︽ᠵᠣᠴᠢᠨᠰᠠᠭ ᠰᠠᠶᠢᠨ ᠡᠳ᠋ ᠰᠠᠶᠢᠨ ᠤᠰᠤ ᠰᠠᠶᠢᠨ ᠵᠢᠭᠠᠰᠤ︾︱​ᠱᠠᠨᠳᠦ᠋ᠩ ᠤᠨ ᠵᠢᠭᠠᠰᠤᠨ ᠤ ᠠᠵᠤ ᠠᠬᠤᠢ ᠶᠢᠨ ᠨᠡᠷᠡᠲᠦ ᠲᠡᠮᠳᠡᠭᠲᠦ ᠶᠢ ᠪᠦᠬᠦ ᠤᠯᠤᠰ ᠲᠤ ᠳᠡᠯᠭᠡᠷᠡᠭᠦᠯᠬᠦ ᠠᠵᠢᠯᠯᠠᠭ᠎ᠠ ᠥᠪᠥᠷ ᠮᠣᠩᠭᠤᠯ ᠳᠤ ᠶᠠᠪᠤᠭᠳᠠᠪᠠ
ᠨᠡᠶᠢᠲᠡᠯᠡᠭᠰᠡᠨ ᠴᠠᠭ᠄
2024/9/7
      9 ᠰᠠᠷ᠎ᠠ ᠶᠢᠨ 6 ᠤ ᠡᠳᠦᠷ᠂ ᠱᠠᠨᠳᠦ᠋ᠩ ᠮᠤᠵᠢ ᠶᠢᠨ ᠵᠢᠭᠠᠰᠤᠨ ᠤ ᠠᠵᠤ ᠠᠬᠤᠢ ᠶᠢᠨ ᠨᠠᠷᠠᠲᠤ ᠲᠡᠮᠳᠡᠭᠲᠦ ᠶᠢ ᠪᠥᠬᠦ ᠤᠯᠤᠰ ᠲᠤ ᠳᠡᠯᠭᠡᠷᠡᠭᠦᠯᠬᠦ ᠠᠵᠢᠯᠯᠠᠭ᠎ᠠ ᠶᠢᠨ ᠲᠠᠪᠤᠳᠤᠭᠠᠷ ᠥᠷᠲᠡᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠥᠬᠡᠬᠤᠲᠠ ᠳᠤ ᠶᠠᠪᠤᠭᠳᠠᠪᠠ᠃ ᠱᠠᠨᠳᠦ᠋ᠩ ᠤᠨ ᠰᠤᠷᠭᠤᠭ ᠢᠳᠡᠭᠡᠨ ᠦᠪᠦᠷ ᠮᠣᠩᠭᠤᠯ ᠳᠤ ᠢᠷᠡᠵᠦ᠂ ᠲᠠᠯ᠎ᠠ ᠨᠤᠲᠤᠭ ᠲᠤ ᠦᠨᠦᠷ ᠠᠩᠬᠢᠯᠦᠨ᠎ᠠ᠃ 
图片1.png
       ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠢᠭᠠᠰᠤᠨ ᠤ ᠠᠵᠤ ᠠᠬᠤᠢ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠵᠠᠬ᠎ᠠ ᠳᠡᠯᠭᠡᠭᠦᠷ ᠤᠨ ᠪᠣᠯᠪᠠᠰᠤᠷᠠᠭᠤᠯᠬᠤ ᠭᠠᠵᠠᠷ ᠤᠨ ᠳᠠᠷᠤᠭ᠎ᠠ ᠽᠧᠩ ᠬᠤᠤ᠂ ᠱᠠᠨᠳᠦ᠋ᠩ ᠮᠤᠵᠢ ᠶᠢᠨ ᠲᠠᠷᠢᠶᠠᠯᠠᠩ ᠬᠥᠳᠡᠭᠡ ᠲᠣᠰᠬᠤᠨ ᠤ ᠲᠢᠩᠬᠢᠮ ᠤᠨ ᠶᠡᠷᠦᠩᠬᠡᠢ ᠲᠠᠷᠢᠶᠠᠯᠠᠩ ᠤᠨ ᠮᠡᠷᠭᠡᠵᠢᠯᠲᠡᠨ ᠭᠦᠸᠧ ᠫᠧᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢ ᠰᠢᠦᠢ ᠳ᠋ᠦᠩ᠂ ᠵᠢᠭᠠᠰᠤᠨ ᠤ ᠠᠵᠤ ᠠᠬᠤᠢ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠸᠠᠩ ᠱᠤᠸᠠᠢ᠂ ᠳᠤᠮᠳᠠᠳᠤ ᠤᠯᠤᠰ ᠤᠨ ᠤᠰᠤᠨ ᠭᠠᠷᠤᠯᠲᠠ ᠶᠢᠨ ᠭᠦᠢᠯᠭᠡᠭᠡ ᠪᠣᠯᠣᠨ ᠪᠣᠯᠪᠠᠰᠤᠷᠠᠭᠤᠯᠤᠯᠲᠠ ᠶᠢᠨ ᠨᠡᠶᠢᠭᠡᠮᠯᠢᠭ ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠸᠠᠩ ᠰᠢᠤᠸᠠᠢ ᠭᠤᠸᠠᠩ᠂ ᠥᠪᠥᠷ ᠮᠣᠩᠭᠤᠯ ᠤᠨ ᠢᠳᠡᠭᠡᠨ ᠤᠮᠳᠠᠭᠠᠨ ᠪᠣᠯᠣᠨ ᠬᠤᠭᠤᠯᠠᠨ ᠭᠡᠷ ᠤᠨ ᠠᠵᠢᠯ ᠲᠦᠷᠦᠯ ᠤᠨ ᠨᠡᠶᠢᠭᠡᠮᠯᠢᠭ ᠤᠨ ᠳᠠᠷᠤᠭ᠎ᠠ ᠯᠠᠩ ᠯᠢ ᠰᠢᠩ᠂ ᠸᠧᠢ ᠬᠠᠢ ᠬᠤᠳᠠ᠂ ᠴᠢᠩᠳᠣᠣ ᠬᠤᠳᠠ᠂ ᠳ᠋ᠦᠩ ᠶᠢᠩ ᠬᠤᠳᠠ᠂ ᠪᠢᠨᠵᠸᠤ ᠬᠤᠳᠠ ᠶᠢᠨ ᠲᠠᠯᠠᠢ ᠲᠠᠩᠭᠢᠰ ᠤᠨ ᠬᠥᠭᠵᠢᠯᠲᠡ ᠶᠢᠨ ᠲᠣᠪᠴᠢᠶ᠎ᠠ ᠶᠢᠨ ᠤᠳᠤᠷᠢᠳᠤᠯᠭ᠎ᠠ ᠵᠢᠴᠢ ᠱᠠᠨᠳᠦ᠋ᠩ ᠮᠤᠵᠢ᠂ ᠥᠪᠥᠷ ᠮᠣᠩᠭᠤᠯ ᠤᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠲᠥᠯᠥᠭᠡᠯᠡᠭᠴᠢ ᠪᠣᠯᠣᠨ ᠵᠠᠭᠤᠴᠢᠯᠠᠭᠤᠷ ᠤᠨ ᠲᠥᠯᠥᠭᠡᠯᠡᠭᠴᠢ ᠵᠡᠷᠭᠡ 150 ᠭᠠᠷᠤᠢ ᠬᠥᠮᠥᠨ ᠲᠤᠰ ᠠᠵᠢᠯᠯᠠᠭ᠎ᠠ ᠳᠤ ᠣᠷᠣᠯᠴᠠᠪᠠ᠃ 
图片2.png
       ᠲᠣᠰ ᠤᠳᠠᠭ᠎ᠠ ᠶᠢᠨ ᠠᠵᠢᠯᠯᠠᠭ᠎ᠠ ᠶᠢ ᠱᠠᠨᠳᠦ᠋ᠩ ᠮᠤᠵᠢ ᠶᠢᠨ ᠲᠠᠷᠢᠶᠠᠯᠠᠩ ᠬᠥᠳᠡᠭᠡ ᠲᠣᠰᠬᠤᠨ ᠤ ᠲᠢᠩᠬᠢᠮ ᠠᠴᠠ ᠭᠤᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠳᠡᠮᠵᠢᠵᠦ᠂ ᠳᠤᠮᠳᠠᠳᠤ ᠤᠯᠤᠰ ᠤᠨ ᠤᠰᠤᠨ ᠭᠠᠷᠤᠯᠲᠠ ᠶᠢᠨ ᠭᠦᠢᠯᠭᠡᠭᠡ ᠬᠢᠭᠡᠳ ᠪᠣᠯᠪᠠᠰᠤᠷᠠᠭᠤᠯᠤᠯᠲᠠ ᠶᠢᠨ ᠨᠡᠶᠢᠭᠡᠮᠯᠢᠭ ᠠᠴᠠ ᠳᠠᠭᠠᠭᠠᠴᠢᠯᠡᠨ ᠡᠷᠭᠢᠯᠡᠵᠦ᠂ ᠥᠪᠥᠷ ᠮᠣᠩᠭᠤᠯ ᠤᠨ ᠢᠳᠡᠭᠡᠨ ᠤᠮᠳᠠᠭᠠᠨ ᠬᠢᠭᠡᠳ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ ᠠᠴᠠ ᠬᠠᠮᠵᠢᠨ ᠡᠷᠬᠢᠯᠡᠪᠡ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠳᠠᠯᠠᠶ ᠶᠢᠨ ᠤᠰᠤᠨ ᠤ ᠭᠠᠷᠤᠯᠲᠠ ᠶᠢ ᠳᠣᠲᠣᠭᠠᠳᠤ ᠬᠠᠭᠤᠷᠠᠢ ᠳᠤ ᠣᠷᠣᠭᠤᠯᠬᠤ ᠶᠢ ᠠᠬᠢᠭᠤᠯᠬᠤ ᠵᠡᠷᠭᠡ ᠠᠵᠢᠯ ᠤᠨ ᠱᠠᠭᠠᠷᠳᠠᠯᠭ᠎ᠠ ᠪᠠ ᠱᠠᠨᠳᠦ᠋ᠩ ᠮᠤᠵᠢ ᠶᠢᠨ ᠨᠠᠮ ᠤᠨ ᠬᠤᠷᠢᠶ᠎ᠠ᠂ ᠮᠤᠵᠢ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠱᠠᠨᠳᠦ᠋ᠩ ᠥᠪᠥᠷ ᠮᠣᠩᠭᠤᠯ ᠬᠤᠶᠠᠷ ᠮᠤᠵᠢ ᠶᠢᠨ ᠤᠰᠤᠨ ᠭᠠᠷᠤᠯᠲᠠ ᠶᠢᠨ ᠬᠠᠩᠭᠠᠯᠭ᠎ᠠ ᠬᠤᠳᠠᠯᠳᠤᠨ ᠠᠪᠬᠤ ᠶᠢᠨ ᠬᠤᠣᠰ ᠴᠢᠭᠯᠡᠯ ᠢᠶᠠᠷ ᠬᠠᠷᠢᠯᠴᠠᠨ ᠦᠢᠯᠡᠳᠦᠯᠴᠡᠨ ᠰᠣᠯᠢᠯᠴᠠᠬᠤ ᠶᠢ ᠴᠢᠩᠭᠠᠳᠬᠠᠵᠤ᠂ ᠱᠠᠨᠳᠦ᠋ᠩ ᠤᠨ ᠤᠰᠤᠨ ᠭᠠᠷᠤᠯᠲᠠ ᠶᠢᠨ ᠠᠵᠤ ᠠᠬᠤᠶᠢᠯᠠᠯ ᠢ ᠥᠪᠥᠷ ᠮᠣᠩᠭᠤᠯ ᠵᠢᠴᠢ ᠤᠮᠠᠷᠠᠲᠤ ᠣᠷᠣᠨ ᠤ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠬᠤᠳᠠᠯᠳᠤᠭᠠᠴᠢᠨ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠯᠤᠭ᠎ᠠ ᠪᠦᠲᠦᠮᠵᠢᠲᠡᠶ ᠵᠣᠯᠭᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠱᠠᠨᠳᠦ᠋ᠩ ᠤᠨ ᠲᠡᠯᠡᠶ ᠶᠢᠨ ᠤᠰᠤᠨ ᠤ ᠭᠠᠷᠤᠯᠲᠠ ᠶᠢᠨ ︽ᠭᠠᠷᠤᠯᠲᠠ ᠶᠢᠨ ᠣᠷᠣᠨ ᠠᠴᠠ ᠬᠤᠭᠤᠯᠠᠨ ᠰᠢᠷᠡᠭᠡᠨ ᠳᠤ ᠬᠦᠷᠬᠦ︾ ᠬᠠᠩᠭᠠᠯᠭ᠎ᠠ ᠶᠢᠨ ᠬᠡᠯᠬᠢᠶ᠎ᠡ ᠶᠢ ᠳᠠᠬᠢᠨᠲᠠ ᠰᠢᠯᠢᠳᠡᠭᠵᠢᠭᠦᠯᠬᠦ ᠶᠢᠨ ᠲᠦᠯᠦᠭᠡ ᠪᠣᠯᠤᠨ᠎ᠠ᠃ 
图片3.png
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢ ᠰᠢᠦᠢ ᠳ᠋ᠦᠩ ᠢᠯᠡᠷᠬᠡᠶᠢᠯᠡᠬᠦ ᠳᠡᠭᠡᠨ᠂ ᠤᠰᠤᠨ ᠭᠠᠷᠤᠯᠲᠠ ᠪᠣᠯ ᠮᠠᠨ ᠤ ᠣᠷᠣᠨ ᠤ ᠲᠠᠷᠢᠶᠠᠯᠠᠩ ᠠᠵᠤ ᠠᠬᠤᠢ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ᠂ ᠣᠯᠠᠨ ᠲᠦᠮᠡᠨ ᠤ ᠬᠤᠭᠤᠯᠠᠨ ᠰᠢᠷᠡᠭᠡ ᠶᠢ ᠪᠠᠶᠠᠯᠢᠭᠵᠢᠭᠤᠯᠬᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠠᠮᠢ ᠠᠬᠤᠢ ᠶᠢᠨ ᠪᠣᠯᠪᠠᠰᠤᠨ ᠳᠤ ᠦᠢᠯᠡᠴᠢᠯᠡᠬᠦ ᠳᠤ ᠴᠢᠬᠤᠯᠠ ᠦᠢᠯᠡᠳᠦᠯ ᠲᠠᠢ ᠶᠤᠮ᠃ 2023 ᠣᠨ ᠳᠤ᠂ ᠪᠥᠬᠦ ᠣᠷᠣᠨ ᠤ ᠤᠰᠤᠨ ᠭᠠᠷᠤᠯᠲᠠ ᠶᠢᠨ ᠶᠡᠷᠦᠩᠬᠡᠢ ᠭᠠᠷᠤᠯᠲᠠ 11.17 ᠲᠦᠮᠡᠨ ᠲᠣᠨ ᠳᠤ ᠬᠦᠷᠴᠦ᠂ ᠵᠢᠭᠠᠰᠤᠨ ᠤ ᠠᠵᠤ ᠠᠬᠤᠢ ᠶᠢᠨ ᠦᠢᠯᠡᠳᠬᠦᠨ ᠤ ᠶᠡᠷᠦᠩᠬᠡᠢ ᠥᠷᠲᠡᠭ 28.2 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠨᠢᠭᠡᠳᠦᠭᠡᠷ ᠠᠵᠤ ᠦᠢᠯᠡᠰ ᠤᠨ ᠦᠢᠯᠡᠳᠬᠦᠨ ᠤ ᠥᠷᠲᠡᠭ 20.86 ᠳ᠋ᠦᠩᠰᠢᠭᠤᠷ ᠲᠥᠭᠦᠷᠢᠭ ᠲᠤ ᠬᠦᠷᠴᠦ᠂ ᠵᠢᠭᠠᠰᠤᠨ ᠤ ᠠᠵᠤ ᠠᠬᠤᠢ ᠶᠢᠨ ᠦᠢᠯᠡᠳᠬᠦᠨ ᠤ ᠶᠡᠷᠦᠩᠬᠡᠢ ᠥᠷᠲᠡᠭ ᠤᠨ 74% ᠶᠢ ᠡᠵᠡᠯᠡᠪᠡ᠃ ᠲᠠᠷᠠᠭᠠᠴᠢ ᠶᠢᠨ ᠠᠯᠬᠤᠮ ᠳᠤ᠂ ᠣᠷᠣᠨ ᠨᠤᠲᠤᠭ ᠤᠨ ᠳᠠᠪᠠᠭᠤᠯᠢᠭ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ ᠡᠷᠡᠭᠦᠯ ᠢᠶᠠᠷ ᠲᠡᠵᠢᠭᠡᠨ ᠦᠷᠡᠵᠢᠭᠦᠯᠬᠦ ᠶᠢ ᠭᠦᠨᠵᠡᠭᠡᠢ ᠠᠬᠢᠭᠤᠯᠵᠤ᠂ ᠤᠰᠤᠨ ᠭᠠᠷᠤᠯᠲᠠ ᠶᠢ ᠡᠳ᠋ᠰᠢᠭᠦᠯᠬᠦ ᠪᠠ ᠰᠡᠯᠡᠭᠦᠴᠡᠯ ᠤᠨ ᠵᠢᠭᠠᠰᠤᠨ ᠤ ᠠᠵᠤ ᠠᠬᠤᠢ ᠶᠢᠨ ᠠᠵᠤ ᠦᠢᠯᠡᠰ ᠢ ᠡᠮᠬᠢ ᠵᠢᠷᠤᠮ ᠲᠠᠢ ᠬᠥᠭᠵᠢᠭᠦᠯᠵᠦ᠂ ᠮᠠᠨ ᠤ ᠣᠷᠣᠨ ᠤ ᠵᠢᠭᠠᠰᠤᠨ ᠤ ᠠᠵᠤ ᠠᠬᠤᠢ ᠶᠢᠨ ᠣᠨᠴᠠᠯᠢᠭᠲᠤ ᠨᠠᠷᠠᠲᠤ ᠲᠡᠮᠳᠡᠭᠲᠦ ᠶᠢ ᠢᠳᠡᠪᠬᠢᠲᠡᠢ ᠪᠣᠶᠢᠵᠢᠭᠤᠯᠤᠨ᠎ᠠ᠃ ᠡᠭᠦᠨ ᠤ ᠬᠠᠮᠲᠤ ᠱᠠᠨᠳᠦ᠋ᠩ ᠵᠡᠷᠭᠡ ᠤᠰᠤᠨ ᠭᠠᠷᠤᠯᠲᠠ ᠶᠢᠨ ᠲᠡᠷᠢᠭᠦᠨ ᠤ ᠮᠤᠵᠢ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠣᠯᠢᠯᠴᠠᠭ᠎ᠠ ᠪᠠᠨ ᠭᠦᠨᠵᠡᠭᠡᠶᠢᠷᠡᠭᠦᠯᠦᠨ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠨ᠎ᠡ ᠭᠡᠵᠡᠢ᠃ 
图片4.png
 
图片5.png
       ᠱᠠᠨᠳᠦ᠋ᠩ ᠤᠨ ᠲᠠᠷᠢᠶᠠᠯᠠᠩ ᠬᠥᠳᠡᠭᠡ ᠲᠣᠰᠬᠤᠨ ᠤ ᠲᠢᠩᠬᠢᠮ ᠤᠨ ᠶᠡᠷᠦᠩᠬᠡᠢ ᠲᠠᠷᠢᠶᠠᠯᠠᠩ ᠤᠨ ᠮᠡᠷᠭᠡᠵᠢᠯᠲᠡᠨ ᠭᠦᠸᠧ ᠫᠧᠩ ᠢᠯᠡᠷᠬᠡᠶᠢᠯᠡᠬᠦ ᠳᠡᠭᠡᠨ᠂ ᠱᠠᠨᠳᠦ᠋ᠩ ᠪᠣᠯ ᠮᠠᠨ ᠤ ᠤᠯᠤᠰ ᠤᠨ ᠴᠢᠬᠤᠯᠠ ᠵᠢᠭᠠᠰᠤᠨ ᠤ ᠠᠵᠤ ᠠᠬᠤᠢ ᠶᠢᠨ ᠲᠣᠮᠣ ᠮᠤᠵᠢ ᠮᠥᠨ᠂ ᠪᠠᠰᠠ ᠴᠤ ᠤᠯᠤᠰ ᠤᠨ ᠳᠣᠲᠣᠭᠠᠳᠤ ᠭᠠᠳᠠᠭᠠᠳᠤ ᠳᠤ ᠠᠯᠳᠠᠷᠰᠢᠭᠰᠠᠨ ᠤᠰᠤᠨ ᠭᠠᠷᠤᠯᠲᠠ ᠶᠢᠨ ᠠᠷᠠᠯᠵᠢᠶᠠᠨ ᠤ ᠬᠦᠴᠦᠷᠬᠡᠭ ᠮᠤᠵᠢ ᠮᠥᠨ᠃ ᠪᠥᠬᠦ ᠤᠯᠤᠰ ᠤᠨ 1/6 ᠶᠢᠨ ᠲᠡᠯᠡᠶ ᠶᠢᠨ ᠡᠷᠭᠢ ᠶᠢᠨ ᠱᠤᠭᠤᠮ᠂15.95 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠲᠡᠯᠡᠶ ᠶᠢᠨ ᠣᠷᠣᠨ ᠲᠠᠢ ᠪᠠᠶᠢᠵᠤ᠂ ᠱᠠᠨᠳᠦ᠋ᠩ ᠤᠨ ᠲᠡᠯᠡᠶ ᠶᠢᠨ ᠤᠰᠤᠨ ᠤ ᠴᠢᠨᠠᠷ ᠰᠠᠶᠢᠲᠠᠢ ᠭᠠᠷᠤᠯᠲᠠ ᠶᠢᠨ ᠪᠠᠶᠢᠭᠠᠯᠢ ᠶᠢᠨ ᠨᠥᠬᠦᠴᠡᠯ ᠪᠠ ᠣᠷᠴᠢᠨ ᠲᠣᠭᠤᠷᠢᠨ ᠤ ᠰᠠᠭᠤᠷᠢ ᠶᠢ ᠪᠦᠷᠢᠯᠳᠦᠭᠦᠯᠦᠭᠰᠡᠨ ᠪᠠᠶᠢᠨ᠎ᠠ᠃ 2023 ᠣᠨ ᠳᠤ᠂ ᠵᠢᠭᠠᠰᠤᠨ ᠤ ᠠᠵᠤ ᠠᠬᠤᠢ ᠶᠢᠨ ᠦᠢᠯᠡᠳᠬᠦᠨ ᠤ ᠶᠡᠷᠦᠩᠬᠡᠢ ᠦᠷᠳᠡᠭ 4700 ᠳ᠋ᠦᠩᠰᠢᠭᠤᠷ ᠲᠥᠭᠦᠷᠢᠭ ᠢ ᠳᠠᠪᠠᠵᠤ᠂ ᠤᠰᠤᠨ ᠭᠠᠷᠤᠯᠲᠠ ᠶᠢᠨ ᠭᠠᠷᠤᠯᠲᠠ 914 ᠲᠦᠮᠡᠨ ᠲᠣᠨ ᠳᠤ ᠬᠦᠷᠴᠦ᠂ ᠪᠦᠬᠦ ᠤᠯᠤᠰ ᠤᠨ ᠡᠮᠦᠨ᠎ᠡ ᠡᠩᠨᠡᠭᠡᠨ ᠳᠤ ᠯᠠᠪᠳᠠᠭᠤᠨ ᠣᠷᠣᠪᠠ᠃ ᠮᠤᠵᠢ ᠶᠢᠨ ᠱᠠᠲᠤᠨ ᠠᠴᠠ ᠳᠡᠭᠡᠭᠰᠢᠬᠢ ᠲᠠᠯᠠᠢ ᠲᠠᠩᠭᠢᠰ ᠤᠨ ᠮᠠᠯᠵᠢᠯ ᠤᠨ ᠲᠠᠯᠠᠪᠠᠢ ᠶᠢ 140 ᠪᠠᠶᠢᠭᠤᠯᠵᠤ᠂ ᠡᠭᠦᠨ ᠳᠤ ᠤᠯᠤᠰ ᠤᠨ ᠲᠡᠰ ᠤᠨ ᠲᠠᠯᠠᠢ ᠲᠠᠩᠭᠢᠰ ᠤᠨ ᠮᠠᠯᠵᠢᠯ ᠤᠨ ᠲᠠᠯᠠᠪᠠᠢ ᠶᠢ 72 ᠪᠠᠶᠢᠭᠤᠯᠵᠤ᠂ ᠪᠦᠬᠦ ᠤᠯᠤᠰ ᠤᠨ 38%  ᠶᠢ ᠡᠵᠡᠯᠡᠪᠡ᠃ ᠬᠠᠲᠤᠨ ᠭᠤᠣᠯ ᠢ ᠲᠠᠭᠠᠨ ᠲᠠᠯᠠᠢ ᠲᠠᠢ ᠠᠭᠤᠯᠵᠠᠵᠤ᠂ ᠬᠠᠲᠤᠨ ᠭᠤᠣᠯ ᠢ ᠲᠠᠭᠠᠨ ᠲᠠᠯ᠎ᠠ ᠨᠤᠲᠤᠭ ᠢ ᠦᠵᠡᠵᠦ᠂ ᠲᠤᠰ ᠤᠳᠠᠭ᠎ᠠ ᠶᠢᠨ ᠠᠵᠢᠯᠯᠠᠭ᠎ᠠ ᠨᠢ ᠱᠠᠨᠳᠦ᠋ᠩ ᠪᠣᠯᠣᠨ ᠥᠪᠥᠷ ᠮᠣᠩᠭᠤᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠴᠢᠬᠤᠯᠠ ᠠᠵᠠ ᠲᠣᠬᠢᠶᠠᠯ ᠬᠠᠩᠭᠠᠵᠤ᠂ ᠬᠤᠶᠠᠷ ᠮᠤᠵᠢ ᠣᠷᠣᠨ ᠤ ᠤᠰᠤᠨ ᠭᠠᠷᠤᠯᠲᠠ ᠶᠢᠨ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠬᠠᠮᠲᠤᠪᠠᠷ ᠠᠬᠢᠭᠤᠯᠬᠤ ᠪᠣᠯᠣᠨ᠎ᠠ ᠭᠡᠵᠡᠢ᠃
图片6.png
       ᠱᠠᠨᠳᠦ᠋ᠩ ᠤᠨ ᠴᠢᠩᠳᠣᠣ᠂ ᠸᠧᠢ ᠬᠠᠢ᠂ ᠳ᠋ᠦᠩ ᠶᠢᠩ᠂ ᠪᠢᠨᠵᠸᠤ ᠵᠡᠷᠭᠡ ᠬᠤᠳᠠ ᠠᠴᠠ ᠢᠷᠡᠭᠰᠡᠨ 14 ᠱᠠᠨᠳᠦ᠋ᠩ ᠤᠨ ᠵᠢᠭᠠᠰᠤᠨ ᠤ ᠠᠵᠤ ᠠᠬᠤᠢ ᠶᠢᠨ ᠨᠡᠷᠡᠲᠦ ᠲᠡᠮᠳᠡᠭᠲᠦ ᠶᠢᠨ ᠠᠵᠤ ᠠᠬᠤᠶᠢᠯᠠᠯ ᠵᠢᠴᠢ ᠠᠵᠢᠯ ᠲᠦᠷᠦᠯ ᠤᠨ ᠨᠡᠶᠢᠭᠡᠮᠯᠢᠭ ᠤᠨ ᠬᠢᠨ ᠴᠢᠩᠳᠣᠣ ᠶᠢᠨ ᠯᠢᠩ ᠱᠠᠨ ᠳ᠋ᠣᠣ ᠠᠷᠠᠯ ᠤᠨ ᠬᠢᠵᠢᠮᠢ᠂ ᠷᠦ ᠱᠠᠨ ᠤ ᠮᠥᠯᠢ ᠬᠢᠰᠤᠭ᠎ᠠ᠂ ᠷᠦᠩ ᠴᠧᠩ ᠬᠠᠶᠢᠳᠠᠢ᠂ ᠷᠦᠩ ᠴᠧᠩ ᠪᠠᠩᠵᠠᠯ᠂ ᠬᠠᠳᠤᠨ ᠭᠤᠣᠯ ᠤᠨ ᠠᠳᠠᠭ ᠤᠨ ᠲᠣᠮᠣ ᠨᠠᠢᠮᠠᠯᠵᠢ᠂ ᠬᠠᠳᠤᠨ ᠭᠤᠣᠯ ᠤᠨ ᠠᠳᠠᠭ ᠤᠨ ᠰᠠᠮ ᠬᠤᠷᠣᠬᠠᠢ᠂ ᠪᠢᠨᠵᠸᠤ ᠶᠢᠨ ᠳᠠᠪᠤᠰᠤᠨ ᠲᠠᠷᠢᠶᠠᠨ ᠤ ᠰᠠᠮ ᠬᠤᠷᠣᠬᠠᠢ ᠵᠡᠷᠭᠡ ᠵᠠᠭᠤ ᠭᠠᠷᠤᠢ ᠲᠦᠷᠦᠯ ᠤᠨ ᠱᠠᠨᠳᠦ᠋ᠩ ᠤᠨ ᠨᠡᠷᠡᠳᠦ ᠲᠡᠮᠳᠡᠭᠲᠦ ᠤᠰᠤᠨ ᠭᠠᠷᠤᠯᠲᠠ ᠪᠣᠯᠣᠨ ᠳᠠᠪᠠᠭᠤᠯᠢᠭ ᠣᠨᠴᠠᠯᠢᠭᠲᠤ ᠤᠰᠤᠨ ᠭᠠᠷᠤᠯᠲᠠ  ᠨᠢ ᠠᠵᠢᠯᠯᠠᠭ᠎ᠠ ᠶᠢᠨ ᠲᠤᠬᠠᠢ ᠶᠢᠨ ᠲᠠᠯᠠᠪᠣᠷ ᠳᠡᠯᠭᠡᠨ ᠦᠵᠡᠭᠦᠯᠪᠡ᠃
图片7.png
       ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠣᠨᠴᠠᠯᠢᠭᠲᠤ ᠲᠠᠯᠠᠢ ᠶᠢᠨ ᠤᠰᠤᠨ ᠤ ᠪᠦᠲᠦᠭᠡᠭᠳᠡᠬᠦᠨ ᠢ ᠰᠢᠯᠭᠠᠨ ᠦᠵᠡᠵᠦ ᠪᠠᠶᠢᠭ᠎ᠠ ᠨᠢ
图片8.png
       ᠱᠠᠨᠳᠦ᠋ᠩ ᠤᠨ ᠳᠠᠯᠠᠢ ᠶᠢᠨ ᠬᠤᠪᠣᠷ ᠡᠳ᠋ ᠤᠨ ᠲᠥᠷᠥᠯ ᠤᠨ ᠦᠢᠯᠡᠳᠬᠦᠨ︱ᠵᠢᠭᠠᠰᠤᠨ ᠤ ᠠᠵᠤ ᠠᠬᠤᠢ ᠶᠢᠨ ᠨᠠᠷᠠᠲᠤ ᠲᠡᠮᠳᠡᠭᠲᠦ ᠶᠢᠨ ᠲᠠᠨᠢᠯᠴᠠᠭᠤᠯᠭ᠎ᠠ
图片9.png
       ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ︽ᠨᠢᠩ ᠶᠢᠨ ᠴᠠᠭᠠᠰᠤᠨ ᠬᠠᠶᠢᠴᠢᠯᠠᠮᠠᠯ︾ ᠤᠨ ᠲᠠᠪᠤᠳᠤᠭᠠᠷ ᠦᠶ᠎ᠡ ᠶᠢᠨ ᠤᠯᠠᠮᠵᠢᠯᠠᠭᠴᠢ ᠵᠠᠩ ᠮᠧᠩ ᠮᠧᠩ ᠤᠨ ᠴᠠᠭᠠᠰᠤᠨ ᠬᠠᠶᠢᠴᠢᠯᠠᠮᠠᠯ ᠤᠨ ᠲᠣᠭᠯᠠᠯᠲᠠ
图片10.png
       ᠱᠠᠨᠳᠦ᠋ᠩ ᠤᠨ ᠵᠢᠭᠠᠰᠤ ᠰᠠᠮ ᠬᠤᠷᠣᠬᠠᠢ ᠨᠠᠢᠮᠠᠯᠵᠢ ᠵᠠᠮᠠᠭ ᠤᠨ ᠲᠥᠷᠥᠯ ᠤᠨ ᠦᠢᠯᠡᠳᠬᠦᠨ︱ᠵᠢᠭᠠᠰᠤᠨ ᠤ ᠠᠵᠤ ᠠᠬᠤᠢ ᠶᠢᠨ ᠨᠠᠷᠠᠲᠤ ᠲᠡᠮᠳᠡᠭᠲᠦ ᠶᠢᠨ ᠲᠠᠨᠢᠯᠴᠠᠭᠤᠯᠭ᠎ᠠ
图片11.png
       ᠲᠤᠬᠠᠢ ᠶᠢᠨ ᠡᠳᠦᠷ ᠤᠨ ᠦᠳᠡ ᠶᠢᠨ ᠬᠤᠶᠢᠨ᠎ᠠ᠂ ᠱᠠᠨᠳᠦ᠋ᠩ ᠮᠤᠵᠢ ᠶᠢᠨ ᠲᠥᠯᠥᠭᠡᠯᠡᠭᠴᠢᠳ ᠤᠨ ᠪᠦᠯᠬᠦᠮ ᠥᠪᠥᠷ ᠮᠣᠩᠭᠤᠯ ᠤᠨ ᠢᠳᠡᠭᠡᠨ ᠤᠮᠳᠠᠭᠠᠨ ᠪᠣᠯᠤᠨ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ ᠲᠤ ᠬᠦᠷᠴᠦ ᠶᠠᠷᠢᠯᠴᠠᠨ ᠰᠣᠯᠢᠯᠴᠠᠵᠤ ᠪᠠᠶᠢᠭ᠎ᠠ ᠨᠢ
图片12.png
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号