠦᠴᠦᠨ ᠦᠭᠡᠢ ᠪᠣᠯᠣᠨ᠎ᠠ᠃      ᠳᠠᠭᠠᠯᠳᠤᠭᠤᠯᠤᠯ᠄ 2024 ᠣᠨ ᠤ ᠨᠢᠭᠡᠳᠦᠭᠡᠷ ᠪᠦᠯᠦᠭ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠦᠢᠯᠡᠳᠬᠦᠨ ᠤ ᠲᠥᠷᠥᠯ ᠵᠦᠢᠯ ᠤᠨ ᠵᠦᠭᠯᠡᠭᠦᠷ                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠶᠢᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠥᠷᠲᠡᠭᠡ                                                2024 ᠣᠨ ᠤ 9 ᠰᠠᠷ᠎ᠠ ᠶᠢᠨ 5 ᠤ ᠡᠳᠦᠷ
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号