ᠮᠠᠨ ᠤ ᠣᠷᠣᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠦᠷ᠎ᠡ ᠠᠰᠢᠭ  ᠢ ᠰᠠᠶᠢᠲᠤᠷ ᠪᠠᠳᠠᠷᠠᠭᠤᠯᠵᠤ ᠪᠤᠢ
ᠨᠡᠶᠢᠲᠡᠯᠡᠭᠰᠡᠨ ᠴᠠᠭ᠄
2024/9/5
      ᠣᠶᠢᠷ᠎ᠠ ᠶᠢᠨ ᠵᠢᠯ ᠳᠤ᠂ ᠮᠠᠨ ᠤ ᠣᠷᠣᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠡᠯᠡ ᠣᠷᠣᠭᠤᠯᠤᠯᠲᠠ ᠶᠢᠨ ᠪᠡᠯᠡ ᠮᠥᠩᠭᠦ ᠶᠢᠨ ᠦᠷ᠎ᠡ ᠠᠰᠢᠭ ᠢ ᠪᠠᠳᠠᠷᠠᠭᠤᠯᠤᠨ᠂ ᠰᠦ ᠶᠢᠨ ᠢᠷᠡᠯᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠲᠡᠭᠡᠭᠰᠢᠯᠡᠭᠦᠯᠵᠤ ᠦᠷ᠎ᠡ ᠪᠦᠳᠦᠮᠵᠢ ᠶᠢ ᠨᠡᠮᠡᠭᠳᠡᠭᠦᠯᠵᠦ ᠪᠠᠶᠢᠨ᠎ᠠ᠃      ᠪᠡᠯᠡ ᠣᠷᠣᠭᠤᠯᠤᠯᠲᠠ ᠶᠢᠨ ᠨᠡᠮᠡᠭᠳᠡᠯ ᠲᠠᠰᠤᠷᠠᠯᠲᠠ ᠦᠭᠡᠢ ᠥᠷᠭᠡᠵᠢᠪᠡ᠃ ᠲᠦᠷᠦᠭᠦᠤ ᠬᠤᠭᠤᠴᠠᠭᠠᠨ ᠤ ᠪᠡᠯᠡ ᠣᠷᠣᠭᠤᠯᠤᠯᠲᠠ ᠶᠢᠨ ᠰᠠᠭᠤᠷᠢᠨ ᠳᠡᠭᠡᠷ᠎ᠡ᠂ 2024 ᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠡᠯᠡ ᠣᠷᠣᠭᠤᠯᠤᠯᠲᠠ ᠶᠢᠨ ᠪᠡᠯᠡ ᠮᠥᠩᠭᠦ ᠬᠢᠭᠡᠳ ᠢᠯᠢ᠂ ᠮᠧᠩ ᠨᠢᠦ ᠪᠦᠯᠦᠭᠯᠡᠯ ᠤᠨ ᠬᠠᠷᠢᠶ᠎ᠠ ᠪᠦᠬᠦᠢ ᠬᠠᠮᠲᠤᠷᠠᠯᠴᠠᠭᠠᠨ ᠤ ᠭᠤᠣᠯ ᠴᠣᠭᠴᠠ ᠶᠢᠨ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠭᠰᠡᠨ ᠮᠠᠯᠵᠢᠯ ᠤᠨ ᠲᠠᠯᠠᠪᠠᠶ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ 1.3 ᠳ᠋ᠦᠩᠰᠢᠭᠤᠷ ᠲᠥᠭᠦᠷᠢᠭ ᠲᠤ ᠭᠦᠷᠪᠡ᠃ ᠡᠭᠦᠨ ᠳᠤ ᠡᠳ᠋ ᠤᠨ ᠵᠠᠰᠠᠭ ᠠᠴᠠ 0.64 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠰᠦ ᠶᠢᠨ ᠠᠵᠤ ᠠᠬᠤᠶᠢᠯᠠᠯ ᠤᠨ ᠢᠵᠢ ᠪᠦᠷᠢᠳᠦᠭᠦᠯᠬᠦ ᠪᠡᠯᠡ ᠤᠷᠤᠭᠤᠯᠤᠯᠳᠡ 0.66 ᠳ᠋ᠦᠩᠰᠢᠭᠤᠷ ᠲᠥᠭᠦᠷᠢᠭ ᠲᠤ ᠬᠦᠷᠴᠡᠢ᠃ ᠬᠤᠶᠠᠷ ᠵᠢᠯ ᠭᠠᠷᠤᠢ ᠶᠢᠨ ᠲᠤᠷᠰᠢ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠬᠠᠮᠲᠤᠷᠠᠯᠴᠠᠭᠠᠨ ᠤ ᠭᠤᠣᠯ ᠴᠣᠭᠴᠠ ᠯᠤᠭ᠎ᠠ ᠨᠡᠶᠢᠲᠡ 9 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠣᠷᠣᠭᠤᠯᠵᠤ᠂ ᠨᠢᠭᠡ ᠪᠦᠯᠦᠭ ᠬᠡᠪᠴᠢᠶ᠎ᠡ ᠪᠠᠷ ᠶᠡᠭᠡ᠂ ᠪᠠᠷᠢᠮᠵᠢᠶ᠎ᠠ ᠪᠠᠷ ᠥᠨᠳᠥᠷ᠂ ᠰᠦ ᠶᠢᠨ ᠢᠷᠡᠯᠲᠡ ᠶᠢᠨ ᠶᠠᠰᠤ ᠴᠢᠨᠠᠷ ᠢᠶᠠᠷ ᠰᠢᠯᠢᠳᠡᠭ ᠬᠡᠪᠴᠢᠶᠡᠵᠢᠭᠰᠡᠨ ᠮᠠᠯᠵᠢᠯ ᠤᠨ ᠲᠠᠯᠠᠪᠠᠶ ᠪᠠᠶᠢᠭᠤᠯᠬᠤ ᠶᠢ ᠳᠡᠮᠵᠢᠪᠡ᠃      ᠪᠡᠯᠡ ᠣᠷᠣᠭᠤᠯᠤᠯᠲᠠ ᠢᠯᠡᠷᠬᠡᠢ ᠦᠷ᠎ᠡ ᠪᠦᠲᠦᠮᠵᠢ ᠣᠯᠪᠠ᠃ ᠣᠳᠣᠬᠠᠨ ᠪᠤᠯᠲᠠᠯ᠎ᠠ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠡᠯᠡ ᠣᠷᠣᠭᠤᠯᠤᠯᠲᠠ ᠶᠢᠨ ᠪᠡᠯᠡ ᠮᠥᠩᠭᠦ ᠪᠠᠷ 18 ᠬᠡᠪᠴᠢᠶᠡᠵᠢᠭᠰᠡᠨ ᠮᠠᠯᠵᠢᠯ ᠤᠨ ᠲᠠᠯᠠᠪᠠᠶ ᠳᠤ 4.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠰᠦ ᠶᠢᠨ ᠠᠵᠤ ᠠᠬᠤᠶᠢᠯᠠᠯ ᠤᠨ ᠢᠵᠢ ᠪᠦᠷᠢᠳᠦᠭᠦᠯᠬᠦ ᠪᠡᠯᠡ ᠤᠷᠤᠭᠤᠯᠤᠯᠳᠡ ᠶᠢ 5.38 ᠳ᠋ᠦᠩᠰᠢᠭᠤᠷ ᠲᠥᠭᠦᠷᠢᠭ ᠳᠠᠶᠢᠴᠢᠯᠠᠵᠤ᠂ ᠠᠵᠤ ᠦᠢᠯᠡᠰ ᠤᠨ ᠪᠡᠯᠡ ᠤᠷᠤᠭᠤᠯᠤᠯᠳᠡ ᠶᠢ 20.16 ᠳ᠋ᠦᠩᠰᠢᠭᠤᠷ ᠲᠥᠭᠦᠷᠢᠭ ᠳᠠᠶᠢᠴᠢᠯᠠᠵᠤ᠂ ᠮᠠᠯᠵᠢᠯ ᠤᠨ ᠲᠠᠯᠠᠪᠠᠶ ᠶᠢᠨ ᠠᠪᠴᠠᠭᠠᠨ ᠤ ᠡᠷᠬᠡ ᠶᠢᠨ ᠪᠡᠯᠡ ᠬᠤᠷᠠᠮᠳᠤᠭᠤᠯᠭ᠎ᠠ ᠶᠢ 34.98 ᠳ᠋ᠦᠩᠰᠢᠭᠤᠷ ᠲᠥᠭᠦᠷᠢᠭ ᠳᠠᠶᠢᠴᠢᠯᠠᠵᠤ᠂ ᠡᠯ᠎ᠡ ᠲᠠᠯ᠎ᠠ ᠶᠢᠨ ᠬᠢᠨ ᠤ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠪᠠ᠃      ᠬᠠᠮᠢᠶᠠᠷᠤᠯᠲᠠ ᠪᠠᠨ ᠴᠢᠩᠭᠠᠳᠬᠠᠵᠤ ᠬᠠᠮᠲᠤᠷᠠᠯ ᠬᠦᠴᠦᠨ ᠢ ᠪᠦᠷᠢᠯᠳᠦᠭᠦᠯᠪᠡ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠡᠯᠡ ᠣᠷᠣᠭᠤᠯᠤᠯᠲᠠ ᠶᠢᠨ ᠪᠡᠯᠡ ᠮᠥᠩᠭᠦ ᠬᠢᠭᠡᠳ ᠰᠦ ᠶᠢᠨ ᠦᠢᠯᠡᠰ ᠤᠨ ᠠᠵᠤ ᠠᠬᠤᠶᠢᠯᠠᠯ ᠬᠠᠮᠲᠤᠷᠠᠯᠴᠠᠵᠤ᠂ ᠰᠲ᠋ᠣᠺ ᠤᠨ ᠡᠷᠬᠡ ᠪᠠᠷ ᠪᠡᠯᠡ ᠣᠷᠣᠭᠤᠯᠬᠤ ᠵᠠᠭᠪᠤᠷ ᠢᠶᠠᠷ ᠰᠢᠨ᠎ᠡ ᠪᠠᠷ ᠪᠠᠶᠢᠭᠤᠯᠤᠭᠰᠠᠨ ᠮᠠᠯᠵᠢᠯ ᠤᠨ ᠲᠠᠯᠠᠪᠠᠶ ᠶᠢᠨ ᠰᠠᠭᠤᠷᠢ ᠲᠥᠬᠦᠭᠡᠷᠦᠮᠵᠢ ᠪᠠ ᠦᠬᠡᠷ ᠬᠤᠳᠠᠯᠳᠤᠨ ᠠᠪᠬᠤ ᠳᠤ ᠬᠠᠮᠲᠤ ᠪᠠᠷ ᠣᠷᠣᠯᠴᠠᠪᠠ᠃ ᠰᠢᠯᠭᠠᠨ ᠪᠠᠶᠢᠴᠠᠭᠠᠯᠲᠠ ᠪᠠᠷ ᠳᠡᠮᠵᠢᠨ᠂ ᠲᠣᠰ ᠵᠠᠭᠪᠤᠷ ᠨᠢ ᠲᠥᠭᠦᠮ ᠪᠥᠭᠡᠳ ᠥᠨᠳᠥᠷ ᠪᠦᠲᠦᠮᠵᠢᠲᠡᠶ ᠪᠠᠶᠢᠵᠤ᠂ ᠡᠯ᠎ᠡ ᠣᠷᠤᠯᠴᠠᠬᠤ ᠭᠤᠣᠯ ᠴᠣᠭᠴᠠ ᠶᠢ ᠨᠢᠭᠲᠠ ᠬᠤᠯᠪᠣᠵᠤ᠂ ᠰᠦ ᠶᠢᠨ ᠠᠵᠤ ᠠᠬᠤᠶᠢᠯᠠᠯ ᠠᠴᠠ ᠵᠢᠷᠤᠮᠵᠢᠭᠤᠯᠤᠨ ᠡᠵᠡᠩᠨᠡᠵᠦ᠂ ︽ᠪᠡᠯᠡ ᠮᠥᠩᠭᠦ + ᠡᠵᠡᠩᠨᠡᠯᠲᠡ︾ ᠶᠢᠨ ᠰᠠᠶᠢᠨ ᠵᠠᠭᠪᠤᠷ ᠢ ᠪᠦᠷᠢᠯᠳᠦᠭᠦᠯᠵᠦ᠂ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠳᠤ ᠭᠦᠢᠴᠡᠳ ᠪᠡᠯᠡ ᠮᠥᠩᠭᠦ ᠬᠠᠩᠭᠠᠬᠤ ᠶᠢᠨ ᠬᠠᠮᠲᠤ᠂ ᠶᠡᠭᠡ ᠬᠡᠮᠵᠢᠶᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠲᠠᠲᠠᠵᠤ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢ ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠡᠯᠡ ᠮᠥᠩᠭᠦ ᠶᠢᠨ ᠨᠠᠶᠢᠳᠠᠯᠭ᠎ᠠ ᠬᠦᠯᠢᠶᠡᠭᠰᠡᠨ ᠪᠠᠶᠢᠭᠤᠯᠤᠮᠵᠢ ᠶᠢ ᠲᠥᠷᠥᠯ ᠵᠦᠢᠯ ᠤᠨ ᠡᠵᠡᠩᠨᠡᠯᠲᠡ ᠳᠤ ᠴᠢᠩᠭ᠎ᠠ ᠬᠠᠮᠢᠶᠠᠷᠤᠯᠲᠠ ᠶᠠᠪᠤᠭᠤᠯᠵᠤ᠂ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢ ᠱᠠᠯᠠᠪᠳᠠᠭᠤᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠴᠣᠬᠤᠯᠠᠪᠤᠷᠢᠯᠠᠭᠰᠠᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠪᠣᠭᠤᠮᠲᠠ ᠶᠢ ᠴᠢᠩᠭ᠎ᠠ ᠰᠠᠬᠢᠬᠤ ᠬᠡᠷᠡᠭᠲᠡᠢ ᠭᠡᠵᠦ ᠱᠠᠭᠠᠷᠳᠠᠪᠠ᠃ 
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号