ᠳᠤᠮᠳᠠᠳᠤ ᠤᠯᠤᠰ ᠤᠨ ᠲᠠᠷᠢᠶᠠᠴᠢᠳ ᠤᠨ ᠳᠤᠯᠤᠭᠠᠳᠠᠭᠴᠢ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠵᠢᠴᠢ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠠᠷᠠᠭᠤᠨ ᠣᠷᠣᠨ ᠤ ᠯᠠᠵᠤᠤ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠬᠠᠩᠭᠢᠨ ᠬᠤᠶᠢᠲᠤ ᠬᠤᠰᠢᠭᠤᠨ ᠤ ᠡᠯ ᠳ᠋ᠣᠣ ᠴᠢᠶᠣᠤ ᠪᠠᠯᠭᠠᠰᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/9/6
      9 ᠰᠠᠷ᠎ᠠ ᠶᠢᠨ 2 ᠤᠨ ᠡᠳᠦᠷ ᠠᠴᠠ 4 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠲᠠᠷᠢᠶᠠᠴᠢᠳ ᠤᠨ ᠳᠤᠯᠤᠭᠠᠳᠠᠭᠴᠢ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠵᠢᠴᠢ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠠᠷᠠᠭᠤᠨ ᠣᠷᠣᠨ ᠤ ᠯᠠᠵᠤᠤ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠬᠠᠩᠭᠢᠨ ᠬᠤᠶᠢᠲᠤ ᠬᠤᠰᠢᠭᠤᠨ ᠤ ᠡᠯ ᠳ᠋ᠣᠣ ᠴᠢᠶᠣᠤ ᠪᠠᠯᠭᠠᠰᠤᠨ ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠵᠤ ᠠᠬᠤᠢ ᠶᠢᠨ ᠲᠠᠷᠢᠮᠠᠯ ᠤᠨ ᠮᠡᠷᠭᠡᠵᠢᠯ ᠤᠨ ᠭᠠᠵᠠᠷ ᠤᠨ ᠳᠠᠷᠤᠭ᠎ᠠ ᠯᠢ ᡁᠢ ᠫᠢᠩ᠂ ᠠᠵᠤ ᠠᠬᠤᠢ ᠶᠢᠨ ᠲᠠᠷᠢᠮᠠᠯ ᠤᠨ ᠮᠡᠷᠭᠡᠵᠢᠯ ᠤᠨ ᠭᠠᠵᠠᠷ ᠤᠨ ᠺᠠᠳ᠋ᠷ ᠸᠠᠩ ᡁᠢ ᠯᠢᠨ᠂ ᠱᠢ ᠶᠠ ᠵᠢᠶᠦ᠋ᠨ ᠬᠤᠷᠠᠯ ᠳᠤ ᠣᠷᠣᠯᠴᠠᠵᠠᠢ᠃
1.png
2.png
3.png
      ᠶᠡᠭᠡ ᠬᠤᠷᠠᠯ ᠨᠢ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠵᠣᠷᠢᠯᠭ᠎ᠠ ᠪᠣᠯᠭᠠᠵᠤ᠂ ᠪᠦᠲᠦᠭᠡᠭᠳᠡᠬᠦᠨ ᠢᠶᠠᠨ ᠳᠡᠯᠭᠡᠨ ᠦᠵᠡᠭᠦᠯᠬᠦ᠂ ᠮᠡᠷᠭᠡᠵᠢᠯ ᠤᠨ ᠰᠣᠯᠢᠯᠴᠠᠭ᠎ᠠ ᠬᠢᠬᠦ᠂ ᠲᠤᠷᠰᠢᠯᠭ᠎ᠠ ᠪᠠᠨ ᠬᠤᠪᠢᠶᠠᠯᠴᠠᠨ ᠡᠳ᠋ᠯᠡᠬᠦ᠂ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠬᠤ᠂ ᠰᠣᠨᠢᠷᠬᠠᠯᠲᠤ ᠠᠵᠢᠯᠯᠠᠭ᠎ᠠ ᠬᠢᠬᠦ᠂ ᠲᠥᠷᠥᠯ ᠵᠦᠢᠯ ᠤᠨ ᠬᠡᠯᠡᠯᠴᠡᠭᠡᠷ ᠬᠢᠬᠦ ᠵᠡᠷᠭᠡ ᠣᠯᠠᠨ ᠡᠰᠢᠲᠦ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠬᠠᠩᠭᠢᠨ ᠬᠤᠶᠢᠲᠤ ᠬᠤᠰᠢᠭᠤᠨ ᠤ ᠯᠠᠵᠤᠤ ᠶᠢᠨ ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠵᠤ᠂ ᠯᠠᠵᠤᠤ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠠᠸᠠᠷ ᠤᠨ ᠠᠷᠠᠯᠵᠢᠶ᠎ᠠ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠮᠲᠤᠷᠠᠯᠴᠠᠭᠠᠨ ᠤ ᠲᠠᠪᠴᠠᠩ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ︽ᠯᠠᠵᠤᠤ︾ ᠪᠠᠷ ᠨᠠᠶᠢᠵᠠᠯᠠᠵᠤ᠂ ᠬᠠᠩᠭᠢᠨ ᠬᠤᠶᠢᠲᠤ ᠬᠤᠰᠢᠭᠤᠨ ᠤ ᠥᠪᠡᠷᠮᠢᠴᠡ ᠰᠣᠶᠣᠯ ᠪᠠ ᠣᠷᠣᠨ ᠨᠤᠲᠤᠭ ᠤᠨ ᠷᠢᠳᠢ ᠰᠢᠳᠢ ᠶᠢ ᠭᠦᠢᠴᠡᠳ ᠢᠯᠡᠷᠡᠭᠦᠯᠵᠦ᠂ ᠯᠠᠵᠤᠤ ᠶᠢᠨ ᠠᠵᠤ ᠦᠢᠯᠡᠰ ᠢᠶᠠᠷ ᠲᠠᠷᠢᠶᠠᠴᠢᠳ ᠢ ᠬᠥᠲᠥᠯᠥᠨ ᠳᠠᠭᠠᠭᠤᠯᠵᠤᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠰᠢᠨ᠎ᠡ ᠪᠠᠷ ᠮᠠᠨᠳᠤᠭᠰᠠᠨ ︽ᠬᠤᠪᠢᠰᠬᠠᠯ ᠤᠨ ᠠᠵᠤ ᠦᠢᠯᠡᠰ︾ ᠪᠣᠯᠭᠠᠨ ᠪᠣᠶᠢᠵᠢᠭᠤᠯᠬᠤ ᠪᠠᠷ ᠪᠥᠬᠦ ᠬᠦᠴᠦᠨ ᠢᠶᠠᠷ ᠢᠶᠠᠨ ᠴᠢᠷᠮᠠᠶᠢᠨ᠎ᠠ᠃
4.png
      ᠬᠠᠩᠭᠢᠨ ᠬᠤᠶᠢᠲᠤ ᠬᠤᠰᠢᠭᠤᠨ ᠳᠤ ᠯᠠᠵᠤᠤ ᠳᠠᠷᠢᠭᠰᠠᠨ ᠵᠠᠭᠤ ᠰᠢᠬᠠᠮ ᠵᠢᠯ ᠤᠨ ᠲᠡᠦᠬᠡ ᠲᠠᠢ᠂ ᠢᠷᠭᠡᠨ ᠤᠯᠤᠰ ᠤᠨ ᠦᠶ᠎ᠡ ᠳᠤ ᠨᠢᠭᠡᠨᠲᠡ ᠨᠡᠶᠢᠳᠡᠮ ᠳᠡᠭᠡᠨ ᠯᠠᠵᠤᠤ ᠳᠠᠷᠢᠵᠤ᠂ ᠪᠣᠷᠣᠳᠣᠬᠤᠢ ᠶᠢᠨ ᠴᠢᠨᠠᠷ ᠰᠠᠶᠢᠲᠠᠢ ᠯᠠᠵᠤᠤ ᠳᠠᠷᠢᠭᠰᠠᠨ ᠭᠤᠣᠯ ᠭᠠᠷᠤᠯᠲᠠ ᠶᠢᠨ ᠣᠷᠣᠨ ᠤ ᠨᠢᠭᠡ ᠪᠣᠯᠵᠠᠢ᠃ ᠣᠶᠢᠷ᠎ᠠ ᠶᠢᠨ ᠵᠢᠯ ᠳᠤ᠂ ᠬᠠᠩᠭᠢᠨ ᠬᠤᠶᠢᠲᠤ ᠬᠤᠰᠢᠭᠤᠨ ᠤ ᠬᠢᠨ ᠯᠠᠵᠤᠤ ᠶᠢᠨ ᠠᠵᠤ ᠦᠢᠯᠡᠰ ᠢ ᠭᠤᠣᠯᠯᠠᠬᠤ ᠠᠵᠤ ᠦᠢᠯᠡᠰ ᠪᠣᠯᠭᠠᠨ ᠪᠣᠶᠢᠵᠢᠭᠤᠯᠬᠤ ᠶᠢ ᠪᠠᠷᠢᠮᠲᠠᠯᠠᠵᠤ᠂ ︽ᠲᠡᠷᠢᠭᠦᠨ ᠰᠠᠭᠤᠳᠠᠯ ᠤᠨ ᠮᠡᠷᠭᠡᠵᠢᠯᠲᠡᠨ + ᠮᠡᠷᠭᠡᠵᠢᠯ ᠤᠨ ᠭᠤᠣᠯᠯᠠᠭᠴᠢ + ᠲᠠᠷᠢᠶᠠᠯᠠᠩ ᠤᠨ ᠮᠡᠷᠭᠡᠵᠢᠯ ᠤᠨ ᠵᠢᠭᠠᠨ ᠵᠢᠯᠣᠭᠤᠳᠤᠭᠴᠢ︾ ᠶᠢᠨ ᠯᠠᠵᠤᠤ ᠶᠢᠨ ᠠᠵᠤ ᠦᠢᠯᠡᠰ ᠤᠨ ᠮᠡᠷᠭᠡᠵᠢᠯ ᠤᠨ ᠪᠦᠯᠬᠦᠮ ᠢ ᠵᠣᠬᠢᠶᠠᠨ ᠪᠠᠶᠢᠭᠤᠯᠵᠤ᠂ ᠯᠠᠵᠤᠤ ᠶᠢᠨ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠢ ᠪᠠᠶᠢᠭᠤᠯᠵᠤ᠂ 8 ᠳ᠋ᠦᠩᠰᠢᠭᠤᠷ ᠯᠠᠵᠤᠤ ᠶᠢᠨ ᠴᠢᠬᠢ ᠶᠢ ᠪᠣᠶᠢᠵᠢᠭᠤᠯᠪᠠ︔ ᠨᠡᠶᠢᠲᠡ 26 ᠯᠠᠵᠤᠤ ᠶᠢᠨ ᠲᠠᠷᠢᠮᠠᠯ ᠤᠨ ᠰᠠᠭᠤᠷᠢᠨ ᠭᠠᠵᠠᠷ ᠢ ᠪᠠᠶᠢᠭᠤᠯᠵᠤ᠂ 350 ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠵᠤ᠂ ᠪᠥᠬᠦ ᠬᠤᠰᠢᠭᠤᠨ ᠤ 60 ᠭᠠᠷᠤᠢ ᠬᠤᠷᠰᠢᠶ᠎ᠠ᠂ 1.6 ᠲᠦᠮᠡᠨ ᠲᠠᠷᠢᠶᠠᠴᠢᠨ ᠡᠷᠦᠬᠡ ᠶᠢ ᠳᠠᠶᠢᠴᠢᠯᠠᠨ 11 ᠲᠦᠮᠡ ᠭᠠᠷᠤᠢ ᠮᠦ ᠯᠠᠵᠤᠤ ᠶᠢᠨ ᠲᠠᠷᠢᠮᠠᠯ ᠳᠠᠷᠢᠭᠤᠯᠪᠠ︔ ᠯᠠᠵᠤᠤ ᠶᠢᠨ ᠠᠩᠬᠠᠨ ᠤ ᠡᠳ᠋ᠰᠢᠭᠦᠯᠦᠯᠲᠡ ᠶᠢᠨ ᠠᠵᠤ ᠠᠬᠤᠶᠢᠯᠠᠯ 12᠂ ᠨᠠᠷᠢᠯᠢᠭ ᠡᠳ᠋ᠰᠢᠭᠦᠯᠦᠯᠲᠡ ᠶᠢᠨ ᠠᠵᠤ ᠠᠬᠤᠶᠢᠯᠠᠯ 3 ᠪᠠᠶᠢᠭᠤᠯᠵᠤ᠂ ᠵᠢᠯ ᠤᠨ ᠦᠢᠯᠡᠳᠬᠦᠨ ᠤ ᠥᠷᠲᠡᠭ ᠨᠢ 5 ᠳ᠋ᠦᠩᠰᠢᠭᠤᠷ ᠲᠥᠭᠦᠷᠢᠭ ᠢ ᠳᠠᠪᠠᠪᠠ᠃
5.png
6.png
      ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠠᠷᠠᠭᠤᠨ ᠣᠷᠣᠨ ᠤ ᠯᠠᠵᠤᠤ ᠶᠢᠨ ᠠᠵᠤ ᠦᠢᠯᠡᠰ ᠤᠨ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠬᠢᠵᠦ᠂ ᠪᠦᠬᠦ ᠤᠯᠤᠰ ᠤᠨ ᠡᠯ᠎ᠡ ᠭᠠᠵᠠᠷ ᠤᠨ ᠯᠠᠵᠤᠤ ᠶᠢᠨ ᠠᠵᠤ ᠦᠢᠯᠡᠰ ᠤᠨ ᠲᠤᠰᠬᠠᠢ ᠮᠡᠷᠭᠡᠵᠢᠯᠲᠡᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ᠂ ᠨᠡᠶᠢᠭᠡᠮᠯᠢᠭ ᠤᠨ ᠲᠥᠯᠥᠭᠡᠯᠡᠭᠴᠢ ᠵᠢᠴᠢ ᠠᠵᠤ ᠠᠬᠤᠶᠢᠯᠠᠯᠲᠠᠳ ᠯᠠᠵᠤᠤ ᠶᠢᠨ ᠦᠷ᠎ᠡ ᠪᠣᠶᠢᠵᠢᠭᠤᠯᠬᠤ᠂ ᠦᠢᠯᠡᠳᠪᠦᠷᠢᠯᠡᠬᠦ᠂ ᠡᠳ᠋ᠰᠢᠭᠦᠯᠬᠦ ᠵᠡᠷᠭᠡ ᠲᠤᠷᠰᠢᠯᠭ᠎ᠠ ᠪᠠᠨ ᠬᠤᠪᠢᠶᠠᠯᠴᠠᠵᠤ᠂ ᠣᠯᠣᠯᠴᠠᠨ ᠰᠣᠯᠢᠯᠴᠠᠬᠤ ᠠᠷᠭ᠎ᠠ ᠵᠠᠮ ᠢ ᠪᠠᠶᠢᠭᠤᠯᠵᠤ᠂ ᠯᠠᠵᠤᠤ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号