2024 ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠠᠯᠲᠠᠨ ᠨᠠᠮᠤᠷ ᠤᠨ ᠬᠡᠷᠡᠭᠯᠡᠭᠡᠨ ᠤ ᠤᠯᠠᠷᠢᠯ ᠤᠨ ︽ᠨᠤᠲᠤᠭ ᠤᠨ ᠣᠨᠴᠠ ᠭᠠᠷᠤᠯᠲᠠ︾ ᠶᠢ ᠲᠠᠨᠢᠯᠴᠠᠭᠤᠯᠬᠤ ᠠᠵᠢᠯᠯᠠᠭ᠎ᠠ ᠶᠢᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2024/9/6
      ᠰᠤᠷᠪᠤᠯᠵᠢᠯᠠᠭᠰᠠᠨ ᠵᠣᠴᠢᠨ᠄ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠡ ᠵᠠᠩᠭᠢ ᠶᠢᠨ ᠲᠥᠪ      ᠰᠤᠷᠪᠤᠯᠵᠢᠯᠠᠭᠰᠠᠨ ᠴᠠᠭ᠄ 2024 ᠣᠨ ᠤ 9 ᠰᠠᠷ᠎ᠠ ᠶᠢᠨ 6 ᠤ ᠡᠳᠦᠷ      ᠭᠤᠣᠯ ᠠᠭᠤᠯᠭ᠎ᠠ᠄ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠪᠣᠯ ᠨᠠᠮ ᠤᠨ ᠲᠥᠪ ᠬᠤᠷᠢᠶ᠎ᠠ ᠠᠴᠠ ᠵᠥᠪᠰᠢᠶᠡᠷᠡᠵᠦ ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠴᠣᠬᠤᠯᠠᠪᠤᠷᠢᠯᠠᠨ ᠬᠠᠷᠢᠭᠤᠯᠤᠭᠰᠠᠨ ᠂ ᠤᠯᠤᠰ ᠤᠨ ᠲᠠᠯ᠎ᠠ ᠠᠴᠠ ᠲᠠᠷᠢᠶᠠᠴᠢᠳ ᠲᠤ ᠲᠤᠰᠬᠠᠶᠢᠯᠠᠨ ᠪᠠᠶᠢᠭᠤᠯᠵᠤ ᠥᠭᠭᠦᠭᠰᠡᠨ ᠠᠩᠬᠠᠳᠠᠭᠴᠢ ᠬᠠᠤᠯᠢ ᠪᠠᠷ ᠲᠣᠭᠲᠠᠭᠠᠭᠰᠠᠨ ᠪᠠᠶᠠᠷ ᠤᠨ ᠡᠳᠦᠷ ᠪᠣᠯᠣᠨ᠎ᠠ ᠃ 2024 ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠠᠯᠲᠠᠨ ᠨᠠᠮᠤᠷ ᠤᠨ ᠬᠡᠷᠡᠭᠯᠡᠭᠡᠨ ᠤ ᠤᠯᠠᠷᠢᠯ ᠤᠨ ︽ᠨᠤᠲᠤᠭ ᠤᠨ ᠣᠨᠴᠠ ᠭᠠᠷᠤᠯᠲᠠ︾ ᠶᠢ ᠲᠠᠨᠢᠯᠴᠠᠭᠤᠯᠬᠤ ᠠᠵᠢᠯᠯᠠᠭ᠎ᠠ ᠪᠣᠯ ᠡᠨᠡ ᠵᠢᠯ ᠤᠨ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠰᠢᠷᠢᠰ ᠴᠢᠬᠤᠯᠠ ᠠᠵᠢᠯᠯᠠᠭ᠎ᠠ ᠶᠢᠨ ᠨᠢᠭᠡ ᠪᠣᠯᠣᠨ᠎ᠠ᠃ ᠣᠶᠢᠷ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠡ ᠵᠠᠩᠭᠢ ᠶᠢᠨ ᠲᠥᠪ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ︽ᠨᠤᠲᠤᠭ ᠤᠨ ᠣᠨᠴᠠ ᠭᠠᠷᠤᠯᠲᠠ︾ ᠶᠢ ᠲᠠᠨᠢᠯᠴᠠᠭᠤᠯᠬᠤ ᠠᠵᠢᠯᠯᠠᠭ᠎ᠠ ᠶᠢᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠬᠥᠲᠥᠯᠥᠭᠴᠢ ᠰᠤᠷᠪᠤᠯᠵᠢᠯᠠᠭᠴᠢ᠄ 2024 ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠠᠯᠲᠠᠨ ᠨᠠᠮᠤᠷ ᠤᠨ ᠬᠡᠷᠡᠭᠯᠡᠭᠡᠨ ᠤ ᠤᠯᠠᠷᠢᠯ ᠤᠨ ︽ᠨᠤᠲᠤᠭ ᠤᠨ ᠣᠨᠴᠠ ᠭᠠᠷᠤᠯᠲᠠ︾ ᠶᠢ ᠲᠠᠨᠢᠯᠴᠠᠭᠤᠯᠬᠤ ᠠᠵᠢᠯᠯᠠᠭ᠎ᠠ ᠶᠢᠨ ᠵᠣᠷᠢᠯᠭ᠎ᠠ ᠪᠠ ᠠᠴᠢ ᠬᠤᠯᠪᠣᠭᠳᠠᠯ ᠢ ᠲᠠᠨᠢᠯᠴᠠᠭᠤᠯᠤᠭᠠᠷᠠᠢ᠃      ᠬᠦᠨᠳᠦᠲᠦ ᠵᠣᠴᠢᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠡ ᠵᠠᠩᠭᠢ ᠶᠢᠨ ᠲᠥᠪ᠄ 2024 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠤ ᠨᠤᠲᠤᠭ ᠤᠨ ᠣᠨᠴᠠ ᠭᠠᠷᠤᠯᠲᠠ ᠶᠢᠨ ᠰᠦᠯᠵᠢᠶᠡᠨ ᠤ ᠪᠣᠷᠤᠯᠠᠭᠤᠯᠭ᠎ᠠ ᠶᠢ ᠬᠥᠭᠵᠢᠭᠦᠯᠵᠦ ᠂ ᠨᠤᠲᠤᠭ ᠤᠨ ᠣᠨᠴᠠᠯᠢᠭ ᠲᠠᠢ ᠨᠡᠷᠡᠲᠦ ᠲᠡᠮᠳᠡᠭᠲᠦ ᠶᠢ ᠡᠭᠦᠳᠬᠦ ᠶᠢ ᠳᠡᠮᠵᠢᠵᠦ ᠂ ᠪᠢᠳᠡᠨ ᠤ ︽ ᠨᠤᠲᠤᠭ ᠤᠨ ᠣᠨᠴᠠ ᠭᠠᠷᠤᠯᠲᠠ ︾  ᠶᠢᠨ ᠲᠦᠷᠭᠡᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ ᠃ ︽ᠮᠢᠩᠭᠠᠨ ᠲᠦᠮᠡᠨ ᠢᠨᠵᠧᠨᠧᠷᠢᠩ ︾ ᠳᠤ ᠠᠭᠤᠯᠤᠭᠳᠠᠵᠤ ᠪᠠᠶᠢᠭ᠎ᠠ ᠬᠥᠭᠵᠢᠯᠲᠡ ᠶᠢᠨ ᠣᠶᠢᠯᠠᠭᠠᠭᠳᠠᠬᠤᠨ᠂ ᠠᠵᠢᠯ ᠤᠨ ᠠᠷᠭ᠎ᠠ ᠪᠣᠯᠣᠨ ᠠᠬᠢᠭᠤᠯᠬᠤ ᠲᠣᠭᠲᠠᠴᠠ ᠶᠢ ᠰᠤᠷᠤᠯᠴᠠᠨ ᠬᠡᠷᠡᠭᠯᠡᠵᠦ᠂ ᠬᠡᠷᠡᠭᠯᠡᠭᠡ ᠶᠢ ᠠᠬᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ ᠳᠤ ᠰᠠᠭᠤᠷᠢᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ︽ᠨᠤᠲᠤᠭ ᠤᠨ ᠣᠨᠴᠠ ᠭᠠᠷᠤᠯᠲᠠ︾ ᠶᠢᠨ ᠠᠵᠢᠯ ᠢ ᠰᠠᠶᠢᠲᠤᠷ ᠬᠢᠵᠦ᠂ ︽ᠨᠤᠲᠤᠭ ᠤᠨ ᠣᠨᠴᠠ ᠭᠠᠷᠤᠯᠲᠠ︾ ᠶᠢᠨ ᠠᠵᠤ ᠠᠬᠤᠢ ᠶᠢᠨ ᠦᠨ᠎ᠡ ᠥᠷᠲᠡᠭ᠂ ᠰᠣᠶᠣᠯ ᠤᠨ ᠦᠨ᠎ᠡ ᠥᠷᠲᠡᠭ᠂ ᠠᠮᠢ ᠠᠬᠤᠢ ᠶᠢᠨ ᠦᠨ᠎ᠡ ᠥᠷᠲᠡᠭ ᠢ ᠠᠭᠤᠳᠠᠯᠤᠨ ᠭᠠᠷᠭᠠᠵᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠲᠠᠪᠴᠠᠩ ᠪᠠᠶᠢᠭᠤᠯᠬᠤ᠂ ᠲᠠᠷᠢᠶᠠᠯᠠᠩ ᠤᠨ ᠨᠠᠷᠠᠲᠤ ᠲᠡᠮᠳᠡᠭᠲᠦ ᠶᠢ ᠤᠬᠠᠭᠤᠯᠤᠨ ᠲᠠᠨᠢᠯᠴᠠᠭᠤᠯᠬᠤ ᠪᠠᠷ ᠳᠠᠮᠵᠢᠭᠤᠯᠤᠨ᠂ ᠪᠥᠬᠦ ᠨᠡᠶᠢᠭᠡᠮ ᠢᠶᠠᠷ ᠢᠶᠠᠨ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠬᠦ᠂ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠯᠡᠭᠡ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠬᠦᠴᠦᠨ ᠨᠡᠮᠡᠷᠢᠯᠡᠵᠦ᠂ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠳᠤ ᠥᠪᠡᠷᠮᠢᠴᠡ ᠬᠤᠪᠢ ᠨᠡᠮᠡᠷᠢ ᠪᠠᠨ ᠦᠵᠡᠭᠦᠯᠦᠨ᠎ᠡ᠃      ᠬᠥᠲᠥᠯᠥᠭᠴᠢ ᠰᠤᠷᠪᠤᠯᠵᠢᠯᠠᠭᠴᠢ᠄ ᠡᠨᠡ ᠵᠢᠯ ᠤᠨ ︽ᠨᠤᠲᠤᠭ ᠤᠨ ᠣᠨᠴᠠ ᠭᠠᠷᠤᠯᠲᠠ︾ ᠶᠢᠨ ᠲᠠᠨᠢᠯᠴᠠᠭᠤᠯᠬᠤ ᠠᠵᠢᠯᠯᠠᠭ᠎ᠠ ᠶᠢ ᠨᠢᠳᠤᠨᠤᠨ ᠤ ᠬᠢ ᠲᠠᠢ ᠬᠠᠷᠢᠴᠠᠭᠤᠯᠪᠠᠯ᠂ ᠶᠠᠮᠠᠷ ᠶᠠᠮᠠᠷ ᠰᠢᠨ᠎ᠡ ᠶᠢ ᠡᠭᠦᠳᠦᠭᠰᠡᠨ ᠭᠠᠵᠠᠷ ᠪᠠᠶᠢᠬᠤ ᠪᠣᠶ︖ ᠪᠣᠳᠠᠲᠠᠢ ᠶᠠᠮᠠᠷ ᠶᠠᠮᠠᠷ ᠠᠵᠢᠯᠯᠠᠭ᠎ᠠ ᠶᠢᠨ ᠠᠭᠤᠯᠭ᠎ᠠ ᠪᠠᠶᠢᠬᠤ ᠪᠣᠶ︖      ᠬᠦᠨᠳᠦᠲᠦ ᠵᠣᠴᠢᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠡ ᠵᠠᠩᠭᠢ ᠶᠢᠨ ᠲᠥᠪ᠄ ᠡᠨᠡ ᠵᠢᠯ ᠤᠨ ︽ᠨᠤᠲᠤᠭ ᠤᠨ ᠣᠨᠴᠠ ᠭᠠᠷᠤᠯᠲᠠ︾ ᠶᠢ ᠲᠠᠨᠢᠯᠴᠠᠭᠤᠯᠬᠤ ᠠᠵᠢᠯᠯᠠᠭ᠎ᠠ ᠨᠢ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠯᠡᠭᠡ ᠳᠤ ᠨᠠᠩ ᠢᠯᠡᠭᠦᠦ ᠬᠠᠨᠳᠤᠭᠤᠯᠵᠤ ᠂ ᠵᠠᠭᠤᠴᠢᠯᠠᠭᠤᠷ ᠤᠨ ᠤᠬᠠᠭᠤᠯᠭ᠎ᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠦᠵᠡᠭᠦᠯᠭᠡ᠂ ᠠᠵᠢᠯᠯᠠᠭ᠎ᠠ ᠶᠢᠨ ᠲᠠᠨᠢᠯᠴᠠᠭᠤᠯᠭ᠎ᠠ ᠪᠣᠷᠤᠯᠠᠭᠤᠯᠭ᠎ᠠ ᠶᠢ ᠠᠬᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠢᠨᠠᠷ ᠰᠠᠶᠢᠲᠠᠢ ︽ᠨᠤᠲᠤᠭ ᠤᠨ ᠣᠨᠴᠠ ᠭᠠᠷᠤᠯᠲᠠ︾ ᠪᠠ ᠨᠠᠷᠠᠲᠤ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠯᠡᠭᠡ ᠶᠢᠨ ᠳᠠᠯᠳᠠ ᠬᠦᠴᠦᠨ ᠢ ᠠᠭᠤᠳᠠᠯᠤᠨ ᠭᠠᠷᠭᠠᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠬᠦ ᠪᠠ ᠬᠠᠮᠲᠤ ᠪᠠᠷ ᠪᠠᠶᠠᠵᠢᠬᠤ ᠶᠢ ᠠᠬᠢᠭᠤᠯᠤᠨ᠎ᠠ᠃ ᠭᠤᠣᠯ ᠠᠵᠢᠯᠯᠠᠭ᠎ᠠ  ᠨᠢ ᠄ 1. ᠰᠦᠯᠵᠢᠶᠡᠨ ᠳᠡᠭᠡᠷᠡᠬᠢ ᠨᠠᠷᠠᠲᠤ ᠲᠡᠮᠳᠡᠭᠲᠦ ᠶᠢ ᠤᠬᠠᠭᠤᠯᠤᠨ ᠲᠠᠨᠢᠯᠴᠠᠭᠤᠯᠬᠤ᠃ 9 ᠰᠠᠷ᠎ᠠ ᠶᠢᠨ ᠰᠡᠭᠦᠯᠴᠢ ᠠᠴᠠ ᠡᠬᠢᠯᠡᠨ ᠬᠡᠰᠡᠭ ︽ᠨᠤᠲᠤᠭ ᠤᠨ ᠣᠨᠴᠠ ᠭᠠᠷᠤᠯᠲᠠ︾ ᠵᠢᠴᠢ ᠲᠠᠷᠢᠶᠠᠯᠠᠩ ᠤᠨ ᠨᠠᠷᠠᠲᠤ ᠲᠡᠮᠳᠡᠭᠲᠦ ᠶᠢ ᠰᠣᠩᠭᠤᠵᠤ᠂ ᠰᠢᠨᠬᠤᠸᠠ ᠰᠦᠯᠵᠢᠶ᠎ᠡ ᠠᠴᠠ AI ᠲᠣᠮᠣ ᠰᠣᠨᠢᠨ ᠤ ᠵᠢᠷᠤᠭ ᠲᠥᠯᠥᠪᠯᠡᠭᠡ ᠬᠢᠵᠦ᠂ ᠲᠠᠨᠢᠯᠴᠠᠭᠤᠯᠬᠤ ᠮᠠᠲ᠋ᠧᠷᠢᠶᠠᠯ ᠪᠠ ᠸᠢᠳᠢᠤ᠋ ᠶᠢ ᠨᠠᠶᠢᠷᠠᠭᠤᠯᠤᠨ᠎ᠠ᠃ ᠨᠢᠭᠡ ᠳᠤ ᠰᠢᠨᠬᠤᠸᠠ ᠰᠦᠯᠵᠢᠶᠡᠨ ᠤ PC ᠦᠵᠦᠭᠦᠷ᠂ ᠬᠡᠷᠡᠭᠯᠡᠭᠴᠢ ᠶᠢᠨ ᠦᠵᠦᠭᠦᠷ᠂ ᠸᠢᠳᠢᠣ᠋ ᠶᠢᠨ ᠳ᠋ᠤᠭᠠᠷ ᠵᠡᠷᠭᠡ ᠪᠠᠷ ᠳᠠᠮᠵᠢᠭᠤᠯᠵᠤ ᠨᠢᠭᠡ ᠪᠦᠯᠦᠭ ︽ᠨᠤᠲᠤᠭ ᠤᠨ ᠣᠨᠴᠠ ᠭᠠᠷᠤᠯᠲᠠ︾ ᠶᠢ ᠤᠬᠠᠭᠤᠯᠤᠨ ᠳᠡᠯᠭᠡᠷᠡᠭᠦᠯᠦᠨ᠎ᠡ︔ ᠬᠤᠶᠠᠷ ᠲᠤ ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠤ ︽ᠨᠤᠲᠤᠭ ᠤᠨ ᠣᠨᠴᠠ ᠭᠠᠷᠤᠯᠲᠠ︾ ᠶᠢᠨ ᠲᠤᠰᠬᠠᠢ ᠪᠤᠯᠤᠩ ᠭᠠᠷᠭᠠᠵᠤ ᠤᠬᠠᠭᠤᠯᠤᠨ ᠳᠡᠯᠭᠡᠷᠡᠭᠦᠯᠦᠨ᠎ᠡ︔ ᠭᠤᠷᠪᠠ ᠳᠤ CCTV︱ 17 ᠶᠢᠨ ᠠᠯᠪᠠᠨ ᠤ ᠲᠠᠯ᠎ᠠ   ᠶᠢᠨ ᠰᠢᠨ᠎ᠡ ᠵᠠᠭᠤᠴᠢᠯᠠᠭᠤᠷ ᠤᠨ ᠳᠠᠩᠰᠠᠨ ᠨᠣᠮᠧᠷ ᠤᠨ ᠵᠢᠭᠰᠠᠭᠠᠯ᠂ ᠳᠤᠮᠳᠠᠳᠤ ᠤᠯᠤᠰ ᠤᠨ ᠲᠠᠷᠢᠶᠠᠯᠠᠩ ᠤᠨ ᠨᠡᠷᠡᠲᠦ ᠲᠡᠮᠳᠡᠭᠲᠦ ᠶᠢᠨ ᠣᠯᠠᠨ ᠨᠡᠶᠢᠲᠡ ᠶᠢᠨ ᠳ᠋ᠤᠭᠠᠷ ᠵᠢᠴᠢ ᠸᠢᠳᠢᠣ᠋  ᠶᠢᠨ ᠳ᠋ᠤᠭᠠᠷ᠂ ᠪᠢᠴᠢᠯ ᠪᠯᠤᠭ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ᠂ ︽ᠰᠦᠯᠵᠢᠶᠡᠨ ᠳᠡᠭᠡᠷᠡᠬᠢ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ︾ ᠵᠡᠷᠭᠡ ᠲᠠᠪᠴᠠᠩ ᠳᠤ ᠵᠡᠷᠭᠡ ᠪᠠᠷ ᠳᠠᠮᠵᠢᠭᠤᠯᠤᠨ ᠲᠠᠷᠬᠠᠭᠠᠵᠤ ᠤᠬᠠᠭᠤᠯᠤᠨ ᠳᠡᠯᠭᠡᠷᠡᠭᠦᠯᠦᠨ᠎ᠡ︔ ᠳᠥᠷᠪᠡ ᠳᠤ ᠲᠧᠩ ᠰᠢᠶᠦ᠋ᠨ ᠸᠢᠳᠢᠣ᠋  ᠶᠢᠨ ᠳ᠋ᠤᠭᠠᠷ ᠲᠠᠢ ᠬᠤᠯᠪᠤᠭᠠᠯᠠᠨ ︽ᠮᠢᠨᠤ ᠨᠤᠲᠤᠭ ᠤᠨ ᠰᠠᠶᠢᠨ ᠡᠳ᠋︾ ᠭᠡᠬᠦ ᠣᠬᠤᠷ ᠸᠢᠳᠢᠣ᠋  ᠶᠢᠨ ᠡᠯᠰᠡᠬᠦ ᠠᠵᠢᠯᠯᠠᠭ᠎ᠠ ᠦᠷᠨᠢᠭᠦᠯᠵᠦ᠂ ᠡᠯ᠎ᠡ ᠨᠠᠷᠠᠲᠤ ᠲᠡᠮᠳᠡᠭᠲᠦ ᠶᠢᠨ ᠭᠤᠣᠯ ᠴᠣᠭᠴᠠ ᠶᠢ ᠵᠣᠷᠢᠭᠵᠢᠭᠤᠯᠤᠨ ᠢᠳᠡᠪᠬᠢᠲᠠᠢ ᠣᠷᠤᠯᠴᠠᠭᠤᠯᠵᠤ᠂ ᠨᠤᠲᠤᠭ ᠤᠰᠤᠨ ᠤ ᠪᠠᠨ ︽ᠨᠤᠲᠤᠭ ᠤᠨ ᠣᠨᠴᠠ ᠭᠠᠷᠤᠯᠲᠠ︾ ᠶᠢ ᠲᠠᠨᠢᠯᠴᠠᠭᠤᠯᠤᠨ᠎ᠠ︔ ᠲᠠᠪᠤ ᠳᠤ ᠡᠯ᠎ᠡ ᠭᠠᠵᠠᠷ ᠤᠨ ᠰᠣᠨᠢᠨ ᠰᠡᠳᠬᠦᠯ᠂ ᠲᠧᠯᠸᠢᠰ ᠷᠠᠳᠢᠣ᠋ ᠨᠡᠪᠲᠡᠷᠡᠭᠦᠯᠭᠡ᠂ ᠰᠦᠯᠵᠢᠶᠡᠨ ᠤ ᠲᠠᠪᠴᠠᠩ ᠵᠡᠷᠭᠡ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠬᠤ ᠶᠢ ᠵᠣᠷᠢᠭᠵᠢᠭᠤᠯᠵᠤ᠂ ᠤᠬᠠᠭᠤᠯᠭ᠎ᠠ ᠶᠢ ᠴᠢᠩᠭᠠᠳᠬᠠᠨ᠂ ︽ᠨᠤᠲᠤᠭ ᠤᠨ ᠣᠨᠴᠠ ᠭᠠᠷᠤᠯᠲᠠ︾ ᠶᠢᠨ ᠠᠵᠤ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ 2. ᠨᠠᠷᠠᠲᠤ ᠲᠡᠮᠳᠡᠭᠲᠦ ᠶᠢᠨ ᠲᠤᠰᠬᠠᠢ ᠲᠠᠯᠠᠪᠤᠷ ᠤᠨ ᠠᠵᠢᠯᠯᠠᠭ᠎ᠠ᠃ ᠨᠢᠭᠡ ᠳᠤ ᠲᠤᠰᠬᠠᠢ ᠲᠠᠯᠠᠪᠤᠷ ᠤᠨ ᠠᠵᠢᠯᠯᠠᠭ᠎ᠠ ᠥᠷᠨᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠲᠠᠢ ᠬᠠᠮᠲᠤᠷᠠᠨ ᠣᠷᠣᠨ ᠪᠦᠰᠡ ᠶᠢᠨ ᠴᠢᠨᠠᠷᠲᠠᠢ ︽ᠨᠤᠲᠤᠭ ᠤᠨ ᠣᠨᠴᠠ ᠭᠠᠷᠤᠯᠲᠠ︾ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠶᠢ ᠲᠠᠨᠢᠯᠴᠠᠭᠤᠯᠬᠤ ᠠᠵᠢᠯᠯᠠᠭ᠎ᠠ ᠶᠢ ᠶᠠᠪᠤᠭᠳᠠᠭᠤᠯᠵᠤ᠂ ᠲᠣᠭᠠᠴᠢᠯᠠᠭᠰᠠᠨ ᠬᠤᠪᠢᠰᠤᠯᠲᠠ ᠪᠠᠷ ᠳᠠᠮᠵᠢᠭᠤᠯᠤᠨ ᠬᠡᠷᠡᠭᠯᠡᠭᠡᠨ ᠤ ᠰᠢᠨ᠎ᠡ ᠥᠨᠳᠦᠷᠯᠢᠭ ᠢ ᠪᠤᠶ ᠪᠣᠯᠭᠠᠵᠤ᠂ ᠭᠤᠣᠯ ᠭᠠᠷᠤᠯᠲᠠ ᠶᠢᠨ ᠣᠷᠣᠨ ᠪᠠ ᠭᠤᠣᠯ ᠪᠣᠷᠤᠯᠠᠭᠤᠯᠭ᠎ᠠ ᠶᠢᠨ ᠣᠷᠣᠨ᠂ ᠶᠠᠳᠠᠭᠤ ᠠᠴᠠ ᠠᠩᠭᠢᠵᠢᠷᠠᠭᠤᠯᠬᠤ ᠣᠷᠣᠨ ᠵᠡᠷᠭᠡ ᠶᠢ ᠵᠣᠬᠢᠶᠠᠨ ᠪᠠᠶᠢᠭᠤᠯᠵᠤ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠥᠷᠨᠢᠭᠦᠯᠵᠦ᠂ ᠲᠣᠭᠠᠴᠢᠯᠠᠭᠰᠠᠨ ᠡᠨᠧᠷᠭᠢ ᠣᠯᠭᠤᠬᠤ ᠨᠡᠷᠡᠲᠦ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ᠂ ᠲᠣᠭᠠᠴᠢᠯᠠᠭᠰᠠᠨ ᠬᠥᠳᠡᠭᠡ ᠲᠣᠰᠬᠤᠨ ᠤ ᠠᠮᠢᠳᠤᠷᠠᠯ ᠤᠨ ᠠᠬᠤᠢ ᠪᠠᠶᠢᠳᠠᠯ ᠢ ᠪᠠᠶᠢᠭᠤᠯᠤᠨ ᠲᠠᠨᠢᠯᠴᠠᠭᠤᠯᠬᠤ ᠪᠠ ︽ᠲᠣᠰᠬᠤᠨ ᠳᠤ ᠨᠡᠪᠲᠡᠷᠡᠭᠦᠯᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ︔ ᠬᠤᠶᠠᠷ ᠲᠤ ᠬᠡᠰᠡᠭ ᠰᠢᠯᠢᠳᠡᠭ ᠲᠥᠯᠥᠭᠡᠯᠡᠬᠦ ᠴᠢᠨᠠᠷᠲᠠᠢ ᠣᠷᠣᠨ ᠨᠤᠲᠤᠭ ᠤᠨ ᠵᠠᠰᠠᠭ ᠤᠨ ᠣᠷᠳᠣᠨ ᠢ ᠰᠣᠩᠭᠤᠨ ᠤᠷᠢᠵᠤ ︽ᠨᠤᠲᠤᠭ ᠤᠨ ᠣᠨᠴᠠ ᠭᠠᠷᠤᠯᠲᠠ︾ ᠶᠢ ᠠᠪᠴᠤ ᠾᠧᠨᠠᠨ ᠮᠤᠵᠢ ᠶᠢᠨ ᠺᠠᠶᠢᠹᠧᠩ ᠬᠤᠲᠠ ᠶᠢᠨ ᠯᠠᠨᠺᠤᠤ ᠰᠢᠶᠠᠨ ᠳᠤ ᠡᠷᠭᠢᠯᠡᠭᠰᠡᠨ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠭᠤᠣᠯ ᠬᠤᠷᠠᠯ ᠤᠨ ᠲᠠᠯᠠᠪᠠᠶ ᠶᠢᠨ ︽︿ᠨᠤᠲᠤᠭ ᠤᠨ ᠣᠨᠴᠠ ᠭᠠᠷᠤᠯᠲᠠ﹀ ᠶᠢ ᠰᠠᠶᠢᠲᠤᠷ ᠬᠢᠬᠦ ᠵᠣᠬᠢᠶᠠᠯ︾ ᠤᠨ ᠦᠵᠡᠭᠦᠯᠭᠡ ᠶᠢᠨ ᠲᠣᠭᠤᠷᠢᠭ ᠲᠤ ᠣᠷᠤᠯᠴᠠᠭᠤᠯᠤᠨ ᠤᠬᠠᠭᠤᠯᠤᠨ᠎ᠠ︔ ᠭᠤᠷᠪᠠ ᠳᠤ ᠬᠡᠰᠡᠭ ᠰᠢᠯᠢᠳᠡᠭ ᠲᠠᠷᠢᠶᠠᠯᠠᠩ ᠤᠨ ᠨᠠᠷᠠᠲᠤ ᠲᠡᠮᠳᠡᠭᠲᠦ ᠶᠢ ᠰᠣᠩᠭᠤᠵᠤ ᠭᠤᠸᠠᠩᠳᠦ᠋ᠩ ᠮᠤᠵᠢ ᠶᠢᠨ ᠭᠤᠸᠠᠩᠵᠧᠦ ᠬᠤᠲᠠ ᠳᠤ ᠡᠷᠭᠢᠯᠡᠭᠰᠡᠨ ᠬᠤᠷᠢᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠤ ︽ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠲᠤᠰᠬᠠᠢ ᠮᠡᠷᠭᠡᠵᠢᠯ ᠤᠨ ᠦᠵᠡᠭᠦᠯᠭᠡ ᠶᠢᠨ ᠲᠣᠭᠤᠷᠢᠭ︾ ᠤᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠳᠡᠯᠭᠡᠨ ᠦᠵᠡᠭᠦᠯᠭᠡ ᠶᠢᠨ ᠪᠣᠷᠤᠯᠠᠭᠤᠯᠭ᠎ᠠ ᠳᠤ ᠣᠷᠣᠯᠴᠠᠭᠤᠯᠤᠨ᠎ᠠ᠃ 3.ᠲᠥᠪᠯᠡᠷᠡᠭᠦᠯᠦᠨ ᠲᠠᠨᠢᠯᠴᠠᠭᠤᠯᠬᠤ ᠠᠵᠢᠯᠯᠠᠭ᠎ᠠ ᠃ ᠡᠨᠡ ᠵᠢᠯ ᠤᠨ 11 ᠰᠠᠷ᠎ᠠ ᠶᠢᠨ ᠡᠬᠢ ᠪᠠᠷ ᠵᠧᠵᠢᠶᠠᠩ ᠮᠤᠵᠢ ᠶᠢᠨ ᠬᠠᠩᠵᠧᠦ ᠬᠤᠲᠠ ᠶᠢᠨ ᠯᠢᠨ ᠠᠨ ᠲᠣᠭᠤᠷᠢᠭ ᠲᠤ ︽2024 ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠠᠯᠲᠠᠨ ᠨᠠᠮᠤᠷ ᠤᠨ ᠬᠡᠷᠡᠭᠯᠡᠭᠡᠨ ᠤ ᠤᠯᠠᠷᠢᠯ ᠤᠨ ︿ᠨᠤᠲᠤᠭ ᠤᠨ ᠣᠨᠴᠠ ᠭᠠᠷᠤᠯᠲᠠ﹀ ᠶᠢ ᠲᠥᠪᠯᠡᠷᠡᠭᠦᠯᠦᠨ ᠲᠠᠨᠢᠯᠴᠠᠭᠤᠯᠬᠤ ᠠᠵᠢᠯᠯᠠᠭ᠎ᠠ︾ ᠬᠢᠬᠦ ᠪᠠᠷ ᠲᠥᠯᠥᠪᠯᠡᠵᠦ ᠪᠣᠶ᠃ ᠠᠵᠢᠯᠯᠠᠭ᠎ᠠ ᠨᠢ ᠵᠠᠬ᠎ᠠ ᠳᠡᠯᠭᠡᠭᠦᠷ ᠬᠥᠭᠵᠢᠭᠰᠡᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠢ ᠲᠦᠰᠢᠵᠦ᠂ ᠪᠦᠬᠦ ᠤᠯᠤᠰ ᠤᠨ ᠲᠣᠮᠣ ᠵᠠᠬ᠎ᠠ ᠳᠡᠯᠭᠡᠭᠦᠷ ᠲᠤ ᠬᠠᠨᠳᠤᠭᠤᠯᠤᠨ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠪᠦᠬᠦ ᠤᠯᠤᠰ ᠤᠨ ᠡᠯ᠎ᠡ ᠭᠠᠵᠠᠷ ᠤᠨ ︽ᠨᠤᠲᠤᠭ ᠤᠨ ᠣᠨᠴᠠ ᠭᠠᠷᠤᠯᠲᠠ︾ ᠶᠢᠨ ᠬᠥᠭᠵᠢᠯᠲᠡ ᠪᠠ ᠲᠠᠷᠢᠶᠠᠯᠠᠩ ᠤᠨ ᠨᠡᠷᠡᠲᠦ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠪᠥᠬᠦ ᠤᠯᠤᠰ ᠤᠨ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ ᠤᠨ ᠠᠵᠤ ᠠᠬᠤᠶᠢᠯᠠᠯ᠂ ᠡᠯᠧᠺᠲᠷᠣᠨ ᠬᠤᠳᠠᠯᠳᠤᠭᠠᠨ ᠤ ᠲᠠᠪᠴᠠᠩ ᠢ ᠥᠷᠭᠡᠨ ᠢᠶᠠᠷ ᠤᠷᠢᠨ ᠣᠷᠣᠯᠴᠠᠭᠤᠯᠵᠤ᠂ ᠲᠣᠮᠣ ᠬᠡᠯᠪᠡᠷᠢ ᠶᠢᠨ ᠰᠦᠯᠵᠢᠶᠡᠨ ᠭᠠᠳᠠᠨᠠᠬᠢ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢ ᠠᠬᠢᠭᠤᠯᠬᠤ ᠪᠠ ᠰᠢᠭᠤᠳ ᠨᠠᠪᠲᠠᠷᠡᠭᠦᠯᠵᠦ ᠪᠠᠷᠠᠭ᠎ᠠ ᠬᠤᠳᠠᠯᠳᠤᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠢᠨᠲ᠋ᠧᠷ ᠰᠦᠯᠵᠢᠶᠡᠨ ᠤ ᠳᠠᠮᠵᠢᠭᠤᠯᠭ᠎ᠠ ᠶᠢᠨ ᠨᠥᠯᠥᠭᠡᠯᠡᠬᠦ ᠬᠦᠴᠦᠨ ᠤ ᠢᠯᠡᠳᠬᠡᠭᠴᠢ ᠶᠢᠨ ᠰᠤᠳᠤᠯᠭᠠᠨ ᠤ ᠮᠡᠳᠡᠭᠦᠯᠦᠯᠲᠡ ︵2024︶︾ ᠶᠢ ᠨᠡᠶᠢᠲᠡᠯᠡᠵᠦ᠂ ᠲᠠᠷᠢᠶᠠᠯᠠᠩ ᠤᠨ ᠨᠠᠷᠠᠲᠤ ᠲᠡᠮᠳᠡᠭᠲᠦ ᠶᠢ ᠤᠬᠠᠭᠤᠯᠤᠨ ᠳᠡᠯᠭᠡᠷᠡᠭᠦᠯᠵᠦ᠂ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠡᠯᠭᠡᠷᠡᠭᠦᠯᠬᠦ ᠶᠢ ᠠᠬᠢᠭᠤᠯᠤᠨ᠎ᠠ᠃ ᠠᠳᠠᠯᠢ ᠬᠤᠭᠤᠴᠠᠭᠠᠨ ᠳᠤ ᠂ ᠲᠣᠭᠠᠴᠢᠯᠠᠭᠰᠠᠨ ᠡᠨᠧᠷᠭᠢ ᠣᠯᠭᠤᠬᠤ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠪᠣᠯᠣᠨ ︽ ᠨᠤᠲᠤᠭ ᠤᠨ ᠣᠨᠴᠠ ᠭᠠᠷᠤᠯᠲᠠ ︾  ᠶᠢᠨ ᠬᠥᠭᠵᠢᠯᠲᠡ ᠶᠢᠨ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠢᠵᠦ ᠂ ᠠᠺᠠᠳᠧᠮᠢᠴᠢ ᠲᠤᠰᠬᠠᠢ ᠮᠡᠷᠭᠡᠵᠢᠯᠲᠡᠨ ᠢ ᠤᠷᠢᠵᠤ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠯᠭᠡᠵᠦ ᠂ ᠣᠷᠣᠨ ᠨᠤᠲᠤᠭ ᠤᠨ ᠤᠳᠤᠷᠢᠳᠤᠯᠭ᠎ᠠ ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠤᠷᠢᠵᠤ ᠨᠡᠶᠢᠲᠡᠯᠢᠭ ᠲᠤᠷᠰᠢᠯᠭ᠎ᠠ ᠶᠢᠨ ᠰᠣᠯᠢᠯᠴᠠᠭ᠎ᠠ ᠬᠢᠯᠭᠡᠵᠦ ᠂ ᠡᠯ᠎ᠡ ᠭᠠᠵᠠᠷ ᠤᠨ ︽ ᠨᠤᠲᠤᠭ ᠤᠨ ᠣᠨᠴᠠ ᠭᠠᠷᠤᠯᠲᠠ ︾ ᠪᠠ ᠲᠠᠷᠢᠶᠠᠯᠠᠩ ᠤᠨ ᠨᠡᠷᠡᠲᠦ ᠲᠡᠮᠳᠡᠭᠲᠦ ᠶᠢ ᠲᠠᠨᠢᠯᠴᠠᠭᠤᠯᠵᠤ ᠂ ︽ ᠮᠢᠩᠭᠠᠨ ᠲᠦᠮᠡᠨ ᠢᠨᠵᠧᠨᠧᠷᠢᠩ ︾ ᠤᠨ ᠵᠢᠱᠢᠶ᠎ᠡ ᠦᠵᠡᠭᠦᠯᠬᠦ ᠴᠡᠭ ᠢ ᠲᠣᠭᠤᠷᠢᠨ ᠦᠵᠡᠭᠦᠯᠵᠦ ᠰᠢᠨᠵᠢᠯᠡᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ ᠂ ︽ ᠨᠤᠲᠤᠭ ᠤᠨ ᠠᠮᠲᠠᠲᠤ ᠳᠤᠮᠳᠠᠳᠤ ᠤᠯᠤᠰ ᠤᠨ ︿ ᠨᠤᠲᠤᠭ ᠤᠨ ᠣᠨᠴᠠ ᠭᠠᠷᠤᠯᠲᠠ ﹀  ᠶᠢ ᠵᠢᠷᠤᠭᠯᠠᠨ ᠲᠣᠯᠢᠯᠯᠠᠬᠤ 2024 ︾ ᠢ ᠨᠠᠶᠢᠷᠠᠭᠤᠯᠤᠨ ᠨᠡᠶᠢᠲᠡᠯᠡᠨ᠎ᠡ᠃ ᠲᠣᠰ ᠠᠵᠢᠯᠯᠠᠭ᠎ᠠ ᠶᠢ ᠬᠠᠩᠵᠧᠦ ᠬᠤᠲᠠ ᠶᠢᠨ ᠯᠢᠨ ᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠬᠢᠯᠡᠨ᠎ᠡ ᠃ ᠡᠯ᠎ᠡ ᠭᠠᠵᠠᠷ ᠤᠨ ᠬᠢᠨ ᠠᠵᠢᠯᠯᠠᠭ᠎ᠠ ᠳᠤ ᠣᠷᠣᠯᠴᠠᠬᠤ ᠳᠤ ᠬᠡᠷᠪᠡ ᠬᠤᠯᠪᠣᠭᠳᠠᠯ ᠪᠦᠬᠦᠢ ᠥᠷᠲᠡᠭ ᠨᠡᠮᠡᠭᠳᠡᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠲᠠᠢ ᠪᠠᠶᠢᠪᠠᠯ᠂ ᠰᠠᠶᠢᠨ ᠳᠤᠷ᠎ᠠ ᠶᠢᠨ ᠵᠠᠷᠴᠢᠮ ᠶᠣᠰᠣᠭᠠᠷ ᠵᠧᠵᠢᠶᠠᠩ ᠤᠨ ᠨᠦᠩ ᠪᠥᠸᠧ ᠲᠣᠭᠠᠴᠢᠯᠠᠭᠰᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠨᠡᠪᠲᠡᠷᠡᠯᠴᠡᠨ ᠵᠣᠬᠢᠴᠠᠭᠤᠯᠤᠭᠠᠷᠠᠢ ᠃ ᠲᠥᠪᠯᠡᠷᠡᠭᠦᠯᠦᠨ ᠳᠡᠯᠭᠡᠨ ᠦᠵᠡᠭᠦᠯᠵᠦ ᠲᠠᠨᠢᠯᠴᠠᠭᠤᠯᠬᠤ ᠳᠤ ᠵᠣᠬᠢᠶᠠᠨ ᠪᠠᠶᠢᠭᠤᠯᠤᠨ ᠣᠷᠣᠯᠴᠠᠬᠤ ᠠᠴᠠ ᠭᠠᠳᠠᠨ᠎ᠠ᠂ ᠮᠤᠵᠢ ︵ᠣᠷᠣᠨ᠂ ᠬᠤᠲᠠ︶᠂ ᠬᠤᠲᠠ ︵ ᠭᠠᠵᠠᠷ ᠂ ᠵᠧᠦ︶᠂ ᠰᠢᠶᠠᠨ ︵ᠬᠤᠲᠠ᠂ ᠲᠣᠭᠤᠷᠢᠭ︶ ᠢᠶᠠᠷ ᠨᠢᠭᠡᠴᠢ ᠪᠣᠯᠭᠠᠭᠰᠠᠨ ᠲᠤᠰᠬᠠᠢ ᠲᠠᠯᠠᠪᠤᠷ ᠤᠨ ᠲᠠᠨᠢᠯᠴᠠᠭᠤᠯᠬᠤ ᠠᠵᠢᠯᠯᠠᠭ᠎ᠠ ᠶᠢ ᠵᠣᠷᠢᠭᠵᠢᠭᠤᠯᠤᠨ ᠳᠡᠮᠵᠢᠵᠦ᠂ ᠲᠥᠪᠯᠡᠷᠡᠭᠦᠯᠦᠨ ᠲᠠᠨᠢᠯᠴᠠᠭᠤᠯᠬᠤ ᠠᠵᠢᠯᠯᠠᠭ᠎ᠠ ᠳᠤ ᠣᠷᠣᠯᠴᠠᠭᠰᠠᠨ ︽ᠨᠤᠲᠤᠭ ᠤᠨ ᠣᠨᠴᠠ ᠭᠠᠷᠤᠯᠲᠠ︾ ᠶᠢᠨ ᠨᠠᠷᠠᠲᠤ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠪᠠ ᠢᠳᠡᠪᠬᠢᠲᠡᠢ ᠵᠣᠬᠢᠶᠠᠨ ᠪᠠᠶᠢᠭᠤᠯᠵᠤ ᠠᠵᠢᠯᠯᠠᠭ᠎ᠠ ᠳᠤ ᠣᠷᠣᠯᠴᠠᠭᠰᠠᠨ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠢᠯᠡᠳᠲᠡ ᠠᠬᠢᠭᠤᠯᠤᠭᠰᠠᠨ ᠬᠤᠯᠪᠣᠭᠳᠠᠯ ᠪᠦᠬᠦᠢ ᠨᠢᠭᠡᠴᠡ ᠶᠢ ᠵᠣᠬᠢᠰᠲᠠᠢ ᠠᠷᠭ᠎ᠠ ᠮᠠᠶ᠋ᠢᠭ ᠢᠶᠠᠷ ᠵᠠᠷᠯᠠᠨ ᠮᠡᠳᠡᠭᠳᠡᠨ᠎ᠡ᠃ 4. ︽ᠤᠯᠤᠰ ᠲᠠᠭᠠᠨ ᠦᠢᠯᠡᠳᠪᠦᠷᠢᠯᠡᠭᠰᠡᠨ ᠰᠢᠷ᠎ᠠ ᠪᠤᠷᠴᠠᠭ᠂ ᠪᠤᠷᠴᠠᠭ ᠤᠨ ᠢᠳᠡᠭᠡᠨ ᠵᠢᠴᠢ ᠰᠢᠷ᠎ᠠ ᠪᠤᠷᠴᠠᠭ ᠤᠨ ᠤᠭᠤᠷᠠᠭ ᠢ ᠪᠣᠯᠪᠠᠰᠤᠷᠠᠭᠤᠯᠬᠤ ᠦᠢᠯᠡᠳᠬᠦᠨ︾ ᠤ ᠲᠤᠰᠬᠠᠢ ᠠᠵᠢᠯᠯᠠᠭ᠎ᠠ ᠶᠢ ᠡᠷᠭᠢᠯᠡᠨ᠎ᠡ᠃ ᠡᠯ᠎ᠡ ᠮᠤᠵᠢ ᠶᠢᠨ ᠱᠠᠲᠤᠨ ᠤ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠤᠨ ᠬᠢᠨ ᠰᠢᠷ᠎ᠠ ᠪᠤᠷᠴᠠᠭ ᠳᠠᠷᠢᠬᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ᠂ ᠠᠷᠠᠯᠵᠢᠶᠠᠨ ᠤ ᠡᠷᠦᠬᠡ᠂ ᠤᠯᠤᠰ ᠲᠠᠭᠠᠨ ᠦᠢᠯᠡᠳᠪᠦᠷᠢᠯᠡᠭᠰᠡᠨ ᠰᠢᠷ᠎ᠠ ᠪᠤᠷᠴᠠᠭ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠢ ᠰᠢᠯᠢᠨ ᠰᠣᠩᠭᠤᠵᠤ ᠲᠤᠰᠬᠠᠢ ᠠᠵᠢᠯᠯᠠᠭ᠎ᠠ ᠳᠤ ᠣᠷᠣᠯᠴᠠᠬᠤ ᠪᠠᠷ ᠨᠡᠷ᠎ᠡ ᠮᠡᠳᠡᠭᠦᠯᠬᠦ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠬᠠᠮ ᠵᠠᠭᠤᠴᠢᠯᠠᠭᠤᠷ ᠤᠨ ᠪᠣᠰᠤᠭ᠎ᠠ ᠴᠣᠭᠴᠠᠲᠤ ᠮᠠᠶ᠋ᠢᠭ ᠤᠨ ᠤᠬᠠᠭᠤᠯᠭ᠎ᠠ ᠪᠠᠷ ᠳᠠᠮᠵᠢᠭᠤᠯᠤᠨ᠂ ᠬᠡᠷᠡᠭᠯᠡᠭᠴᠢᠳ ᠤᠨ ᠲᠠᠨᠢᠨ ᠮᠡᠳᠡᠷᠡᠬᠦᠢ ᠶᠢ ᠳᠡᠭᠡᠭᠰᠢᠯᠡᠭᠦᠯᠵᠦ᠂ ᠰᠢᠷ᠎ᠠ ᠪᠤᠷᠴᠠᠭ ᠤᠨ ᠪᠦᠲᠦᠭᠡᠭᠳᠡᠬᠦᠨ ᠤ ᠬᠡᠷᠡᠭᠯᠡᠭᠡ ᠶᠢ ᠬᠥᠲᠥᠯᠥᠨ ᠵᠢᠯᠤᠭᠤᠳᠴᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠠᠬᠢᠭᠤᠯᠤᠨ᠂ ᠤᠯᠤᠰ ᠲᠠᠭᠠᠨ ᠦᠢᠯᠡᠳᠪᠦᠷᠢᠯᠡᠭᠰᠡᠨ ᠰᠢᠷ᠎ᠠ ᠪᠤᠷᠴᠠᠭ ᠤᠨ ᠪᠣᠷᠤᠯᠠᠭᠤᠯᠭ᠎ᠠ ᠳᠤ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠠᠭᠤᠷ ᠠᠮᠢᠰᠬᠤᠯ ᠢ ᠪᠣᠶ ᠪᠣᠯᠭᠠᠵᠤ᠂ ᠰᠢᠷ᠎ᠠ ᠪᠤᠷᠴᠠᠭ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠷ᠎ᠠ ᠪᠤᠷᠴᠠᠭ ᠤᠨ ᠥᠪᠡᠷ ᠢ ᠪᠠᠨ ᠬᠠᠩᠭᠠᠬᠤ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃ 5. ᠲᠠᠷᠢᠶᠠᠯᠠᠩ ᠤᠨ ᠨᠠᠷᠠᠲᠤ ᠲᠡᠮᠳᠡᠭᠲᠦ ᠶᠢ ᠬᠠᠪᠰᠤᠷᠤᠨ ᠲᠡᠳᠭᠦᠬᠦ ᠃ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠲᠠᠷᠢᠶᠠᠯᠠᠩ ᠬᠥᠳᠡᠭᠡ ᠲᠣᠰᠬᠤᠨ ᠤ ᠫᠷᠣᠭ᠍ᠷᠠᠮ ᠤᠨ ᠲᠥᠪ᠂ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠲᠠᠢ ᠬᠤᠯᠪᠤᠭᠠᠯᠠᠨ᠂ ᠪᠥᠬᠦ ᠤᠯᠤᠰ ᠤᠨ ᠣᠶᠤᠲᠠᠳ ᠢ ᠵᠣᠬᠢᠶᠠᠨ ᠪᠠᠶᠢᠭᠤᠯᠤᠨ ︽ᠨᠤᠲᠤᠭ ᠤᠨ ᠣᠨᠴᠠ ᠭᠠᠷᠤᠯᠲᠠ︾ ᠪᠠ ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠵᠢᠷᠤᠭ ᠲᠥᠯᠥᠪᠯᠡᠭᠡ᠂ ᠰᠢᠯᠢᠳᠡᠭ ᠪᠦᠲᠦᠭᠡᠯ ᠤᠨ ᠦᠵᠡᠭᠦᠯᠭᠡ ᠵᠡᠷᠭᠡ ᠳᠤ ᠣᠷᠣᠯᠴᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠥᠷᠢᠰᠦᠯᠳᠦᠬᠦ ᠬᠦᠴᠦᠨ ᠢ ᠴᠢᠩᠭᠠᠷᠠᠭᠤᠯᠤᠨ᠂ ᠨᠠᠷᠠᠲᠤ ᠲᠡᠮᠳᠡᠭᠲᠦ ᠶᠢᠨ ᠦᠨ᠎ᠡ ᠥᠷᠲᠡᠭ ᠢ ᠳᠡᠭᠡᠭᠰᠢᠯᠡᠭᠦᠯᠦᠨ᠎ᠡ᠃ ᠵᠧᠵᠢᠶᠠᠩ ᠤᠨ ︽ ᠰᠦᠯᠵᠢᠶᠡᠨ ᠳᠡᠭᠡᠷᠡᠬᠢ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ︾ ᠤ ᠲᠠᠪᠴᠠᠩ ᠳᠤ ᠲᠦᠰᠢᠭᠯᠡᠨ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠤᠯᠪᠤᠭᠠᠯᠠᠨ ᠂ ᠡᠯ᠎ᠡ ᠭᠠᠵᠠᠷ ᠤᠨ ᠲᠠᠨᠢᠯᠴᠠᠭᠤᠯᠤᠭᠰᠠᠨ ︽ ᠨᠤᠲᠤᠭ ᠤᠨ ᠣᠨᠴᠠ ᠭᠠᠷᠤᠯᠲᠠ ︾ ᠶᠢᠨ ᠭᠤᠣᠯᠯᠠᠬᠤ ᠡᠷᠬᠡ ᠣᠯᠭᠤᠭᠰᠠᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠎ᠡ ᠃ ᠡᠯ᠎ᠡ ᠲᠥᠷᠥᠯ ᠤᠨ ᠵᠠᠰᠠᠭ ᠤᠨ ᠣᠷᠳᠣᠨ ᠤ ᠬᠡᠷᠡᠭᠯᠡᠭᠡᠨ ᠤ ᠲᠡᠮᠳᠡᠭᠲᠦ᠂ ᠲᠠᠪᠴᠠᠩ ᠤᠨ ᠦᠨ᠎ᠡ ᠪᠠᠭᠤᠷᠠᠭᠤᠯᠬᠤ ᠲᠡᠮᠳᠡᠭᠲᠦ᠂ ᠬᠤᠳᠠᠯᠳᠤᠭᠠᠴᠢᠨ ᠤ ᠬᠠᠷᠠᠭᠠᠯᠵᠠᠯ ᠤᠨ ᠲᠡᠮᠳᠡᠭᠲᠦ ᠵᠡᠷᠭᠡ ᠬᠡᠯᠪᠡᠷᠢ ᠪᠠᠷ ᠳᠠᠮᠵᠢᠭᠤᠯᠤᠨ᠂ ᠰᠦᠯᠵᠢᠶᠡᠨ ᠳᠡᠭᠡᠷᠡᠬᠢ ᠲᠠᠪᠴᠠᠩ ᠵᠢᠴᠢ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠠᠷᠠᠳ ᠲᠤ ᠠᠰᠢᠭ ᠬᠦᠷᠲᠡᠭᠡᠬᠦ ᠠᠰᠠᠷᠠᠮᠵᠢ ᠶᠢ ᠣᠯᠭᠤᠨ᠎ᠠ᠃      ᠬᠥᠲᠥᠯᠥᠭᠴᠢ ᠰᠤᠷᠪᠤᠯᠵᠢᠯᠠᠭᠴᠢ᠄ ᠲᠣᠰ ᠤᠳᠠᠭᠠᠨ ᠤ ᠠᠵᠢᠯᠯᠠᠭ᠎ᠠ ᠳᠤ ᠲᠠᠨᠢᠯᠴᠠᠭᠤᠯᠤᠭᠰᠠᠨ ︽ᠨᠤᠲᠤᠭ ᠤᠨ ᠣᠨᠴᠠ ᠭᠠᠷᠤᠯᠲᠠ︾ ᠨᠢ ᠶᠠᠮᠠᠷ ᠶᠠᠮᠠᠷ ᠨᠥᠬᠦᠴᠡᠯ ᠢ ᠪᠦᠷᠢᠯᠳᠦᠭᠦᠯᠬᠦ ᠴᠢᠬᠤᠯᠠᠲᠠᠢ ᠪᠣᠶ︖ ᠬᠡᠷᠬᠢᠨ ᠭᠤᠶᠤᠴᠢᠯᠠᠨ ᠮᠡᠳᠡᠭᠦᠯᠬᠦ ᠪᠤᠢ ︖      ᠬᠦᠨᠳᠦᠲᠦ ᠵᠣᠴᠢᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠡ ᠵᠠᠩᠭᠢ ᠶᠢᠨ ᠲᠥᠪ᠄ ᠠᠵᠢᠯᠯᠠᠭ᠎ᠠ ᠳᠤ ᠣᠷᠣᠯᠴᠠᠭᠰᠠᠨ ︽ᠨᠤᠲᠤᠭ ᠤᠨ ᠣᠨᠴᠠ ᠭᠠᠷᠤᠯᠲᠠ︾ ᠪᠠ ᠲᠠᠷᠢᠶᠠᠯᠠᠩ ᠤᠨ ᠨᠡᠷᠡᠲᠦ ᠲᠡᠮᠳᠡᠭᠲᠦ  ᠨᠢ ᠨᠢᠳᠤᠨᠤᠨ ᠤ ᠱᠠᠭᠠᠷᠳᠠᠯᠭ᠎ᠠ ᠲᠠᠢ ᠦᠨᠳᠦᠰᠦᠨ ᠳᠡᠭᠡᠨ ᠠᠳᠠᠯᠢ᠂ ᠨᠢᠭᠡ ᠳᠤ ᠤᠰᠤ ᠬᠥᠷᠥᠰᠥᠨ ᠤ ᠠᠭᠤᠷ ᠠᠮᠢᠰᠬᠤᠯ ᠤᠨ ᠡᠬᠢ ᠪᠠᠶᠠᠯᠢᠭ ᠤᠨ ᠥᠪᠡᠷᠮᠢᠴᠡ ᠣᠨᠴᠠᠯᠢᠭ  ᠲᠠᠢ︔ ᠬᠤᠶᠠᠷ ᠲᠤ ᠣᠷᠣᠨ ᠪᠦᠰᠡ ᠶᠢᠨ ᠣᠨᠴᠠᠯᠢᠭ ᠲᠣᠪᠣᠶᠢᠮ᠎ᠠ ︔ ᠭᠤᠷᠪᠠ ᠳᠤ ᠨᠢᠭᠡᠨᠲᠡ ᠠᠵᠤ ᠦᠢᠯᠡᠰ ᠪᠦᠷᠢᠯᠳᠦᠭᠰᠡᠨ ᠪᠠᠶᠢᠬᠤ ᠬᠡᠷᠡᠭᠲᠡᠢ︔ ᠳᠥᠷᠪᠡ ᠳᠤ ᠰᠢᠮ᠎ᠡ ᠲᠡᠵᠢᠭᠡᠯ ᠤᠨ ᠪᠦᠷᠢᠯᠳᠦᠭᠦᠨ᠂ ᠪᠣᠯᠪᠠᠰᠤᠷᠠᠭᠤᠯᠬᠤ ᠤᠷᠠᠯᠠᠯ᠂ ᠵᠠᠩᠭᠢᠯᠠᠭ᠎ᠠ ᠶᠢᠨ ᠴᠢᠨᠠᠷ ᠴᠢᠨᠰᠠᠭ᠎ᠠ ᠶᠢᠨ ᠭᠦᠢᠴᠡᠳᠬᠡᠯ ᠲᠤᠭ᠎ᠠ᠂ ᠰᠣᠶᠣᠯ ᠤᠨ ᠦᠨ᠎ᠡ ᠥᠷᠲᠡᠭ᠂ ᠨᠠᠷᠠᠲᠤ ᠲᠡᠮᠳᠡᠭᠲᠦ ᠶᠢᠨ ᠦᠨ᠎ᠡ ᠥᠷᠲᠡᠭ ᠵᠡᠷᠭᠡ ᠨᠡᠯᠢᠶᠡᠳ ᠥᠨᠳᠥᠷ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠲᠠᠢ ︔ ᠲᠠᠪᠤ ᠳᠤ ᠲᠣᠭᠠᠴᠢᠯᠠᠭᠰᠠᠨ ᠡᠨᠧᠷᠭᠢ ᠣᠯᠭᠤᠬᠤ ᠠᠵᠤ ᠦᠢᠯᠡᠰ ᠤᠨ ᠬᠥᠭᠵᠢᠯᠲᠡ ᠶᠢ ᠳᠣᠪᠣᠶᠢᠯᠭᠠᠬᠤ ᠬᠡᠷᠡᠭᠲᠡᠢ ᠃ ᠲᠠᠨᠢᠯᠴᠠᠭᠤᠯᠬᠤ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠵᠤ ᠂ ︽ ᠨᠤᠲᠤᠭ ᠤᠨ ᠣᠨᠴᠠ ᠭᠠᠷᠤᠯᠲᠠ ︾  ᠶᠢᠨ ᠠᠷᠤ ᠳᠠᠬᠢ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ ᠂  ᠨᠤᠲᠤᠭ ᠤᠨ ᠣᠨᠴᠠ ᠭᠠᠷᠤᠯᠲᠠ ︾  ᠶᠢᠨ ᠠᠵᠤ ᠠᠬᠤᠢ ᠶᠢᠨ ᠦᠷᠳᠡᠭ ᠂ ᠰᠣᠶᠣᠯ ᠤᠨ ᠦᠷᠳᠡᠭ ᠂ ᠠᠮᠢ ᠠᠬᠤᠢ ᠶᠢᠨ ᠦᠷᠳᠡᠭ ᠢ ᠭᠦᠢᠴᠡᠳ ᠠᠭᠤᠳᠠᠯᠤᠨ ᠢᠯᠡᠷᠡᠭᠦᠯᠵᠦ ᠂ ᠪᠤᠰᠤᠳᠴᠢ ᠦᠨᠡᠨ ᠪᠣᠳᠠᠲᠠᠢ ᠂ ᠠᠮᠢᠳᠤᠯᠢᠭ ᠳᠦᠷᠰᠦᠯᠢᠭ ᠪᠠᠶᠢᠬᠤ ᠶᠢ ᠦᠨᠡᠨᠬᠦ ᠪᠡᠶᠡᠯᠡᠭᠦᠯᠵᠦ ᠂ ᠥᠪᠡᠷᠮᠢᠴᠡ ᠷᠢᠳᠢ ᠰᠢᠳᠢ ᠲᠠᠢ ᠂ ᠬᠥᠭᠵᠢᠯᠲᠡ ᠶᠢᠨ ᠢᠷᠡᠭᠡᠳᠦᠢ ᠶᠢ ᠢᠯᠡᠷᠡᠭᠦᠯᠬᠦ ᠬᠡᠷᠡᠭᠲᠡᠢ ᠃ ᠣᠷᠣᠯᠴᠠᠬᠤ ᠭᠤᠣᠯ ᠴᠣᠭᠴᠠ ᠨᠢ ᠥᠪᠡᠰᠦᠪᠡᠨ ︽ᠨᠤᠲᠤᠭ ᠤᠨ ᠣᠨᠴᠠ ᠭᠠᠷᠤᠯᠲᠠ︾ ᠶᠢᠨ ᠲᠠᠨᠢᠯᠴᠠᠭᠤᠯᠬᠤ ᠠᠵᠢᠯᠯᠠᠭ᠎ᠠ ᠶᠢᠨ ᠭᠤᠶᠤᠴᠢᠯᠠᠨ ᠮᠡᠳᠡᠭᠦᠯᠬᠦ ᠲᠠᠪᠴᠠᠩ ᠳᠤ ᠲᠠᠩᠰᠠᠨ ᠨᠣᠮᠧᠷ ᠡᠭᠦᠳᠦᠨ ᠪᠠᠶᠢᠭᠤᠯᠵᠤ᠂ 2024 ᠣᠨ ᠤ 9 ᠰᠠᠷ᠎ᠠ ᠶᠢᠨ 23 ᠤ ᠡᠳᠦᠷ ᠠᠴᠠ ᠡᠮᠦᠨ᠎ᠡ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠠᠭᠯᠠᠨ ᠮᠡᠳᠡᠭᠦᠯᠬᠦ ᠶᠢᠨ ᠬᠠᠮᠲᠤ ᠲᠤᠰᠢᠶᠠᠬᠤ ᠬᠡᠷᠡᠭᠲᠡᠢ ᠃ ᠡᠭᠦᠨ ᠤ ᠬᠠᠮᠲᠤ ᠪᠢᠳᠡ ︽ᠨᠤᠲᠤᠭ ᠤᠨ ᠣᠨᠴᠠ ᠭᠠᠷᠤᠯᠲᠠ︾ ᠶᠢᠨ ᠭᠤᠣᠯᠯᠠᠬᠤ ᠡᠷᠬᠡ ᠣᠯᠭᠤᠭᠰᠠᠨ ᠠᠵᠤ ᠠᠬᠤᠶᠢᠯᠠᠯ ᠤᠨ ︽ᠨᠤᠲᠤᠭ ᠤᠨ ᠣᠨᠴᠠ ᠭᠠᠷᠤᠯᠲᠠ︾ ᠶᠢᠨ ᠲᠠᠨᠢᠯᠴᠠᠭᠤᠯᠭ᠎ᠠ ᠪᠠᠷ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢᠨ ᠨᠡᠷ᠎ᠡ ᠮᠡᠳᠡᠭᠦᠯᠬᠦ ᠶᠢ ᠪᠡᠶᠡᠯᠡᠬᠦᠯᠵᠦ ᠂ ︽ᠰᠦᠯᠵᠢᠶᠡᠨ ᠳᠡᠭᠡᠷᠡᠬᠢ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ︾ ᠤ ᠲᠠᠪᠴᠠᠩ ᠳᠤ ᠣᠷᠣᠵᠤ᠂ ᠡᠯᠧᠺᠲᠷᠣᠨ ᠬᠤᠳᠠᠯᠳᠤᠭᠠᠨ ᠤ ᠵᠣᠯᠭᠠᠯᠴᠠᠭ᠎ᠠ ᠶᠢ ᠥᠷᠨᠢᠭᠦᠯᠬᠦ ᠶᠢ ᠵᠣᠷᠢᠭᠵᠢᠭᠤᠯᠤᠨ᠎ᠠ᠃      ᠬᠥᠲᠥᠯᠥᠭᠴᠢ ᠰᠤᠷᠪᠤᠯᠵᠢᠯᠠᠭᠴᠢ᠄ ᠡᠨᠡ ᠵᠢᠯ ᠤᠨ ︽ᠨᠤᠲᠤᠭ ᠤᠨ ᠣᠨᠴᠠ ᠭᠠᠷᠤᠯᠲᠠ︾ ᠶᠢᠨ ᠲᠤᠰᠬᠠᠢ ᠠᠵᠢᠯᠯᠠᠭ᠎ᠠ ᠨᠢ ᠶᠠᠮᠠᠷ ᠶᠠᠮᠠᠷ ᠣᠨᠴᠠᠯᠢᠭ ᠲᠠᠢ ᠪᠣᠶ︖      ᠬᠦᠨᠳᠦᠲᠦ ᠵᠣᠴᠢᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠡ ᠵᠠᠩᠭᠢ ᠶᠢᠨ ᠲᠥᠪ᠄ ᠡᠨᠡ ᠵᠢᠯ ᠲᠥᠪ ᠲᠧᠯᠸᠢᠰ ᠲᠠᠢ ᠬᠠᠮᠲᠤᠷᠠᠨ ᠭᠤᠸᠠᠩᠳᠦ᠋ᠩ ᠤᠨ ᠢᠦ᠋ᠢᠨᠠᠨ ᠳᠤ ᠶᠠᠪᠤᠭᠳᠠᠭᠰᠠᠨ 2024 ᠣᠨ ᠤ ︽ᠨᠤᠲᠤᠭ ᠤᠨ ᠣᠨᠴᠠ ᠭᠠᠷᠤᠯᠲᠠ ︾  ᠶᠢ ᠲᠠᠨᠢᠯᠴᠠᠭᠤᠯᠬᠤ ᠠᠵᠢᠯᠯᠠᠭ᠎ᠠ ᠶᠢᠨ ᠢᠦ᠋ᠢᠨᠠᠨ ᠤ ᠴᠦᠮ᠎ᠡ ᠦᠭᠡᠢ ᠰᠢᠷ᠎ᠠ ᠬᠠᠯᠢᠰᠤᠳᠤ ᠵᠢᠮᠢᠰ ᠤᠨ ᠲᠤᠰᠬᠠᠢ ᠲᠠᠯᠠᠪᠤᠷ ᠲᠤ᠂ ︽ ᠡᠬᠢᠯᠡᠯᠲᠡ ᠶᠢᠨ ᠶᠣᠰᠣᠯᠠᠯ + ᠴᠤᠭᠯᠠᠭ᠎ᠠ ᠮᠠᠶᠢᠮᠠᠢ + ᠳᠠᠭᠤᠤ ᠬᠥᠭᠵᠢᠮ ᠤᠨ ᠦᠳᠡᠰᠢᠯᠡᠭᠡ ︾  ᠶᠢᠨ ᠬᠡᠯᠪᠡᠷᠢ ᠪᠠᠷ ᠢᠦ᠋ᠢᠨᠠᠨ  ᠤ ᠴᠦᠮ᠎ᠡ ᠦᠭᠡᠢ ᠰᠢᠷ᠎ᠠ ᠬᠠᠯᠢᠰᠤᠳᠤ ᠵᠢᠮᠢᠰ  ᠢ ᠲᠠᠨᠢᠯᠴᠠᠭᠤᠯᠬᠤ ᠶᠢᠨ ᠬᠠᠮᠲᠤ ᠰᠣᠶᠣᠯ ᠤᠷᠠᠯᠢᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢ ᠣᠯᠭᠤᠵᠤ ᠂ ᠢᠦ᠋ᠢᠨᠠᠨ ᠤ ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠠᠯᠳᠠᠷᠰᠢᠯ ᠢ ᠨᠡᠮᠡᠭᠳᠡᠭᠦᠯᠦᠨ᠎ᠡ ᠃ ᠪᠢᠳᠡ ᠪᠠᠰᠠ 3 — 4 ᠲᠠᠯᠠᠪᠤᠷ ︽ᠨᠤᠲᠤᠭ ᠤᠨ ᠣᠨᠴᠠ ᠭᠠᠷᠤᠯᠲᠠ︾ ᠶᠢᠨ ᠲᠤᠰᠬᠠᠢ ᠲᠠᠯᠠᠪᠤᠷ ᠤᠨ ᠲᠠᠨᠢᠯᠴᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠭᠤᠣᠯᠯᠠᠨ ᠡᠷᠭᠢᠯᠡᠭᠰᠡᠨ ᠨᠢᠭᠡᠴᠡ ᠠᠴᠠ ᠲᠤᠰᠬᠠᠢ ᠮᠡᠷᠭᠡᠵᠢᠯᠲᠡᠨ ᠢ ᠤᠷᠢᠵᠤ ᠲᠤᠬᠠᠢ ᠶᠢᠨ ᠭᠠᠵᠠᠷ ᠤᠨ ︽ᠨᠤᠲᠤᠭ ᠤᠨ ᠣᠨᠴᠠ ᠭᠠᠷᠤᠯᠲᠠ︾ ᠶᠢ ᠲᠠᠨᠢᠯᠴᠠᠭᠤᠯᠵᠤ᠂ ᠡᠯᠧᠺᠲᠷᠣᠨ ᠬᠤᠳᠠᠯᠳᠤᠭᠠᠨ ᠤ ᠵᠣᠯᠭᠠᠯᠴᠠᠭ᠎ᠠ ᠶᠢ ᠥᠷᠨᠢᠭᠦᠯᠵᠦ ᠂ ᠬᠠᠮᠢᠶ᠎ᠠ ᠪᠦᠬᠦᠢ ᠰᠣᠨᠢᠨ ᠮᠡᠳᠡᠭᠡᠨ ᠤ ᠨᠢᠭᠡᠴᠡ ᠶᠢᠨ ᠰᠤᠷᠪᠤᠯᠵᠢᠯᠠᠭᠴᠢ ᠶᠢ ᠤᠷᠢᠵᠤ ᠲᠤᠬᠠᠢ ᠶᠢᠨ ᠲᠠᠯᠠᠪᠤᠷ ᠤᠨ ᠰᠣᠷᠪᠤᠯᠵᠢᠯᠠᠭ᠎ᠠ ᠬᠢᠯᠭᠡᠵᠦ ᠂ ᠬᠥᠲᠥᠯᠥᠭᠴᠢ ᠂ ᠮᠡᠷᠭᠡᠳ ᠢ ᠵᠣᠬᠢᠶᠠᠨ ᠪᠠᠶᠢᠭᠤᠯᠤᠨ ᠰᠤᠷᠪᠤᠯᠵᠢᠯᠠᠬᠤ ᠪᠠ ᠰᠢᠭᠤᠳ ᠨᠡᠪᠲᠡᠷᠡᠭᠦᠯᠬᠦ ᠲᠠᠨᠢᠯᠴᠠᠭᠤᠯᠭ᠎ᠠ ᠬᠢᠯᠭᠡᠵᠦ ᠂ ᠳᠠᠭᠤᠤ ᠬᠥᠭᠵᠢᠮ ᠤᠨ ᠨᠠᠶᠢᠷ ᠵᠡᠷᠭᠡ ᠶᠢ ᠡᠷᠬᠢᠯᠡᠵᠦ ᠂ ᠲᠤᠬᠠᠢ ᠶᠢᠨ ᠭᠠᠵᠠᠷ ᠤᠨ ︽ ᠨᠤᠲᠤᠭ ᠤᠨ ᠣᠨᠴᠠ ᠭᠠᠷᠤᠯᠲᠠ ︾  ᠳᠤ ᠬᠠᠳᠠᠭᠠᠯᠠᠭᠳᠠᠵᠤ ᠪᠠᠶᠢᠭ᠎ᠠ ᠥᠪᠡᠷᠮᠢᠴᠡ ᠷᠢᠳᠢ ᠰᠢᠳᠢ ᠪᠠ ᠰᠣᠶᠣᠯ ᠤᠨ ᠦᠨ᠎ᠡ ᠦᠷᠳᠡᠭ ᠢ ᠭᠦᠨᠵᠡᠭᠡᠢ ᠮᠡᠳᠡᠭᠡᠯᠡᠵᠦ ᠂ ᠶᠠᠰᠤ ᠴᠢᠨᠠᠷ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠰᠣᠶᠣᠯ ᠤᠨ ᠬᠦᠴᠦ ᠨᠡᠮᠡᠷᠢᠭᠦᠯᠦᠭᠰᠡᠨ ︽ ᠨᠤᠲᠤᠭ ᠤᠨ ᠣᠨᠴᠠ ᠭᠠᠷᠤᠯᠲᠠ ︾  ᠶᠢᠨ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠨ᠎ᠠ ᠃ ᠡᠯ᠎ᠡ ᠭᠠᠵᠠᠷ ᠤᠨ ᠬᠢᠨ ᠬᠡᠷᠪᠡ ᠬᠦᠰᠡᠯ ᠰᠠᠨᠠᠭ᠎ᠠ ᠲᠠᠢ ᠪᠣᠯ ᠭᠤᠣᠯᠯᠠᠨ ᠡᠷᠭᠢᠯᠡᠭᠰᠡᠨ ᠨᠢᠭᠡᠴᠡ ᠲᠠᠢ ᠬᠠᠷᠢᠯᠴᠠᠵᠤ᠂ ᠬᠠᠮᠲᠤ ᠪᠠᠷ ᠲᠤᠰᠬᠠᠢ ᠲᠠᠯᠠᠪᠤᠷ ᠤᠨ ᠲᠠᠨᠢᠯᠴᠠᠭᠤᠯᠬᠤ ᠠᠵᠢᠯᠯᠠᠭ᠎ᠠ ᠶᠢ ᠰᠠᠶᠢᠲᠤᠷ ᠲᠥᠯᠥᠪᠯᠡᠵᠦ᠂ ᠰᠠᠶᠢᠲᠤᠷ ᠵᠣᠬᠢᠶᠠᠨ ᠪᠠᠶᠢᠭᠤᠯᠵᠤ ᠪᠣᠯᠣᠨ᠎ᠠ᠃
 
ᠢᠷᠡᠯᠲᠡ᠄ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠡ ᠵᠠᠩᠭᠢ ᠶᠢᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号