— ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ | ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠭᠤᠣᠯ ᠵᠣᠷᠢᠯᠲᠠᠲᠤ ᠶᠠᠷᠢᠶ᠎ᠠ | ︵2024 ᠣᠨ ᠤ 9 ᠰᠠᠷ᠎ᠠ ᠶᠢᠨ 5 ᠤ ᠡᠳᠦᠷ ᠪᠡᠭᠡᠵᠢᠩ ᠳᠤ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠶᠡᠷᠦᠩᠬᠡᠶᠢᠯᠡᠭᠴᠢ ᠹᠠᠶᠧ᠂ | ᠬᠦᠨᠳᠦᠲᠦ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ ᠶᠡᠷᠦᠩᠬᠡᠶᠢᠯᠡᠭᠴᠢ | ᠵᠢᠶᠠᠽᠸᠠᠨᠢ᠂ | ᠬᠦᠨᠳᠦᠲᠦ ᠡᠯ᠎ᠡ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ᠂ ᠲᠥᠯᠥᠭᠡᠯᠡᠭᠴᠢᠳ ᠤᠨ | ᠪᠦᠯᠬᠦᠮ ᠤᠨ ᠳᠠᠷᠤᠭ᠎ᠠ ᠨᠠᠷ᠂ | ᠬᠦᠨᠳᠦᠲᠦ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠧᠶᠢᠰ | ᠠᠪᠤᠭᠠᠢ᠂ | ᠬᠦᠨᠳᠦᠲᠦ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠵᠥᠪᠯᠡᠯ ᠤᠨ ᠲᠡᠷᠢᠭᠦᠯᠡᠭᠴᠢ ᠹᠠᠵᠢ ᠠᠪᠤᠭᠠᠢ᠂ | ᠨᠠᠶᠢᠵᠠ ᠨᠠᠷ ᠠ᠋᠂ ᠡᠷᠬᠢᠮ ᠵᠣᠴᠢᠳ ᠠ᠋᠄ | ᠴᠡᠴᠡᠭ ᠳᠡᠯᠭᠡᠷᠡᠨ ᠦᠷ᠎ᠡ ᠰᠠᠭᠤᠵᠤ᠂ ᠠᠯᠢᠪᠠ ᠪᠥᠬᠦᠨ ᠡᠯᠪᠡᠭ ᠳᠡᠯᠪᠡᠭ᠃ ᠡᠨᠡ ᠬᠦ ᠡᠯᠪᠡᠭ ᠬᠤᠷᠢᠶᠠᠯᠲᠠ ᠶᠢᠨ | ᠤᠯᠠᠷᠢᠯ ᠳᠤ ᠰᠢᠨ᠎ᠡ ᠬᠠᠭᠤᠴᠢᠨ ᠨᠠᠶᠢᠵᠠ ᠨᠠᠷ ᠲᠠᠢ ᠪᠠᠨ ᠪᠡᠭᠡᠵᠢᠩ ᠳᠤ ᠴᠤᠭᠯᠠᠷᠠᠵᠤ᠂ ᠰᠢᠨ᠎ᠡ ᠴᠠᠭ ᠦᠶ᠎ᠡ ᠶᠢᠨ ᠳᠤᠮᠳᠠᠳᠤ | ᠠᠹᠷᠢᠺᠠ ᠶᠢᠨ ᠨᠥᠬᠦᠷᠰᠡᠭ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠬᠦ ᠪᠣᠯᠤᠭᠰᠠᠨ ᠳᠠᠭᠠᠨ ᠮᠠᠰᠢ | ᠪᠠᠶᠠᠷ ᠲᠠᠢ ᠪᠠᠶᠢᠨ᠎ᠠ᠃ ᠡᠩ ᠲᠡᠷᠢᠭᠦᠨ ᠳᠤ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ | ᠠᠷᠠᠳ ᠲᠦᠮᠡᠨ ᠤ ᠡᠮᠦᠨ᠎ᠡ ᠠᠴᠠ ᠲᠠ ᠣᠯᠠᠨ ᠤ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ | ᠢᠯᠡᠳᠬᠡᠶ᠎ᠡ︕ | ᠳᠤᠮᠳᠠᠳᠤ ᠠᠹᠷᠢᠺᠠ ᠶᠢᠨ ᠨᠥᠬᠦᠷᠯᠡᠯ ᠴᠠᠭ ᠣᠷᠣᠨ ᠵᠠᠢ ᠶᠢ ᠠᠯᠤᠰᠯᠠᠨ᠂ ᠠᠭᠤᠯᠠ ᠳᠠᠯᠠᠢ ᠶᠢ ᠳᠠᠪᠠᠵᠤ᠂ ᠦᠶ᠎ᠡ ᠶᠢᠨ | ᠦᠶ᠎ᠡ ᠳᠤ ᠤᠯᠠᠮᠵᠢᠯᠠᠭᠳᠠᠨ᠎ᠠ᠃ 2000 ᠣᠨ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ | ᠪᠠᠶᠢᠭᠤᠯᠤᠭᠳᠠᠭᠰᠠᠨ ᠨᠢ ᠳᠤᠮᠳᠠᠳᠤ ᠠᠹᠷᠢᠺᠠ ᠶᠢᠨ ᠬᠠᠷᠢᠯᠴᠠᠭᠠᠨ ᠤ ᠲᠡᠦᠬᠡᠨ ᠳᠡᠭᠡᠷ᠎ᠡ ᠴᠢᠬᠤᠯᠠ ᠬᠥᠰᠢᠶ᠎ᠡ ᠳᠤᠷᠠᠰᠬᠠᠯ ᠤᠨ | ᠠᠴᠢ ᠬᠤᠯᠪᠣᠭᠳᠠᠯ ᠲᠠᠢ ᠶᠤᠮ᠃ 24 ᠵᠢᠯ ᠤᠨ ᠲᠤᠷᠰᠢ ᠢᠯᠠᠩᠭᠤᠶ᠎ᠠ ᠰᠢᠨ᠎ᠡ ᠴᠠᠭ ᠦᠶ᠎ᠡ ᠶᠢᠨ ᠠᠴᠠ ᠨᠠᠭᠠᠰᠢ ᠳᠤᠮᠳᠠᠳᠤ | ᠤᠯᠤᠰ ᠠᠹᠷᠢᠺᠠ ᠲᠢᠪ ᠤᠨ ᠠᠬ᠎ᠠ ᠡᠭᠡᠴᠢ ᠳᠡᠭᠦᠦ ᠨᠠᠷ ᠲᠠᠢ ᠦᠨᠡᠨ ᠪᠣᠳᠠᠲᠠᠢ ᠳᠣᠲᠣᠨᠣ ᠦᠨᠡᠨᠴᠢ ᠪᠠᠶᠢᠬᠤ | ᠣᠶᠢᠯᠠᠭᠠᠭᠳᠠᠬᠤᠨ ᠢᠶᠠᠷ ᠭᠠᠷ ᠬᠤᠯᠪᠣᠨ ᠤᠷᠤᠭᠰᠢᠯᠠᠪᠠ᠃ ᠪᠢᠳᠡ ᠳᠡᠯᠡᠬᠡᠢ ᠶᠢᠨ ᠵᠠᠭᠤᠨ ᠵᠢᠯ ᠤᠨ ᠬᠤᠪᠢᠰᠤᠯᠲᠠ ᠶᠢᠨ ᠳᠤᠮᠳᠠ | ᠮᠥᠷᠥ ᠵᠡᠷᠭᠡᠴᠡᠨ ᠭᠠᠷ ᠭᠠᠷ ᠢᠶᠠᠨ ᠬᠤᠯᠪᠣᠵᠤ᠂ ᠵᠦᠢ ᠶᠣᠰᠣᠨ ᠤ ᠡᠷᠬᠡ ᠠᠰᠢᠭ ᠢᠶᠠᠨ ᠬᠠᠷᠢᠯᠴᠠᠨ ᠡᠷᠡᠰ ᠬᠠᠮᠠᠭᠠᠯᠠᠪᠠ︔ | ᠪᠢᠳᠡ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠤᠷᠤᠰᠬᠠᠯ ᠳᠤᠮᠳᠠ ᠶᠠᠰᠤ ᠰᠢᠷᠪᠦᠰᠦ ᠪᠠᠨ ᠬᠠᠲᠠᠭᠤᠵᠢᠭᠤᠯᠵᠤ᠂ ᠪᠡᠶ᠎ᠡ | ᠮᠠᠬᠠᠪᠤᠳ ᠢᠶᠠᠨ ᠴᠢᠭᠢᠷᠠᠭᠵᠢᠭᠤᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠢᠶᠠᠷ ᠳᠤᠮᠳᠠᠳᠤ ᠠᠹᠷᠢᠺᠠ ᠶᠢᠨ ᠲᠦᠭ ᠲᠦᠮᠡᠨ | ᠠᠷᠠᠳ ᠲᠦᠮᠡᠨ ᠳᠤ ᠠᠰᠢᠭ ᠬᠦᠷᠲᠡᠭᠡᠪᠡ︔ ᠪᠢᠳᠡ ᠶᠡᠭᠡ ᠭᠠᠮᠰᠢᠭ ᠶᠡᠭᠡ ᠬᠢᠵᠢᠭ ᠤᠨ ᠡᠮᠦᠨ᠎ᠡ ᠵᠢᠷᠭᠠᠯ ᠵᠣᠪᠠᠯᠠᠩ ᠢᠶᠠᠨ | ᠬᠠᠮᠲᠤᠳᠬᠠᠵᠤ᠂ ᠬᠠᠮᠲᠤ ᠪᠠᠷ ᠲᠡᠮᠡᠴᠡᠵᠦ᠂ ᠳᠤᠮᠳᠠᠳᠤ ᠠᠹᠷᠢᠺᠠ ᠶᠢᠨ ᠨᠥᠬᠦᠷᠯᠡᠯ ᠤᠨ ᠰᠡᠳᠬᠢᠯ ᠬᠥᠳᠡᠯᠭᠡᠮ᠎ᠡ ᠦᠯᠢᠭᠡᠷ ᠤᠳ ᠢ | ᠪᠢᠴᠢᠭᠯᠡᠪᠡ︔ ᠪᠢᠳᠡ ᠢᠮᠠᠭᠲᠠ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠳᠡᠮᠵᠢᠵᠦ᠂ ᠰᠢᠨ᠎ᠡ ᠬᠡᠯᠪᠡᠷᠢ ᠶᠢᠨ ᠣᠯᠠᠨ | ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠢ ᠪᠣᠢ ᠪᠣᠯᠭᠠᠪᠠ᠃ | 70 ᠰᠢᠬᠠᠮ ᠵᠢᠯ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠨ ᠳᠤᠮᠳᠠᠳᠤ ᠠᠹᠷᠢᠺᠠ ᠶᠢᠨ | ᠬᠠᠷᠢᠯᠴᠠᠭ᠎ᠠ ᠲᠡᠦᠬᠡ ᠶᠢᠨ ᠬᠠᠮᠤᠭ ᠤᠨ ᠰᠠᠶᠢᠬᠠᠨ ᠴᠠᠭ ᠦᠶ᠎ᠡ ᠳᠡᠭᠡᠨ ᠬᠦᠷᠴᠦ ᠢᠷᠡᠯ᠎ᠡ᠃ ᠢᠷᠡᠭᠡᠳᠦᠢ ᠳᠤ ᠬᠠᠨᠳᠤᠵᠤ ᠪᠢ | ᠳᠤᠮᠳᠠᠳᠤ ᠤᠯᠤᠰ ᠪᠣᠯᠣᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ ᠪᠦᠬᠦ᠋ᠢᠯᠡ ᠤᠯᠤᠰ ᠯᠤᠭ᠎ᠠ ᠶᠢᠨ | ᠬᠤᠶᠠᠷ ᠲᠠᠯ᠎ᠠ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠷᠢᠯᠴᠠᠭᠠᠨ ᠤ ᠲᠦᠪᠰᠢᠨ ᠳᠤ ᠬᠦᠷᠲᠡᠯ᠎ᠡ | ᠳᠡᠭᠡᠭᠰᠢᠯᠡᠭᠦᠯᠵᠦ᠂ ᠳᠤᠮᠳᠠᠳᠤ ᠠᠹᠷᠢᠺᠠ ᠶᠢᠨ ᠬᠠᠷᠢᠯᠴᠠᠭᠠᠨ ᠤ ᠪᠦᠬᠦᠯᠢ ᠴᠣᠭᠴᠠ ᠶᠢᠨ ᠪᠠᠶᠢᠷᠢ ᠲᠣᠭᠲᠠᠭᠠᠯᠲᠠ ᠶᠢ ᠰᠢᠨ᠎ᠡ | ᠴᠠᠭ ᠦᠶ᠎ᠡ ᠶᠢᠨ ᠴᠠᠭ ᠮᠥᠴᠡ ᠪᠥᠬᠦᠨ ᠤ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠳᠤ | ᠬᠦᠷᠲᠡᠯ᠎ᠡ ᠳᠡᠭᠡᠭᠰᠢᠯᠡᠭᠦᠯᠬᠦ ᠶᠢ ᠰᠠᠨᠠᠭᠠᠴᠢᠯᠠᠵᠤ ᠪᠠᠶᠢᠨ᠎ᠠ︕ | ᠨᠠᠶᠢᠵᠠ ᠨᠠᠷ ᠠ᠋᠂ ᠡᠷᠬᠢᠮ ᠵᠣᠴᠢᠳ ᠠ᠋︕ | ᠣᠳᠣᠬᠢᠴᠢᠯᠠᠯᠲᠠ ᠶᠢ ᠪᠡᠶᠡᠯᠡᠭᠦᠯᠬᠦ ᠪᠣᠯ ᠳᠡᠯᠡᠬᠡᠢ ᠶᠢᠨ ᠡᠯ᠎ᠡ ᠤᠯᠤᠰ ᠤᠨ ᠪᠤᠯᠢᠶᠠᠵᠤ ᠪᠣᠯᠣᠰᠢ ᠦᠭᠡᠢ ᠡᠷᠬᠡ ᠮᠥᠨ᠃ | ᠥᠷᠥᠨᠡᠳᠠᠬᠢᠨ ᠤ ᠣᠳᠣᠬᠢᠴᠢᠯᠠᠯᠲᠠ ᠶᠢᠨ ᠠᠬᠢᠴᠠ ᠨᠢ ᠥᠷᠭᠡᠨ ᠣᠯᠠᠨ ᠬᠥᠭᠵᠢᠵᠦ ᠪᠠᠶᠢᠭ᠎ᠠ ᠤᠯᠤᠰ ᠲᠤ ᠬᠦᠨᠳᠦ ᠨᠣᠴᠢᠲᠠᠢ | ᠭᠠᠰᠠᠯᠠᠩ ᠵᠣᠪᠠᠯᠠᠩ ᠢ ᠠᠪᠴᠢᠷᠠᠭᠰᠠᠨ ᠶᠤᠮ᠃ ᠳᠡᠯᠡᠬᠡᠢ ᠶᠢᠨ ᠬᠤᠶᠠᠳᠤᠭᠠᠷ ᠳᠠᠶᠢᠨ ᠳᠠᠭᠤᠰᠤᠭᠰᠠᠨ ᠤ ᠳᠠᠷᠠᠭ᠎ᠠ ᠳᠤᠮᠳᠠᠳᠤ | ᠤᠯᠤᠰ ᠪᠠ ᠠᠹᠷᠢᠺᠠ ᠲᠢᠪ ᠢᠶᠠᠷ ᠲᠥᠯᠥᠭᠡᠯᠡᠭᠦᠯᠦᠭᠰᠡᠨ ᠭᠤᠷᠪᠠᠳᠤᠭᠠᠷ ᠶᠢᠷᠲᠢᠨᠴᠦ ᠶᠢᠨ ᠤᠯᠤᠰ ᠤᠳ ᠵᠠᠯᠭᠠᠭ᠎ᠠ ᠪᠠᠷ | ᠲᠤᠰᠠᠭᠠᠷ ᠲᠣᠭᠲᠠᠨᠢᠯ ᠪᠠ ᠬᠥᠭᠵᠢᠯᠲᠡ ᠪᠠᠨ ᠪᠡᠶᠡᠯᠡᠭᠦᠯᠵᠦ᠂ ᠣᠳᠣᠬᠢᠴᠢᠯᠠᠯᠲᠠ ᠶᠢᠨ ᠠᠬᠢᠴᠠ ᠳᠠᠬᠢ ᠲᠡᠦᠬᠡ ᠶᠢᠨ ᠭᠤᠣᠯᠴᠢ | ᠪᠤᠰᠤ ᠪᠠᠶᠢᠳᠠᠯ ᠢ ᠲᠠᠰᠤᠷᠠᠯᠲᠠ ᠦᠭᠡᠢ ᠵᠠᠯᠠᠷᠠᠭᠤᠯᠪᠠ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠳᠠᠯ ᠦᠭᠡᠢ | 75 ᠵᠢᠯ ᠤᠨ ᠣᠢ ᠪᠠᠨ ᠤᠭᠲᠤᠬᠤ ᠪᠣᠯᠣᠨ᠎ᠠ᠃ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠡᠷᠡᠰ | ᠭᠤᠶᠢᠪᠢᠰᠢ ᠦᠭᠡᠢ ᠪᠥᠬᠦ ᠲᠠᠯ᠎ᠠ ᠪᠠᠷ ᠠᠬᠢᠭᠤᠯᠵᠤ ᠪᠠᠶᠢᠨ᠎ᠠ᠃ ᠠᠹᠷᠢᠺᠠ ᠲᠢᠪ ᠴᠦ ᠰᠢᠨ᠎ᠡ ᠰᠡᠬᠡᠭᠡᠷᠡᠯᠲᠡ ᠶᠢ ᠶᠠᠭ | ᠥᠩᠭᠡᠷᠡᠭᠡᠵᠦ᠂ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ︽2063 ᠣᠨ ᠤ ᠵᠥᠪᠯᠡᠬᠦ ᠵᠦᠢᠯ︾ ᠳᠤ | ᠵᠢᠷᠤᠭᠯᠠᠭᠰᠠᠨ ᠣᠳᠣᠬᠢᠴᠢᠯᠠᠯᠲᠠ ᠶᠢᠨ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠵᠤ ᠪᠠᠶᠢᠨ᠎ᠠ᠃ ᠳᠤᠮᠳᠠᠳᠤ | ᠠᠹᠷᠢᠺᠠ ᠶᠢᠨ ᠬᠢᠨ ᠣᠳᠣᠬᠢᠴᠢᠯᠠᠯᠲᠠ ᠶᠢᠨ ᠬᠦᠰᠡᠯ ᠵᠡᠭᠦᠳᠦ ᠲᠡᠶᠢᠰᠢ ᠬᠠᠮᠲᠤ ᠪᠠᠷ ᠤᠷᠤᠭᠰᠢᠯᠠᠵᠤ ᠪᠠᠶᠢᠭ᠎ᠠ ᠶᠠᠪᠤᠳᠠᠯ ᠨᠢ | ᠪᠥᠬᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢᠨ ᠬᠠᠯᠠᠭᠤᠨ ᠥᠷᠨᠢᠯᠲᠡ ᠶᠢ ᠪᠣᠢ | ᠪᠣᠯᠭᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠣ ᠰᠢᠨ᠎ᠡ | ᠬᠠᠭᠤᠳᠠᠰᠤ ᠶᠢ ᠪᠢᠴᠢᠭᠯᠡᠬᠦ ᠨᠢ ᠯᠠᠪᠲᠠᠢ ᠶᠤᠮ᠃ | — ᠲᠥᠪ ᠭᠤᠣᠯᠴᠢ ᠵᠦᠢ ᠵᠣᠬᠢᠰᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠤᠯᠤᠰ ᠤᠨ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠣᠳᠣᠬᠢᠴᠢᠯᠠᠯᠲᠠ ᠶᠢᠨ ᠡᠩ ᠤᠨ ᠵᠢᠮ᠎ᠡ ᠶᠣᠰᠣ ᠶᠢ | ᠵᠢᠷᠤᠮᠯᠠᠬᠤ ᠬᠡᠷᠡᠭᠲᠡᠢ ᠮᠥᠷᠲᠡᠭᠡᠨ ᠲᠣᠰ ᠤᠯᠤᠰ ᠤᠨ ᠢᠶᠠᠨ ᠪᠣᠳᠠᠲᠤ ᠪᠠᠶᠢᠳᠠᠯ ᠲᠠᠢ ᠨᠡᠶᠢᠴᠡᠭᠦᠯᠬᠦ ᠬᠡᠷᠡᠭᠲᠡᠢ᠃ ᠳᠤᠮᠳᠠᠳᠤ | ᠤᠯᠤᠰ ᠳᠤᠷᠠᠲᠠᠶ᠎ᠠ ᠠᠹᠷᠢᠺᠠ ᠯᠤᠭ᠎ᠠ ᠲᠥᠷᠥ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠶᠢᠨ ᠰᠣᠯᠢᠯᠴᠠᠭ᠎ᠠ ᠪᠠᠨ | ᠴᠢᠩᠭᠠᠳᠬᠠᠵᠤ᠂ ᠡᠯ᠎ᠡ ᠤᠯᠤᠰ ᠤᠨ ᠬᠢᠨ ᠲᠣᠰ ᠤᠯᠤᠰ ᠤᠨ ᠢᠶᠠᠨ ᠪᠠᠶᠢᠳᠠᠯ ᠳᠤ ᠵᠣᠬᠢᠴᠠᠬᠤ ᠣᠳᠣᠬᠢᠴᠢᠯᠠᠯᠲᠠ ᠶᠢᠨ ᠵᠠᠮ ᠢ | ᠰᠦᠪᠡᠭᠴᠢᠯᠡᠬᠦ ᠶᠢ ᠳᠡᠮᠵᠢᠵᠦ᠂ ᠡᠯ᠎ᠡ ᠤᠯᠤᠰ ᠤᠨ ᠡᠷᠬᠡ ᠠᠰᠢᠭ ᠨᠢ ᠲᠥᠪ ᠭᠤᠣᠯᠴᠢ᠂ ᠠᠵᠠ ᠲᠣᠬᠢᠶᠠᠯ ᠨᠢ ᠲᠥᠪ ᠭᠤᠣᠯᠴᠢ | ᠪᠠᠶᠢᠬᠤ ᠶᠢ ᠪᠠᠲᠤᠯᠠᠨ᠎ᠠ᠃ | — ᠨᠡᠭᠡᠭᠡᠯᠲᠡ ᠬᠢᠵᠦ ᠬᠠᠮᠲᠤ ᠪᠠᠷ ᠠᠰᠢᠭ ᠬᠦᠷᠲᠡᠬᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ | ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠣᠯ ᠡᠯ᠎ᠡ ᠤᠯᠤᠰ ᠤᠨ ᠠᠯᠤᠰ ᠬᠡᠳᠦ ᠶᠢᠨ ᠪᠠ ᠦᠨᠳᠦᠰᠦᠨ ᠠᠰᠢᠭ ᠲᠤᠰᠠ ᠲᠠᠢ | ᠨᠡᠶᠢᠴᠡᠬᠦ ᠰᠠᠷᠠᠭᠤᠯ ᠳᠠᠷᠳᠠᠩ ᠵᠠᠮ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠠᠵᠤ ᠦᠢᠯᠡᠳᠪᠦᠷᠢ᠂ ᠬᠥᠳᠡᠭᠡ | ᠠᠵᠤ ᠠᠬᠤᠢ᠂ ᠰᠠᠭᠤᠷᠢ ᠲᠥᠬᠦᠭᠡᠷᠦᠮᠵᠢ᠂ ᠠᠷᠠᠯᠵᠢᠶ᠎ᠠ ᠪᠡᠯᠡ ᠣᠷᠤᠭᠤᠯᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠡᠪ | ᠳᠠᠭᠤᠷᠢᠶᠠᠯ ᠢ ᠪᠣᠢ ᠪᠣᠯᠭᠠᠵᠤ᠂ ᠪᠥᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠬᠡᠪ | ᠳᠠᠭᠤᠷᠢᠶᠠᠯ ᠢ ᠬᠠᠮᠲᠤ ᠪᠠᠷ ᠴᠣᠭᠴᠠᠯᠠᠨ᠎ᠠ᠃ | — ᠠᠷᠠᠳ ᠲᠦᠮᠡᠨ ᠢ ᠳᠡᠭᠡᠳᠦᠯᠡᠬᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠬᠥᠮᠥᠨ ᠤ ᠡᠷᠬᠡ | ᠴᠢᠯᠦᠭᠡ ᠲᠠᠢ ᠪᠥᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠴᠦᠰ ᠤᠨ ᠬᠠᠷᠠᠯᠲᠠ ᠮᠥᠨ᠃ | ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠴᠢᠳᠠᠪᠤᠷᠢᠲᠠᠨ ᠬᠥᠮᠥᠵᠢᠭᠦᠯᠬᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ | ᠴᠥᠭᠡᠳᠬᠡᠬᠦ᠂ ᠠᠵᠢᠯ ᠣᠯᠭᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠠᠷᠠᠳ ᠲᠦᠮᠡᠨ ᠤ | ᠣᠳᠣᠬᠢᠴᠢᠯᠠᠯᠲᠠ ᠶᠢᠨ ᠠᠬᠢᠴᠠ ᠳᠠᠬᠢ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠢ ᠳᠡᠭᠡᠭᠰᠢᠯᠡᠭᠦᠯᠵᠦ᠂ ᠣᠳᠣᠬᠢᠴᠢᠯᠠᠯᠲᠠ ᠪᠠᠷ ᠪᠥᠬᠦ ᠠᠷᠠᠳ ᠲᠦᠮᠡᠨ ᠳᠤ ᠠᠰᠢᠭ ᠬᠦᠷᠲᠡᠭᠡᠬᠦ ᠶᠢ ᠠᠬᠢᠭᠤᠯᠤᠨ᠎ᠠ᠃ | — ᠣᠯᠠᠨ ᠡᠰᠢᠲᠦ ᠪᠠᠭᠲᠠᠭᠠᠮᠵᠢᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠪᠣᠳᠠᠰ ᠤᠨ | ᠪᠣᠯᠪᠠᠰᠤᠨ ᠪᠠ ᠤᠶᠤᠨ ᠤ ᠪᠣᠯᠪᠠᠰᠤᠨ ᠤ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠷᠬᠢᠮ | ᠳᠡᠭᠡᠳᠦ ᠬᠥᠭᠡᠭᠡᠴᠡᠯᠳᠦᠯ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠰᠣᠶᠣᠯ ᠢᠷᠭᠡᠨᠰᠢᠯ ᠤᠨ | ᠰᠣᠯᠢᠯᠴᠠᠭ᠎ᠠ ᠪᠠᠨ ᠨᠢᠭᠲᠠᠷᠠᠭᠤᠯᠵᠤ᠂ ᠣᠳᠣᠬᠢᠴᠢᠯᠠᠯᠲᠠ ᠶᠢᠨ ᠠᠬᠢᠴᠠ ᠳᠤᠮᠳᠠ ᠠᠳᠠᠯᠢ ᠪᠤᠰᠤ ᠪᠣᠯᠪᠠᠰᠤᠨ ᠤ ᠬᠠᠷᠢᠯᠴᠠᠨ | ᠬᠦᠨᠳᠦᠳᠬᠡᠬᠦ᠂ ᠪᠠᠭᠲᠠᠭᠠᠮᠵᠢᠲᠠᠢ ᠬᠠᠮᠲᠤ ᠪᠠᠷ ᠣᠷᠣᠰᠢᠬᠤ ᠶᠢ ᠰᠠᠨᠠᠭᠠᠴᠢᠯᠠᠵᠤ᠂ ᠪᠦᠭᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠬᠠᠮᠲᠤ ᠪᠠᠷ ᠠᠬᠢᠭᠤᠯᠤᠨ᠎ᠠ᠃ | — ᠠᠮᠢ ᠠᠬᠤᠢ ᠨᠥᠭᠦᠷᠰᠡᠭ ᠪᠠᠶᠢᠬᠤ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠪᠣᠬᠢᠷᠳᠤᠯ ᠦᠭᠡᠢ | ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠣᠳᠣᠬᠢᠴᠢᠯᠠᠯᠲᠠ ᠶᠢᠨ ᠢᠯᠡ ᠲᠣᠳᠣ ᠪᠡᠯᠭᠡ ᠲᠡᠮᠳᠡᠭ ᠮᠥᠨ᠃ ᠳᠤᠮᠳᠠᠳᠤ | ᠤᠯᠤᠰ ᠳᠤᠷᠠᠲᠠᠶ᠎ᠠ ᠠᠹᠷᠢᠺᠠ ᠲᠢᠪ ᠢ ᠬᠠᠪᠰᠤᠷᠤᠨ ︽ᠪᠣᠬᠢᠷᠳᠤᠯ ᠦᠭᠡᠢ ᠨᠡᠮᠡᠭᠳᠡᠯ ᠤᠨ ᠬᠥᠳᠡᠯᠭᠡᠭᠦᠷ︾ ᠢ ᠴᠣᠭᠴᠠᠯᠠᠵᠤ᠂ | ᠡᠨᠧᠷᠭᠢ ᠶᠢᠨ ᠬᠦᠷᠦᠯᠴᠡᠬᠦᠶᠢᠴᠡ ᠴᠢᠨᠠᠷ ᠤᠨ ᠵᠥᠷᠢᠶ᠎ᠡ ᠶᠢ ᠪᠠᠭᠠᠰᠬᠠᠨ᠂ ᠬᠠᠮᠲᠤ ᠪᠠᠷ ᠬᠠᠷᠢᠭᠤᠴᠠᠬᠤ ᠪᠤᠯᠪᠠᠴᠤ ᠢᠯᠭᠠᠭ᠎ᠠ ᠲᠠᠢ | ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ | ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ ᠠᠬᠢᠭᠤᠯᠤᠨ᠎ᠠ᠃ | — ᠡᠩᠬᠡ ᠲᠠᠶᠢᠪᠤᠩ ᠠᠮᠤᠷ ᠲᠦᠪᠰᠢᠨ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ | ᠣᠳᠣᠬᠢᠴᠢᠯᠠᠯᠲᠠ ᠨᠢ ᠡᠩᠬᠡ ᠲᠠᠶᠢᠪᠤᠩ ᠲᠣᠭᠲᠠᠭᠤᠨ ᠬᠥᠭᠵᠢᠯᠲᠡ ᠶᠢᠨ ᠣᠷᠴᠢᠨ ᠨᠥᠬᠦᠴᠡᠯ ᠠᠴᠠ ᠰᠠᠯᠵᠤ ᠴᠢᠳᠠᠬᠤ ᠦᠭᠡᠢ | ᠶᠤᠮ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠡᠩᠬᠡ ᠲᠠᠶᠢᠪᠤᠩ ᠲᠣᠭᠲᠠᠭᠤᠨ ᠢᠶᠠᠨ ᠪᠡᠶ᠎ᠡ ᠪᠠᠨ ᠳᠠᠭᠠᠭᠠᠵᠤ | ᠬᠠᠮᠠᠭᠠᠯᠠᠬᠤ ᠴᠢᠳᠠᠪᠤᠷᠢ ᠶᠢ ᠬᠠᠪᠰᠤᠷᠤᠨ ᠳᠡᠭᠡᠭᠰᠢᠯᠡᠭᠦᠯᠵᠦ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ | ᠡᠩ ᠲᠡᠷᠢᠭᠦᠨ ᠳᠤ ᠠᠹᠷᠢᠺᠠ ᠲᠢᠪ ᠲᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠣᠯᠣᠨ | ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ | ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ᠃ | ᠨᠠᠶᠢᠵᠠ ᠨᠠᠷ ᠠ᠋᠂ ᠡᠷᠬᠢᠮ ᠵᠣᠴᠢᠳ ᠠ᠋︕ | ᠳᠤᠮᠳᠠᠳᠤ ᠤᠯᠤᠰ ᠪᠣᠯᠣᠨ ᠠᠹᠷᠢᠺᠠ ᠲᠢᠪ ᠳᠡᠯᠡᠬᠡᠢ ᠶᠢᠨ ᠪᠦᠭᠦ ᠬᠥᠮᠥᠨ ᠠᠮᠠ ᠶᠢᠨ ᠭᠤᠷᠪᠠᠨ ᠤ ᠨᠢᠭᠡ ᠶᠢ ᠡᠵᠡᠯᠡᠨ᠎ᠡ᠂ | ᠳᠤᠮᠳᠠᠳᠤ ᠠᠹᠷᠢᠺᠠ ᠶᠢᠨ ᠣᠳᠣᠬᠢᠴᠢᠯᠠᠯᠲᠠ ᠪᠠᠶᠢᠬᠤ ᠦᠭᠡᠢ ᠪᠣᠯ ᠳᠡᠯᠡᠬᠡᠢ ᠶᠢᠨ ᠣᠳᠣᠬᠢᠴᠢᠯᠠᠯᠲᠠ ᠴᠦ ᠪᠠᠶᠢᠵᠤ ᠴᠢᠳᠠᠬᠤ | ᠦᠭᠡᠢ᠃ ᠢᠷᠡᠭᠡᠳᠦᠢ ᠶᠢᠨ 3 ᠵᠢᠯ ᠳᠤ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠬᠢᠨ ᠲᠠᠢ ᠣᠳᠣᠬᠢᠴᠢᠯᠠᠯᠲᠠ ᠶᠢᠨ | ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ ᠭᠠᠷ ᠬᠤᠯᠪᠣᠨ ᠠᠬᠢᠭᠤᠯᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢ ᠬᠥᠲᠥᠯᠥᠨ | ᠳᠠᠭᠠᠭᠤᠯᠤᠨ᠎ᠠ᠃ | ᠨᠢᠭᠡᠳᠦᠭᠡᠷ ᠲᠤ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ | ᠳᠤᠷᠠᠲᠠᠶ᠎ᠠ ᠠᠹᠷᠢᠺᠠ ᠶᠢᠨ ᠬᠢᠨ ᠲᠠᠢ ᠳᠤᠮᠳᠠᠳᠤ ᠠᠹᠷᠢᠺᠠ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ | ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠳᠤᠮᠳᠠᠳᠤ ᠠᠹᠷᠢᠺᠠ ᠶᠢᠨ ᠬᠥᠭᠵᠢᠯᠲᠡ ᠶᠢᠨ ᠮᠡᠳᠡᠯᠭᠡ ᠶᠢᠨ ᠰᠦᠯᠵᠢᠶ᠎ᠡ ᠪᠣᠯᠣᠨ | 25 ᠳᠤᠮᠳᠠᠳᠤ ᠠᠹᠷᠢᠺᠠ ᠶᠢᠨ ᠰᠤᠳᠤᠯᠭᠠᠨ ᠤ ᠲᠥᠪ ᠢ ᠪᠠᠶᠢᠭᠤᠯᠤᠨ᠎ᠠ᠃ ᠠᠹᠷᠢᠺᠠ ᠲᠢᠪ ᠤᠨ ᠤᠳᠤᠷᠢᠳᠬᠤ ᠬᠦᠴᠦᠨ ᠤ | ᠳᠡᠭᠡᠳᠦ ᠰᠤᠷᠭᠠᠭᠤᠯᠢ ᠳᠤ ᠲᠦᠰᠢᠭᠯᠡᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠴᠢᠳᠠᠪᠤᠷᠢᠲᠠᠨ ᠢ ᠬᠥᠮᠥᠵᠢᠭᠦᠯᠵᠦ᠂ ᠠᠹᠷᠢᠺᠠ | ᠲᠢᠪ ᠤᠨ 1000 ᠲᠦᠷᠦ ᠶᠢᠨ ᠨᠠᠮ ᠤᠨ ᠬᠥᠮᠥᠰ ᠢ ᠤᠷᠢᠵᠤ ᠳᠤᠮᠳᠠᠳᠤ ᠤᠯᠤᠰ ᠲᠤ ᠢᠷᠡᠭᠦᠯᠦᠨ ᠰᠣᠯᠢᠯᠴᠠᠭ᠎ᠠ ᠭᠢᠯᠭᠡᠵᠤ᠂ | ᠬᠤᠶᠠᠷ ᠲᠠᠯ᠎ᠠ ᠶᠢᠨ ᠨᠠᠮ ᠢ ᠵᠠᠰᠠᠵᠤ ᠲᠦᠷᠦ ᠶᠢ ᠵᠠᠰᠠᠬᠤ ᠲᠤᠷᠰᠢᠯᠭ᠎ᠠ ᠶᠢᠨ ᠰᠣᠯᠢᠯᠴᠠᠭ᠎ᠠ ᠶᠢ ᠭᠦᠨᠵᠡᠭᠡᠶᠢᠷᠡᠭᠦᠯᠦᠨ᠎ᠡ᠃ | ᠬᠤᠶᠠᠳᠤᠭᠠᠷ ᠲᠤ᠂ ᠠᠷᠠᠯᠵᠢᠶ᠎ᠠ ᠴᠡᠴᠡᠭᠯᠡᠨ ᠬᠥᠭᠵᠢᠭᠰᠡᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ | ᠵᠠᠬ᠎ᠠ ᠳᠡᠯᠭᠡᠭᠦᠷ ᠤᠨ ᠨᠡᠭᠡᠭᠡᠯᠲᠡ ᠶᠢ ᠰᠠᠨᠠᠭᠠᠴᠢᠯᠠᠭ᠎ᠠ ᠠᠴᠠ ᠪᠠᠨ ᠭᠠᠭᠴᠠ ᠲᠠᠯ᠎ᠠ ᠠᠴᠠ ᠥᠷᠭᠡᠳᠬᠡᠵᠦ᠂ ᠠᠹᠷᠢᠺᠠ ᠲᠢᠪ ᠤᠨ | 33 ᠤᠯᠤᠰ ᠢ ᠪᠠᠭᠲᠠᠭᠠᠭᠰᠠᠨ ᠪᠤᠢ ᠪᠦᠬᠦᠢ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ | ᠬᠠᠮᠤᠭ ᠤᠨ ᠬᠥᠭᠵᠢᠭᠡᠳᠦᠢ ᠤᠯᠤᠰ ᠤᠨ 100% ᠶᠢᠨ ᠭᠠᠶᠢᠯᠢ ᠶᠢᠨ ᠲᠦᠷᠦᠯ ᠤᠨ ᠪᠦᠲᠦᠭᠡᠭᠳᠡᠬᠦᠨ ᠳᠤ ᠪᠣᠭᠤᠮᠲᠠ ᠶᠢᠨ | ᠭᠠᠶᠢᠯᠢ ᠲᠤᠰᠢᠶᠠᠬᠤ ᠦᠭᠡᠢ ᠬᠠᠷᠠᠭᠠᠯᠵᠠᠯ ᠦᠵᠡᠭᠦᠯᠭᠦ ᠪᠠᠷ ᠲᠣᠭᠲᠠᠵᠤ᠂ ᠡᠨᠡ ᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ | ᠠᠩᠬᠠᠳᠠᠭᠴᠢ ᠬᠥᠭᠵᠢᠵᠦ ᠪᠠᠶᠢᠭ᠎ᠠ ᠲᠣᠮᠣ ᠤᠯᠤᠰ ᠪᠠ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠪᠣᠯᠵᠤ᠂ | ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠢ ᠠᠹᠷᠢᠺᠠ ᠲᠢᠪ ᠤᠨ ᠲᠣᠮᠣ ᠠᠵᠠ ᠲᠣᠭᠢᠶᠠᠯ ᠪᠤᠯᠭᠠᠬᠤ ᠶᠢ ᠠᠬᠢᠭᠤᠯᠤᠨ᠎ᠠ᠃ | ᠠᠹᠷᠢᠺᠠ ᠲᠢᠪ ᠤᠨ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ | ᠥᠷᠭᠡᠳᠬᠡᠵᠦ᠂ ᠡᠯᠧᠺᠲᠷᠣᠨ ᠬᠤᠳᠠᠯᠳᠤᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ︽ᠳᠤᠮᠳᠠᠳᠤ | ᠠᠹᠷᠢᠺᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠲᠥᠯᠥᠪᠯᠡᠭᠡ︾ ᠶᠢ ᠬᠡᠷᠡᠭᠵᠢᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ | ᠠᠹᠷᠢᠺᠠ ᠲᠢᠪ ᠯᠦᠭᠡ ᠬᠠᠮᠲᠤ ᠪᠠᠷ ᠬᠥᠭᠵᠢᠬᠦ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠪᠦᠳᠦᠭᠦᠪᠴᠢ | ᠬᠡᠯᠡᠯᠴᠡᠭᠡᠷ ᠢ ᠵᠥᠪᠳᠡᠯᠴᠡᠨ ᠲᠣᠭᠲᠠᠵᠤ᠂ ᠳᠤᠮᠳᠠᠳᠤ ᠠᠹᠷᠢᠺᠠ ᠶᠢᠨ ᠠᠷᠠᠯᠵᠢᠶᠠᠨ ᠤ ᠪᠡᠯᠡ ᠣᠷᠣᠭᠤᠯᠤᠯᠲᠠ ᠳᠤ ᠤᠷᠳᠤ | ᠬᠤᠭᠤᠴᠠᠭᠠᠨ ᠤ᠂ ᠲᠣᠭᠲᠠᠭᠤᠨ᠂ ᠵᠢᠱᠢᠵᠦ ᠪᠣᠯᠬᠤᠶᠢᠴᠠ ᠳᠦᠷᠢᠮ ᠤᠨ ᠪᠠᠲᠤᠯᠠᠭ᠎ᠠ ᠬᠠᠩᠭᠠᠨ᠎ᠠ᠃ | ᠭᠤᠷᠪᠠᠳᠤᠭᠠᠷ ᠲᠤ᠂ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ | ᠤᠯᠤᠰ ᠳᠤᠷᠠᠲᠠᠶ᠎ᠠ ᠠᠹᠷᠢᠺᠠ ᠲᠢᠪ ᠯᠦᠭᠡ ᠠᠵᠤ ᠦᠢᠯᠡᠰ ᠤᠨ ᠬᠠᠮᠲᠤᠷᠠᠯᠴᠠᠭᠠᠨ ᠤ ᠨᠡᠮᠡᠭᠳᠡᠯ ᠤᠨ ᠲᠣᠭᠤᠷᠢᠭ ᠢ ᠪᠠᠶᠢᠭᠤᠯᠵᠤ᠂ | ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠭᠦᠨᠵᠡᠭᠡᠢ ᠬᠠᠮᠲᠤᠷᠠᠯᠴᠠᠭᠠᠨ ᠤ ᠬᠤᠰᠢᠭᠤᠴᠢ ᠣᠷᠣᠨ ᠢ ᠬᠦᠴᠦᠯᠡᠨ | ᠪᠠᠶᠢᠭᠤᠯᠵᠤ᠂ ︽ᠠᠹᠷᠢᠺᠠ ᠲᠢᠪ ᠤᠨ ᠳᠤᠮᠳᠠ ᠪᠠᠭ᠎ᠠ ᠠᠵᠤ ᠠᠬᠤᠶᠢᠯᠠᠯ ᠳᠤ ᠬᠦᠴᠦᠨ ᠴᠢᠳᠠᠯ ᠣᠯᠭᠤᠬᠤ ᠲᠥᠯᠥᠪᠯᠡᠭᠡ︾ ᠶᠢ | ᠡᠬᠢᠯᠡᠭᠦᠯᠦᠨ᠎ᠡ᠃ ᠳᠤᠮᠳᠠᠳᠤ ᠠᠹᠷᠢᠺᠠ ᠶᠢᠨ ᠲᠣᠭᠠᠴᠢᠯᠠᠭᠰᠠᠨ ᠮᠡᠷᠭᠡᠵᠢᠯ ᠤᠨ ᠬᠠᠮᠲᠤᠷᠠᠯᠴᠠᠭᠠᠨ ᠤ ᠲᠥᠪ ᠢ ᠬᠠᠮᠲᠤ ᠪᠠᠷ | ᠪᠠᠶᠢᠭᠤᠯᠵᠤ᠂ ᠲᠣᠭᠠᠴᠢᠯᠠᠭᠰᠠᠨ ᠵᠢᠱᠢᠶ᠎ᠡ ᠦᠵᠡᠭᠦᠯᠭᠦ 20 ᠲᠦᠷᠦᠯ ᠵᠦᠢᠯ ᠢ ᠪᠠᠶᠢᠭᠤᠯᠵᠤ᠂ ᠰᠢᠨ᠎ᠡ ᠨᠢᠭᠡ ᠡᠭᠡᠯᠵᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢ ᠬᠠᠮᠲᠤ ᠪᠠᠷ | ᠤᠭᠲᠤᠨ᠎ᠠ᠃ | ᠳᠥᠷᠪᠡᠳᠦᠭᠡᠷ ᠲᠤ᠂ ᠬᠤᠯᠪᠣᠯᠳᠤᠨ ᠨᠡᠪᠲᠡᠷᠡᠯᠴᠡᠬᠦ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ | ᠲᠢᠪ ᠲᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ 30 ᠲᠥᠷᠥᠯ ᠵᠦᠢᠯ ᠢ ᠬᠡᠷᠡᠭᠵᠢᠭᠦᠯᠵᠦ᠂ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠭᠠᠷ ᠬᠤᠯᠪᠣᠨ ᠠᠬᠢᠭᠤᠯᠵᠤ᠂ ᠬᠠᠭᠤᠷᠠᠢ | ᠲᠡᠯᠡᠶ ᠬᠤᠯᠪᠤᠭᠠᠯᠠᠨ ᠬᠥᠳᠡᠯᠦᠯᠴᠡᠭᠰᠡᠨ᠂ ᠬᠠᠮᠵᠢᠯᠴᠠᠨ ᠬᠥᠭᠵᠢᠭᠰᠡᠨ ᠳᠤᠮᠳᠠᠳᠤ ᠠᠹᠷᠢᠺᠠ ᠶᠢᠨ ᠬᠤᠯᠪᠣᠯᠳᠤᠨ ᠨᠡᠪᠲᠡᠷᠡᠯᠴᠡᠬᠦ | ᠲᠣᠣᠷ ᠢ ᠪᠠᠶᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠡᠬᠡ ᠬᠠᠭᠤᠷᠠᠢ ᠶᠢᠨ ᠴᠢᠯᠦᠭᠡᠲᠦ | ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠳᠤ ᠬᠠᠪᠰᠤᠷᠤᠯᠭ᠎ᠠ ᠦᠵᠡᠭᠦᠯᠵᠦ᠂ ᠪᠠᠷᠠᠭᠠᠨ ᠤ ᠭᠦᠢᠯᠭᠡᠭᠡ ᠪᠣᠯᠣᠨ | ᠮᠥᠩᠭᠦᠨ ᠭᠦᠢᠯᠭᠡᠭᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠹᠷᠢᠺᠠ ᠲᠢᠪ ᠤᠨ ᠣᠷᠣᠨ ᠪᠦᠰᠡ ᠠᠯᠤᠰᠯᠠᠭᠰᠠᠨ | ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠲᠠᠪᠤᠳᠤᠭᠠᠷ ᠲᠤ᠂ ᠬᠥᠭᠵᠢᠯᠲᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ | ᠠᠹᠷᠢᠺᠠ ᠲᠢᠪ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠪᠣᠷᠣ ᠲᠥᠯᠥᠪ ᠤᠨ | ᠳᠣᠲᠣᠷ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠬᠠᠮᠲᠤᠷᠠᠭᠰᠠᠨ ᠢᠯᠡᠷᠬᠡᠶᠢᠯᠡᠯᠲᠡ ᠶᠢ ᠨᠡᠶᠢᠲᠡᠯᠡᠵᠦ᠂ ︽ᠪᠠᠭ᠎ᠠ ᠮᠥᠷᠲᠡᠭᠡᠨ | ᠨᠠᠷᠢᠯᠢᠭ ᠰᠠᠶᠢᠬᠠᠨ︾ ᠠᠷᠠᠳ ᠤᠨ ᠠᠮᠢᠳᠤᠷᠠᠯ ᠤᠨ 1000 ᠲᠦᠷᠦᠯ ᠵᠦᠢᠯ ᠢ ᠬᠡᠷᠡᠭᠵᠢᠭᠦᠯᠦᠨ᠎ᠡ᠃ ᠳᠤᠮᠳᠠᠳᠤ ᠤᠯᠤᠰ — | ᠳᠡᠯᠡᠬᠡᠢ ᠶᠢᠨ ᠪᠠᠩᠬᠢ ᠶᠢᠨ ᠬᠠᠨᠢᠲᠠᠨ ᠤ ᠬᠠᠷᠢᠯᠴᠠᠭ᠎ᠠ ᠶᠢᠨ ᠰᠠᠭᠤᠷᠢ ᠮᠥᠩᠭᠦ ᠳᠤ ᠪᠡᠯᠡ ᠣᠷᠣᠭᠤᠯᠵᠤ᠂ ᠠᠹᠷᠢᠺᠠ ᠲᠢᠪ ᠤᠨ | ᠬᠥᠭᠵᠢᠯᠲᠡ ᠳᠤ ᠬᠦᠴᠦᠨ ᠨᠡᠮᠡᠷᠢᠯᠡᠨ᠎ᠡ᠃ 2026 ᠣᠨ ᠤ ᠵᠠᠯᠠᠭᠤᠴᠤᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ | 2027 ᠣᠨ ᠤ ᠠᠹᠷᠢᠺᠠ ᠲᠢᠪ ᠬᠤᠨᠳᠠᠭᠠᠲᠤ ᠤᠷᠤᠯᠳᠤᠭᠠᠨ ᠢ ᠡᠷᠭᠢᠯᠡᠭᠦ ᠶᠢ ᠳᠡᠮᠵᠢᠵᠦ᠂ ᠬᠥᠭᠵᠢᠯᠲᠡ ᠶᠢᠨ ᠦᠷ᠎ᠡ | ᠪᠦᠲᠦᠭᠡᠯ ᠢ ᠠᠬᠢᠭᠤᠯᠵᠤ ᠳᠤᠮᠳᠠᠳᠤ ᠠᠹᠷᠢᠺᠠ ᠶᠢᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ᠃ | ᠵᠢᠷᠭᠤᠳᠤᠭᠠᠷ ᠲᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ | ᠳᠤᠷᠠᠲᠠᠶ᠎ᠠ ᠠᠹᠷᠢᠺᠠ ᠶᠢᠨ ᠲᠠᠯ᠎ᠠ ᠲᠠᠢ ᠳᠤᠮᠳᠠᠳᠤ ᠠᠹᠷᠢᠺᠠ ᠶᠢᠨ ᠡᠮᠨᠡᠯᠭᠡ ᠶᠢᠨ ᠬᠤᠷᠢᠶ᠎ᠠ ᠶᠢᠨ ᠬᠤᠯᠪᠤᠭ᠎ᠠ ᠶᠢ ᠪᠠᠶᠢᠭᠤᠯᠵᠤ᠂ | ᠬᠠᠮᠲᠤᠷᠠᠭᠰᠠᠨ ᠠᠨᠠᠭᠠᠬᠤ ᠤᠬᠠᠭᠠᠨ ᠤ ᠲᠥᠪ ᠢ ᠬᠠᠮᠲᠤ ᠪᠠᠷ ᠪᠠᠶᠢᠭᠤᠯᠤᠨ᠎ᠠ᠃ ᠠᠹᠷᠢᠺᠠ ᠲᠢᠪ ᠲᠤ 2000 ᠡᠮᠴᠢᠯᠡᠭᠡᠨ ᠤ | ᠠᠵᠢᠯᠲᠠᠨ ᠲᠣᠮᠢᠯᠠᠵᠤ᠂ ᠡᠮᠴᠢᠯᠡᠭᠡ ᠡᠷᠡᠭᠦᠯ ᠬᠠᠮᠠᠭᠠᠯᠠᠯ ᠪᠣᠯᠣᠨ ᠰᠢᠯᠦᠬᠡᠢ ᠡᠪᠡᠳᠴᠢᠨ ᠢ ᠡᠰᠡᠷᠭᠦᠴᠡᠬᠦ 20 ᠲᠦᠷᠦᠯ ᠵᠦᠢᠯ ᠢ | ᠬᠡᠷᠡᠭᠵᠢᠭᠦᠯᠵᠦ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠡᠮ ᠲᠠᠩ ᠤᠨ ᠦᠢᠯᠡᠳᠪᠦᠷᠢᠯᠡᠯ ᠳᠤ ᠪᠡᠯᠡ ᠣᠷᠣᠭᠤᠯᠬᠤ ᠶᠢ | ᠠᠬᠢᠭᠤᠯᠵᠤ᠂ ᠠᠹᠷᠢᠺᠠ ᠲᠢᠪ ᠲᠤ ᠲᠤᠯᠭᠠᠷᠠᠭᠰᠠᠨ ᠬᠢᠵᠢᠭ ᠤᠨ ᠪᠠᠶᠢᠳᠠᠯ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ | ᠬᠠᠪᠰᠤᠷᠤᠯᠭ᠎ᠠ ᠦᠵᠡᠭᠦᠯᠦᠨ᠎ᠡ᠃ ᠠᠹᠷᠢᠺᠠ ᠲᠢᠪ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠪᠦᠲᠦᠭᠡᠨ | ᠪᠠᠶᠢᠭᠤᠯᠤᠯᠲᠠ ᠶᠢ ᠳᠡᠮᠵᠢᠵᠦ᠂ ᠠᠹᠷᠢᠺᠠ ᠲᠢᠪ ᠤᠨ ᠡᠯ᠎ᠡ ᠤᠯᠤᠰ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠴᠢᠳᠠᠪᠤᠷᠢ ᠶᠢ ᠳᠡᠭᠡᠭᠰᠢᠯᠡᠭᠦᠯᠦᠨ᠎ᠡ᠃ | ᠳᠣᠯᠣᠳᠤᠭᠠᠷ ᠲᠤ᠂ ᠲᠠᠷᠢᠶᠠᠯᠠᠩ ᠢ ᠬᠥᠭᠵᠢᠭᠦᠯᠦᠨ ᠠᠷᠠᠳ ᠲᠤ ᠠᠰᠢᠭ ᠬᠦᠷᠲᠡᠭᠡᠬᠦ ᠬᠠᠨᠢᠲᠠᠨ ᠤ ᠠᠵᠢᠯᠯᠠᠭ᠎ᠠ᠃ | ᠳᠤᠮᠳᠠᠳᠤ ᠤᠯᠤᠰ ᠠᠹᠷᠢᠺᠠ ᠲᠢᠪ ᠲᠤ 10 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠤᠨ ᠠᠮᠤ ᠪᠤᠳᠠᠭᠠᠨ ᠤ ᠪᠠᠴᠢᠮ | ᠲᠤᠰᠠᠯᠠᠮᠵᠢ ᠬᠠᠩᠭᠠᠵᠤ᠂ 10 ᠲᠦᠮᠡᠨ ᠮᠦ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠭᠦ ᠣᠷᠣᠨ ᠢ | ᠪᠠᠶᠢᠭᠤᠯᠵᠤ᠂ 500 ᠲᠠᠷᠢᠶᠠᠯᠠᠩ ᠤᠨ ᠲᠤᠰᠬᠠᠢ ᠮᠡᠷᠭᠡᠵᠢᠯᠲᠡᠨ ᠲᠣᠮᠢᠯᠠᠨ᠂ ᠳᠤᠮᠳᠠᠳᠤ ᠠᠹᠷᠢᠺᠠ ᠶᠢᠨ ᠲᠠᠷᠢᠶᠠᠯᠠᠩ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠤᠭ᠎ᠠ ᠶᠢ ᠪᠠᠶᠢᠭᠤᠯᠤᠨ᠎ᠠ᠃ ᠨᠡᠶᠢᠲᠡ ᠶᠢᠨ | ᠠᠰᠠᠷᠠᠮᠵᠢ ᠶᠢᠨ 500 ᠲᠥᠷᠥᠯ ᠵᠦᠢᠯ ᠢ ᠬᠡᠷᠡᠭᠵᠢᠭᠦᠯᠦᠨ᠎ᠡ᠃ ᠳᠤᠮᠳᠠᠳᠤ ᠠᠹᠷᠢᠺᠠ ᠶᠢᠨ ᠠᠵᠤ ᠠᠬᠤᠶᠢᠯᠠᠯ ᠤᠨ ︽ᠥᠭᠡᠳᠡ | ᠥᠭᠡᠳᠡ ᠠᠴᠠ ᠪᠠᠨ ᠲᠡᠮᠡᠦᠯᠵᠦ︾ ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠵᠤ᠂ ᠠᠵᠤ ᠦᠢᠯᠡᠰ ᠤᠨ | ᠨᠡᠮᠡᠯᠲᠡ ᠦᠷᠳᠡᠭ ᠢ ᠠᠹᠷᠢᠺᠠ ᠲᠢᠪ ᠲᠤ ᠦᠯᠡᠳᠡᠭᠡᠵᠦ᠂ ᠠᠹᠷᠢᠺᠠ ᠲᠢᠪ ᠲᠤ 100 ᠲᠦᠮᠡ ᠠᠴᠠ ᠳᠡᠭᠡᠭᠰᠢ ᠠᠵᠢᠯ ᠤᠨ | ᠪᠠᠶᠢᠷᠢ ᠡᠭᠦᠳᠴᠦ ᠥᠭᠭᠦᠨ᠎ᠡ᠃ | ᠨᠠᠢᠮᠠᠳᠤᠭᠠᠷ ᠲᠤ᠂ ᠰᠣᠶᠣᠯ ᠢᠷᠭᠡᠨᠰᠢᠯ ᠤᠨ ᠰᠣᠯᠢᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ | ᠳᠤᠷᠠᠲᠠᠶ᠎ᠠ ᠠᠹᠷᠢᠺᠠ ᠯᠤᠭ᠎ᠠ ︽ᠢᠷᠡᠭᠡᠳᠦᠢ ᠶᠢᠨ ᠠᠹᠷᠢᠺᠠ ᠲᠢᠪ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ︾ ᠤᠨ | ᠲᠥᠯᠥᠪᠯᠡᠭᠡ ᠶᠢ ᠭᠦᠨᠵᠡᠭᠡᠢ ᠠᠬᠢᠭᠤᠯᠵᠤ᠂ ᠢᠨᠵᠧᠨᠧᠷᠢᠩ ᠤᠨ ᠮᠡᠷᠭᠡᠵᠢᠯ ᠤᠨ ᠳᠡᠭᠡᠳᠦ ᠰᠤᠷᠭᠠᠭᠤᠯᠢ ᠶᠢ ᠬᠠᠮᠲᠤ ᠪᠠᠷ | ᠪᠠᠶᠢᠭᠤᠯᠵᠤ᠂ ︽ᠯᠦ ᠪᠠᠨ ᠦᠢᠯᠡᠳᠬᠡᠯ ᠤᠨ ᠭᠠᠵᠠᠷ︾10 ᠶᠢ ᠪᠠᠶᠢᠭᠤᠯᠤᠨ᠎ᠠ᠃ ᠠᠹᠷᠢᠺᠠ ᠲᠢᠪ ᠤᠨ ᠡᠮᠡᠭᠲᠡᠶᠢᠴᠦᠳ ᠪᠣᠯᠣᠨ | ᠵᠠᠯᠠᠭᠤᠴᠤᠳ ᠲᠤ ᠭᠤᠣᠯᠳᠠᠯᠭ᠎ᠠ ᠲᠠᠢ ᠬᠠᠨᠳᠤᠭᠤᠯᠤᠭᠰᠠᠨ ᠰᠤᠳᠤᠯᠤᠨ ᠰᠤᠷᠤᠯᠴᠠᠬᠤ ᠣᠷᠣᠨ ᠲᠤᠭ᠎ᠠ ᠶᠢ 6 ᠲᠦᠮᠡ | ᠬᠠᠩᠭᠠᠨ᠎ᠠ᠃ ᠳᠤᠮᠳᠠᠳᠤ ᠠᠹᠷᠢᠺᠠ ᠶᠢᠨ ︽ᠰᠣᠶᠣᠯ ᠤᠨ ᠲᠣᠷᠭᠠᠨ ᠵᠠᠮ︾ ᠤᠨ ᠲᠥᠯᠥᠪᠯᠡᠭᠡ ᠪᠠ ︽ᠷᠠᠳᠢᠣ᠋ ᠺᠢᠨᠣ᠋ ᠲᠧᠯᠸᠢᠰ ᠤᠨ | ᠬᠠᠷᠠᠭ᠎ᠠ ᠰᠣᠨᠣᠰᠬᠠᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠥᠯᠥᠪᠯᠡᠭᠡ︾ ᠶᠢ ᠬᠠᠮᠲᠤ ᠪᠠᠷ ᠬᠡᠷᠡᠭᠵᠢᠭᠦᠯᠦᠨ᠎ᠡ᠃ | ᠬᠤᠶᠠᠷ ᠲᠠᠯ᠎ᠠ ᠪᠠᠷ ᠢᠶᠠᠨ 2026 ᠣᠨ ᠢ ︽ᠳᠤᠮᠳᠠᠳᠤ ᠠᠹᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ | ᠣᠨ︾ ᠢᠶᠠᠷ ᠲᠣᠭᠲᠠᠭᠠᠪᠠ᠃ | ᠶᠢᠰᠦᠳᠦᠭᠡᠷ ᠲᠤ᠂ ᠪᠣᠬᠢᠷᠳᠤᠯ ᠦᠭᠡᠢ ᠬᠥᠭᠵᠢᠯᠲᠡ ᠶᠢᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ | ᠠᠹᠷᠢᠺᠠ ᠲᠢᠪ ᠲᠤ 30 ᠴᠡᠪᠡᠷ ᠡᠨᠧᠷᠭᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠡᠬᠢᠨ ᠤ ᠦᠶ᠎ᠡ ᠶᠢᠨ ᠤᠷᠢᠳᠴᠢᠯᠠᠨ | ᠰᠡᠷᠡᠮᠵᠢᠯᠡᠭᠦᠯᠭᠦ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠲᠠᠪᠴᠠᠩ ᠢ ᠪᠠᠶᠢᠭᠤᠯᠵᠤ᠂ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ | ᠬᠠᠮᠲᠤᠷᠠᠯᠴᠠᠭ᠎ᠠ ᠥᠷᠨᠢᠭᠦᠯᠦᠨ᠎ᠡ᠃ ᠳᠤᠮᠳᠠᠳᠤ ᠠᠹᠷᠢᠺᠠ ᠶᠢᠨ ᠴᠥᠮ᠎ᠡ ᠶᠢᠨ ᠮᠡᠷᠭᠡᠵᠢᠯ ᠢ ᠨᠠᠶᠢᠷᠠᠮᠳᠠᠯ ᠢᠶᠠᠷ ᠠᠰᠢᠭᠯᠠᠬᠤ | ᠶᠠᠷᠢᠶᠠᠨ ᠤ ᠲᠠᠪᠴᠠᠩ ᠢ ᠪᠠᠶᠢᠭᠤᠯᠵᠤ᠂ 30 ᠬᠠᠮᠲᠤᠷᠠᠭᠰᠠᠨ ᠲᠤᠷᠰᠢᠯᠲᠠ ᠶᠢᠨ ᠲᠠᠰᠤᠭ ᠢ ᠬᠠᠮᠲᠤ ᠪᠠᠷ ᠪᠠᠶᠢᠭᠤᠯᠵᠤ᠂ | ᠳᠠᠭᠠᠭᠤᠯᠢ ᠤᠳᠤᠨ ᠤ ᠠᠯᠤᠰ ᠰᠡᠷᠡᠯ᠂ ᠰᠠᠷᠠᠨ ᠪᠥᠮᠪᠥᠷᠴᠡᠭ ᠪᠠ ᠭᠦᠨ ᠣᠭᠲᠠᠷᠭᠤᠢ ᠶᠢ ᠬᠠᠶᠢᠨ ᠬᠡᠮᠵᠢᠬᠦ ᠬᠠᠮᠲᠤᠷᠠᠯᠴᠠᠭ᠎ᠠ | ᠥᠷᠨᠢᠭᠦᠯᠵᠦ᠂ ᠠᠹᠷᠢᠺᠠ ᠲᠢᠪ ᠤᠨ ᠪᠣᠬᠢᠷᠳᠤᠯ ᠦᠭᠡᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ | ᠠᠷᠪᠠᠳᠤᠭᠠᠷ ᠲᠤ᠂ ᠠᠮᠤᠷ ᠲᠦᠪᠰᠢᠨ ᠢ ᠬᠠᠮᠲᠤ ᠪᠠᠷ ᠴᠣᠭᠴᠠᠯᠠᠬᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ | ᠳᠤᠷᠠᠲᠠᠶ᠎ᠠ ᠠᠹᠷᠢᠺᠠ ᠲᠢᠪ ᠤᠨ ᠬᠢᠨ ᠲᠠᠢ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢᠨ ᠬᠠᠨᠢᠲᠠᠨ ᠤ | ᠬᠠᠷᠢᠯᠴᠠᠭ᠎ᠠ ᠶᠢ ᠨᠠᠶᠢᠳᠠᠪᠤᠷᠢᠵᠢᠭᠤᠯᠵᠤ᠂ ᠬᠠᠮᠲᠤᠷᠠᠯᠴᠠᠭᠠᠨ ᠤ ᠵᠢᠱᠢᠶ᠎ᠡ ᠦᠵᠡᠭᠦᠯᠭᠦ ᠣᠷᠣᠨ ᠢ ᠪᠠᠶᠢᠭᠤᠯᠵᠤ᠂ ᠠᠹᠷᠢᠺᠠ | ᠲᠢᠪ ᠤᠨ ᠬᠢᠨ ᠳᠤ 10 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠤᠨ ᠲᠥᠯᠥᠪᠦᠷᠢ ᠦᠭᠡᠢ ᠴᠡᠷᠢᠭ ᠤᠨ ᠶᠠᠪᠤᠳᠠᠯ ᠤᠨ | ᠲᠤᠰᠠᠯᠠᠮᠵᠢ ᠬᠠᠩᠭᠠᠵᠤ᠂ ᠠᠹᠷᠢᠺᠠ ᠲᠢᠪ ᠤᠨ ᠬᠢᠨ ᠳᠤ 6000 ᠴᠡᠷᠢᠭ ᠠᠩᠭᠢ ᠶᠢᠨ ᠴᠢᠳᠠᠪᠤᠷᠢᠲᠠᠨ ᠪᠣᠯᠣᠨ 1000 | ᠴᠠᠭᠳᠠᠭᠠᠨ ᠤ ᠶᠠᠪᠤᠳᠠᠯ ᠤᠨ ᠬᠠᠤᠯᠢ ᠬᠡᠷᠡᠭᠵᠢᠭᠦᠯᠬᠦ ᠠᠵᠢᠯᠲᠠᠨ ᠢ ᠪᠤᠯᠪᠠᠰᠤᠷᠠᠭᠤᠯᠵᠤ᠂ 500 ᠵᠠᠯᠠᠭᠤ ᠴᠡᠷᠢᠭ ᠤᠨ | ᠳᠠᠷᠤᠭ᠎ᠠ ᠶᠢ ᠤᠷᠢᠵᠤ ᠳᠤᠮᠳᠠᠳᠤ ᠤᠯᠤᠰ ᠲᠤ ᠠᠶᠢᠯᠴᠢᠯᠠᠭᠤᠯᠤᠨ᠎ᠠ᠃ ᠳᠤᠮᠳᠠᠳᠤ ᠠᠹᠷᠢᠺᠠ ᠶᠢᠨ ᠴᠡᠷᠢᠭ ᠠᠩᠭᠢ ᠶᠢᠨ | ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠰᠤᠷᠭᠠᠭᠤᠯᠢᠯᠠᠯ ᠪᠠ ᠬᠠᠮᠲᠤᠷᠠᠭᠰᠠᠨ ᠴᠠᠭᠳᠠᠨ ᠪᠠᠶᠢᠴᠠᠭᠠᠯᠲᠠ ᠶᠢ ᠥᠷᠨᠢᠭᠦᠯᠵᠦ᠂ | ︽ᠠᠹᠷᠢᠺᠠ ᠲᠢᠪ ᠤᠨ ᠠᠶᠤᠩᠭ᠎ᠠ ᠶᠢᠨ ᠠᠶᠤᠯ ᠠᠴᠠ ᠮᠤᠯᠲᠤᠷᠠᠬᠤ ᠳᠤ ᠲᠤᠰᠠᠯᠠᠬᠤ ᠠᠵᠢᠯᠯᠠᠭ᠎ᠠ︾ ᠶᠢ ᠬᠡᠷᠡᠭᠵᠢᠭᠦᠯᠵᠦ᠂ | ᠠᠵᠢᠯᠲᠠᠨ ᠪᠠ ᠲᠦᠷᠦᠯ ᠵᠦᠢᠯ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ᠃ | ︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ ᠢᠷᠡᠬᠦ 3 ᠵᠢᠯ ᠳᠤ | ᠳᠤᠮᠳᠠᠳᠤ ᠤᠯᠤᠰ ᠤᠨ ᠵᠠᠰᠠᠭ ᠤᠨ ᠣᠷᠳᠣᠨ ᠳᠤᠷᠠᠲᠠᠶ᠎ᠠ 2100 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ | ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠣᠯᠣᠨ 800 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠡᠯ᠎ᠡ | ᠲᠦᠷᠦᠯ ᠤᠨ ᠲᠤᠰᠠᠯᠠᠮᠵᠢ ᠶᠢ ᠬᠠᠩᠭᠠᠬᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠠᠹᠷᠢᠺᠠ ᠲᠢᠪ ᠲᠠᠬᠢ ᠪᠡᠯᠡ | ᠣᠷᠣᠭᠤᠯᠤᠯᠲᠠ 700 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠠᠴᠠ ᠪᠠᠭ᠎ᠠ ᠦᠭᠡᠢ ᠪᠠᠶᠢᠬᠤ ᠶᠢ | ᠠᠬᠢᠭᠤᠯᠬᠤ ᠶᠢ ᠪᠠᠭᠲᠠᠭᠠᠭᠰᠠᠨ 3600 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠪᠡᠯᠡ ᠮᠥᠩᠭᠦ ᠶᠢᠨ | ᠳᠡᠮᠵᠢᠯᠭᠡ ᠬᠠᠩᠭᠠᠨ᠎ᠠ᠃ ᠳᠤᠮᠳᠠᠳᠤ ᠤᠯᠤᠰ ᠪᠠᠰᠠ ᠠᠹᠷᠢᠺᠠ ᠲᠢᠪ ᠤᠨ ᠬᠢᠨ ᠤ ᠳᠤᠮᠳᠠᠳᠤ ᠤᠯᠤᠰ ᠲᠤ ︽ᠮᠠᠯᠤᠷ ᠦᠳᠡᠭᠡ | ᠵᠢᠭᠡᠯᠡᠯᠭᠡ ᠶᠢᠨ ᠲᠡᠮᠳᠡᠭᠲᠦ︾ ᠲᠠᠷᠬᠠᠭᠠᠬᠤ ᠶᠢ ᠵᠣᠷᠢᠭᠵᠢᠭᠤᠯᠤᠨ ᠳᠡᠮᠵᠢᠵᠦ᠂ ᠳᠤᠮᠳᠠᠳᠤ ᠠᠹᠷᠢᠺᠠ ᠶᠢᠨ ᠡᠯ᠎ᠡ ᠬᠦᠷᠢᠶᠡᠨ ᠤ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠳᠤ ᠬᠦᠴᠦᠲᠡᠢ ᠳᠡᠮᠵᠢᠯᠭᠡ ᠬᠠᠩᠭᠠᠨ᠎ᠠ᠃ | ᠨᠠᠶᠢᠵᠠ ᠨᠠᠷ ᠠ᠋᠂ ᠡᠷᠬᠢᠮ ᠵᠣᠴᠢᠳ ᠠ᠋︕ | ᠡᠨᠡ ᠵᠢᠯ ᠤᠨ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠮᠵᠢᠯᠲᠠ ᠲᠠᠢ ᠬᠤᠷᠠᠯᠳᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ | ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃ ᠡᠨᠡ ᠨᠢ ᠳᠤᠮᠳᠠᠳᠤ ᠤᠯᠤᠰ ᠢ ᠤᠯᠠᠮ ᠨᠢᠭᠡ ᠠᠯᠬᠤᠮ ᠭᠦᠨᠵᠡᠭᠡᠢ | ᠬᠤᠪᠢᠷᠠᠭᠤᠯᠬᠤ ᠪᠥᠭᠡᠳ ᠠᠹᠷᠢᠺᠠ ᠲᠢᠪ ᠤᠨ ᠤᠯᠤᠰ ᠤᠳ ᠲᠤ ᠳᠤᠮᠳᠠᠳᠤ ᠠᠹᠷᠢᠺᠠ ᠶᠢᠨ ᠬᠠᠮᠲᠤ ᠪᠠᠷ | ᠣᠳᠣᠬᠢᠴᠢᠯᠠᠯᠲᠠ ᠶᠢᠨ ᠵᠡᠭᠦᠳᠦ ᠶᠢ ᠬᠥᠭᠡᠭᠡᠴᠡᠯᠳᠦᠬᠦ ᠳᠤ ᠰᠢᠨ᠎ᠡ ᠠᠵᠠ ᠲᠣᠭᠢᠶᠠᠯ ᠬᠠᠩᠭᠠᠵᠤ᠂ ᠰᠢᠨ᠎ᠡ ᠬᠥᠳᠡᠯᠭᠡᠬᠦ ᠴᠢᠳᠠᠪᠤᠷᠢ | ᠨᠡᠮᠡᠷᠢᠯᠡᠬᠦ ᠨᠢ ᠯᠠᠪᠲᠠᠢ᠃ | ᠠᠹᠷᠢᠺᠠ ᠲᠢᠪ ᠲᠤ ︽ᠵᠠᠮ ᠨᠢᠭᠡᠲᠡᠨ ᠪᠣᠯ ᠰᠠᠶ᠋ᠢ ᠵᠢᠩᠬᠢᠨᠢ ᠨᠠᠶᠢᠵᠠ ᠮᠥᠨ︾ ᠭᠡᠰᠡᠨ ᠵᠦᠢᠷ ᠦᠭᠡ ᠪᠠᠶᠢᠳᠠᠭ᠃ | ᠣᠳᠣᠬᠢᠴᠢᠯᠠᠯᠲᠠ ᠶᠢᠨ ᠵᠠᠮ ᠳᠡᠭᠡᠷ᠎ᠡ ᠨᠢᠭᠡ ᠶᠢ ᠴᠦ ᠣᠷᠬᠢᠭᠳᠠᠭᠤᠯᠵᠤ ᠪᠤᠯᠬᠤ ᠦᠭᠡᠢ᠂ ᠨᠢᠭᠡ ᠤᠯᠤᠰ ᠢ ᠴᠤ | ᠬᠤᠴᠣᠷᠤᠭᠤᠯᠵᠤ ᠪᠤᠯᠬᠤ ᠦᠭᠡᠢ᠃ ᠪᠢᠳᠡ 28 ᠳ᠋ᠦᠩᠰᠢᠭᠤᠷ ᠭᠠᠷᠤᠢ ᠳᠤᠮᠳᠠᠳᠤ ᠠᠹᠷᠢᠺᠠ ᠶᠢᠨ ᠠᠷᠠᠳ ᠲᠦᠮᠡᠨ ᠤ ᠰᠦᠷ | ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠣᠳᠣᠬᠢᠴᠢᠯᠠᠯᠲᠠ ᠶᠢᠨ ᠠᠶᠠᠨ ᠳᠤ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ | ᠳᠤᠮᠳᠠᠳᠤ ᠠᠹᠷᠢᠺᠠ ᠶᠢᠨ ᠣᠳᠣᠬᠢᠴᠢᠯᠠᠯᠲᠠ ᠪᠠᠷ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ | ᠣᠳᠣᠬᠢᠴᠢᠯᠠᠯᠲᠠ ᠳᠤ ᠬᠦᠴᠦᠨ ᠨᠡᠮᠡᠷᠢᠯᠡᠵᠦ᠂ ᠬᠥᠮᠥᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠡᠭᠡᠷᠡᠬᠢ ᠴᠣ ᠰᠢᠨ᠎ᠡ | ᠵᠢᠷᠤᠭ ᠲᠥᠰᠥᠪ ᠢ ᠵᠢᠷᠤᠭᠯᠠᠵᠤ᠂ ᠳᠡᠯᠡᠬᠡᠢ ᠳ᠋ᠠᠬᠢᠨ ᠤ ᠡᠩᠬᠡ ᠲᠠᠶᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ᠂ | ᠲᠠᠪᠰᠢᠯᠳᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠶᠢ ᠬᠠᠮᠲᠤ ᠪᠠᠷ ᠠᠬᠢᠭᠤᠯᠵᠠᠭᠠᠶ᠎ᠠ︕ | ᠪᠠᠶᠠᠷᠯᠠᠯ᠎ᠠ᠃ |