ᠲᠠᠷᠢᠶᠠᠯᠠᠩ ᠬᠥᠳᠡᠭᠡ ᠲᠣᠰᠬᠤᠨ ᠤ ᠶᠠᠮᠤᠨ ᠭᠤᠷᠪᠠᠳᠠᠭᠢ ᠡᠲᠡᠭᠡᠳ ᠤᠨ ᠪᠠᠶᠢᠴᠠᠭᠠᠨ ᠰᠢᠯᠭᠠᠬᠤ ᠺᠣᠮᠫᠠᠨᠢ ᠳᠤ ᠨᠠᠶᠢᠳᠠᠵᠤ ᠤᠯᠠᠭᠠᠨᠬᠠᠳᠠ ᠳᠤ ᠲᠦᠭᠦᠬᠡᠢ ᠰᠢᠨ᠎ᠡ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠡᠮᠵᠢᠯᠲᠡ ᠶᠢᠨ ᠥᠯᠢᠭᠡᠷ ᠡᠳ᠋ ᠠᠪᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/9/9
      9 ᠰᠠᠷ᠎ᠠ ᠶᠢᠨ 4 ᠤ ᠡᠳᠦᠷ ᠠᠴᠠ 8 ᠤ ᠡᠳᠦᠷ ᠪᠣᠯᠲᠠᠯ᠎ᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠥᠩ ᠶᠢᠦ ᠷᠦ ᠪᠠᠶᠢᠴᠠᠭᠠᠨ ᠰᠢᠯᠭᠠᠬᠤ ᠮᠡᠷᠭᠡᠵᠢᠯ ︵ᠲᠢᠶᠠᠨᠵᠢᠨ︶ ᠤᠨ ᠬᠢᠵᠠᠭᠠᠷᠲᠤ ᠺᠣᠮᠫᠠᠨᠢ ᠳᠤ ᠨᠠᠶᠢᠳᠠᠵᠤ ᠤᠯᠠᠭᠠᠨᠬᠠᠳᠠ ᠬᠤᠲᠠ ᠳᠤ 2024 ᠣᠨ ᠤ ᠲᠦᠭᠦᠬᠡᠢ ᠰᠢᠨ᠎ᠡ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠡᠮᠵᠢᠯᠲᠡ ᠶᠢᠨ ᠥᠯᠢᠭᠡᠷ ᠡᠳ᠋ ᠠᠪᠬᠤ ᠠᠵᠢᠯ ᠢ ᠥᠷᠨᠢᠭᠦᠯᠪᠡ᠃ 
图片1.png
 
图片2.png
       ᠠᠵᠢᠯᠯᠠᠬᠤ ᠳᠤᠭᠤᠶᠢᠯᠠᠩ ᠤᠨ ᠬᠢᠨ ᠤᠯᠠᠭᠠᠨᠬᠠᠳᠠ ᠬᠤᠳᠠ ᠶᠢᠨ 8 ᠬᠤᠰᠢᠭᠤ ᠰᠢᠶᠠᠨ ᠲᠣᠭᠤᠷᠢᠭ ᠲᠤ ᠬᠦᠷᠴᠦ ᠪᠦᠬᠦ ᠬᠤᠳᠠ ᠶᠢᠨ ᠲᠦᠭᠦᠬᠡᠢ ᠰᠢᠨ᠎ᠡ ᠰᠦ ᠬᠤᠳᠠᠯᠳᠤᠨ ᠠᠪᠬᠤ ᠦᠷᠳᠡᠭᠡ ᠳᠤ ᠪᠦᠬᠦᠨ ᠢ ᠬᠠᠮᠤᠷᠬᠤ ᠮᠠᠶ᠋ᠢᠭ ᠤᠨ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠬᠦ ᠶᠢᠨ ᠬᠠᠮᠲᠤ ᠦᠯᠢᠭᠡᠷ ᠡᠳ᠋ ᠠᠪᠴᠤ᠂ ᠪᠠᠰᠠ ᠤᠯᠠᠭᠠᠨᠬᠠᠳᠠ ᠶᠢᠨ ᠢᠯᠢ ᠰᠦ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠸᠧᠢ ᠼᠦᠩ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ ᠲᠦᠭᠦᠬᠡᠢ ᠰᠢᠨ᠎ᠡ ᠰᠦ ᠲᠡᠭᠡᠭᠡᠪᠦᠷᠢᠯᠡᠬᠦ ᠲᠡᠷᠭᠡ ᠶᠢᠨ ᠰᠦ ᠶᠢᠨ ᠦᠯᠢᠭᠡᠷ ᠡᠳ᠋ ᠢ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠪᠡ᠃      ᠠᠵᠢᠯᠯᠠᠬᠤ ᠳᠤᠭᠤᠶᠢᠯᠠᠩ ᠤᠨ ᠬᠢᠨ ᠤᠯᠠᠭᠠᠨᠬᠠᠳᠠ ᠬᠤᠳᠠ ᠶᠢᠨ ᠲᠦᠭᠦᠬᠡᠢ ᠰᠢᠨ᠎ᠡ ᠰᠦ ᠬᠤᠳᠠᠯᠳᠤᠨ ᠠᠪᠬᠤ ᠦᠷᠳᠡᠭᠡ ᠶᠢᠨ ᠬᠠᠮᠢᠶᠠᠷᠤᠯᠲᠠ ᠶᠢ ᠨᠤᠲᠠᠯᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠲᠣᠳᠣᠷᠬᠠᠢ ᠰᠠᠨᠠᠯ ᠢ ᠵᠢᠭᠠᠵᠤ ᠭᠠᠷᠭᠠᠪᠠ᠃ ᠲᠣᠰ ᠤᠳᠠᠭ᠎ᠠ ᠶᠢᠨ ᠥᠯᠢᠭᠡᠷ ᠡᠳ᠋ ᠰᠤᠭᠤᠴᠢᠨ ᠠᠪᠬᠤ ᠠᠵᠢᠯ ᠢ ᠤᠯᠠᠭᠠᠨᠬᠠᠳᠠ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠬᠠᠮᠵᠢᠯᠴᠠᠨ ᠪᠡᠶᠡᠯᠡᠭᠦᠯᠵᠦ᠂ ᠤᠯᠠᠭᠠᠨᠬᠠᠳᠠ ᠬᠤᠲᠠ ᠠᠴᠠ ᠨᠡᠶᠢᠲᠡ 52 ᠬᠤᠪᠢ ᠥᠯᠢᠭᠡᠷ ᠡᠳ᠋ ᠠᠪᠴᠤ᠂ ᠡᠭᠦᠨ ᠳᠤ ᠲᠦᠭᠦᠬᠡᠢ ᠰᠢᠨ᠎ᠡ ᠰᠦ ᠬᠤᠳᠠᠯᠳᠤᠨ ᠠᠪᠬᠤ ᠥᠷᠲᠡᠭᠡᠨ ᠤ ᠥᠯᠢᠭᠡᠷ ᠡᠳ᠋ 29 ᠬᠤᠪᠢ᠂ ᠲᠦᠭᠦᠬᠡᠢ ᠰᠢᠨ᠎ᠡ ᠰᠦ ᠲᠡᠭᠡᠭᠡᠪᠦᠷᠢᠯᠡᠬᠦ ᠲᠡᠷᠭᠡᠨ ᠤ ᠥᠯᠢᠭᠡᠷ ᠡᠳ᠋ 23 ᠬᠤᠪᠢ ᠪᠣᠢ᠃ 
 
ᠢᠷᠡᠯᠲᠡ᠄ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号