ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠦᠶᠡᠷ ᠤᠨ | ᠬᠤᠭᠤᠴᠠᠭᠠᠨ ᠳᠤ ᠣᠷᠣᠭᠰᠠᠨ ᠠᠴᠠ ᠨᠠᠭᠠᠰᠢ ᠮᠠᠨ ᠤ ᠣᠷᠣᠨ ᠳᠤ ᠬᠤᠷ᠎ᠠ ᠪᠣᠷᠣᠭᠠᠨ ᠣᠯᠠᠰᠢᠷᠠᠵᠤ᠂ ᠬᠤᠷ᠎ᠠ | ᠲᠣᠨᠳᠠᠰᠤᠨ ᠤ ᠬᠤᠷᠠᠮᠳᠤᠯ ᠤᠨ ᠬᠡᠮᠵᠢᠶ᠎ᠡ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠢᠯᠡᠷᠬᠡᠢ | ᠨᠡᠮᠡᠭᠳᠡᠪᠡ᠃ | 6 ᠰᠠᠷ᠎ᠠ ᠶᠢᠨ 1 ᠠᠴᠠ 8 ᠰᠠᠷ᠎ᠠ ᠶᠢᠨ 19 ᠤ ᠡᠳᠦᠷ ᠪᠤᠯᠲᠠᠯ᠎ᠠ᠂ ᠬᠥᠯᠥᠨ ᠪᠤᠶᠢᠷ ᠬᠤᠲᠠ ᠶᠢᠨ ᠪᠠᠷᠠᠭᠤᠨ | ᠪᠡᠶ᠎ᠡ ᠪᠠ ᠳᠤᠮᠳᠠ ᠪᠡᠶ᠎ᠡ ᠶᠢᠨ ᠬᠤᠶᠢᠲᠤ ᠬᠡᠰᠡᠭ᠂ ᠬᠢᠩᠭᠠᠨ ᠠᠶᠢᠮᠠᠭ ᠤᠨ ᠶᠡᠬᠡᠩᠬᠢ ᠭᠠᠵᠠᠷ᠂ ᠲᠦᠩᠯᠢᠶᠣᠣ ᠬᠤᠲᠠ | ᠶᠢᠨ ᠶᠡᠬᠡᠩᠬᠢ ᠭᠠᠵᠠᠷ᠂ ᠤᠯᠠᠭᠠᠨᠬᠠᠳᠠ ᠬᠤᠲᠠ ᠶᠢᠨ ᠳᠤᠮᠳᠠ ᠪᠡᠶ᠎ᠡ ᠶᠢᠨ ᠡᠮᠦᠨ᠎ᠡ ᠬᠡᠰᠡᠭ ᠪᠠ ᠵᠡᠭᠦᠨ ᠬᠤᠶᠢᠲᠤ ᠪᠡᠶ᠎ᠡ | ᠶᠢᠨ ᠬᠤᠶᠢᠭᠤᠷᠬᠢ ᠬᠡᠰᠡᠭ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠪᠡᠶ᠎ᠡ ᠶᠢᠨ ᠬᠤᠶᠢᠲᠤ ᠬᠡᠰᠡᠭ ᠪᠠ ᠡᠮᠦᠨ᠎ᠡ | ᠬᠡᠰᠡᠭ᠂ ᠤᠯᠠᠭᠠᠨᠴᠠᠪ ᠬᠤᠲᠠ ᠶᠢᠨ ᠬᠤᠶᠢᠲᠤ ᠪᠡᠶ᠎ᠡ᠂ ᠪᠤᠭᠤᠲᠤ ᠬᠤᠲᠠ ᠶᠢᠨ ᠶᠡᠬᠡᠩᠬᠢ ᠭᠠᠵᠠᠷ᠂ ᠪᠠᠶᠠᠨᠨᠠᠭᠤᠷ ᠬᠤᠲᠠ | ᠶᠢᠨ ᠵᠡᠭᠦᠨ ᠪᠡᠶ᠎ᠡ᠂ ᠣᠷᠳᠣᠰ ᠬᠤᠲᠠ ᠶᠢᠨ ᠪᠠᠷᠠᠭᠤᠨ ᠪᠡᠶ᠎ᠡ ᠶᠢᠨ ᠬᠤᠶᠢᠲᠤ ᠬᠡᠰᠡᠭ ᠪᠠ ᠡᠮᠦᠨ᠎ᠡ ᠪᠡᠶ᠎ᠡ᠂ ᠠᠯᠠᠱᠠ | ᠠᠶᠢᠮᠠᠭ ᠤᠨ ᠡᠮᠦᠨ᠎ᠡ ᠪᠡᠶ᠎ᠡ ᠵᠡᠷᠭᠡ ᠭᠠᠵᠠᠷ ᠤᠨ ᠬᠤᠷ᠎ᠠ ᠲᠤᠨᠳᠠᠰᠤᠨ ᠤ ᠬᠤᠷᠠᠮᠳᠤᠯ ᠤᠨ ᠬᠡᠮᠵᠢᠶ᠎ᠡ ᠡᠩ ᠤᠨ ᠵᠢᠯ ᠤᠨ | ᠠᠳᠠᠯᠢ ᠬᠤᠭᠤᠴᠠᠭᠠᠨ ᠤ ᠬᠢ ᠠᠴᠠ 25% ᠪᠠᠷ ᠨᠡᠮᠡᠭᠳᠡᠪᠡ᠃ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠠᠴᠠ | ᠣᠳᠣᠬᠠᠨ ᠳᠤ ᠪᠦᠭᠦ ᠣᠷᠣᠨ ᠤ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠨᠢᠳᠤᠨᠤᠨ ᠤ ᠠᠳᠠᠯᠢ ᠬᠤᠭᠤᠴᠠᠭ᠎ᠠ | ᠪᠠ ᠡᠩ ᠤᠨ ᠵᠢᠯ ᠤᠨ ᠠᠳᠠᠯᠢ ᠬᠤᠭᠤᠴᠠᠭ᠎ᠠ ᠠᠴᠠ ᠢᠯᠡᠳᠲᠡ ᠰᠠᠶᠢᠨ ᠪᠠᠶᠢᠵᠤ᠂ ᠲᠠᠷᠢᠮᠠᠯ ᠤᠨ ᠤᠷᠭᠤᠯᠲᠠ ᠳᠤ | ᠠᠰᠢᠭᠲᠠᠢ ᠪᠠᠶᠢᠨ᠎ᠠ᠃ ᠡᠯ᠎ᠡ ᠭᠠᠵᠠᠷ ᠤᠨ ᠬᠢᠨ ᠲᠠᠷᠢᠶᠠᠨ ᠭᠠᠵᠠᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠴᠠᠭ | ᠲᠤᠨᠢ ᠲᠣᠬᠢᠷᠠᠭᠤᠯᠤᠨ ᠨᠡᠮᠡᠯᠲᠡ ᠪᠣᠷᠳᠣᠭᠤᠷ ᠣᠷᠣᠭᠤᠯᠵᠤ᠂ ᠲᠠᠷᠢᠮᠠᠯ ᠤᠨ ᠤᠨᠠᠯᠲᠠ ᠶᠢ ᠠᠬᠢᠭᠤᠯᠬᠤ ᠶᠢᠨ ᠬᠠᠮᠲᠤ | ᠲᠠᠷᠢᠶᠠᠨ ᠭᠠᠵᠠᠷ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠵᠦ ᠰᠡᠷᠭᠡᠶᠢᠯᠡᠨ ᠵᠠᠰᠠᠬᠤ ᠠᠵᠢᠯ ᠢ | ᠰᠠᠶᠢᠲᠤᠷ ᠬᠢᠵᠦ᠂ ᠡᠯ᠎ᠡ ᠲᠥᠷᠥᠯ ᠤᠨ ᠲᠠᠷᠢᠮᠠᠯ ᠤᠨ ᠬᠡᠪ ᠤᠨ ᠤᠷᠭᠤᠯᠲᠠ ᠶᠢ ᠦᠨᠡᠨ ᠬᠦ ᠪᠠᠲᠤᠯᠠᠬᠤ ᠴᠢᠬᠤᠯᠠᠲᠠᠢ | ᠬᠡᠮᠡᠨ ᠰᠠᠨᠠᠭᠤᠯᠵᠤ ᠪᠤᠢ᠃ | 8 ᠰᠠᠷ᠎ᠠ ᠶᠢᠨ ᠰᠡᠭᠦᠯᠴᠢ ᠪᠠᠷ ᠮᠠᠨ ᠤ ᠣᠷᠣᠨ ᠤ ᠪᠠᠷᠠᠭᠤᠨ ᠪᠡᠶ᠎ᠡ ᠶᠢᠨ ᠪᠠᠷᠠᠭᠤᠨ ᠬᠡᠰᠡᠭ ᠪᠠ ᠵᠡᠭᠦᠨ | ᠡᠮᠦᠨ᠎ᠡ ᠵᠡᠭᠦᠨ ᠪᠡᠶ᠎ᠡ ᠶᠢᠨ ᠭᠠᠵᠠᠷ ᠣᠷᠣᠨ ᠤ ᠬᠤᠷ᠎ᠠ ᠲᠤᠨᠳᠠᠰᠤᠨ ᠤ ᠬᠡᠮᠵᠢᠶ᠎ᠡ ᠡᠩ ᠤᠨ ᠵᠢᠯ ᠤᠨ ᠠᠳᠠᠯᠢ | ᠬᠤᠭᠤᠴᠠᠭᠠᠨ ᠤ ᠬᠢ ᠠᠴᠠ 200 - 400% ᠪᠠᠷ ᠨᠡᠮᠡᠭᠳᠡᠪᠡ᠃ ᠴᠠᠭ ᠠᠭᠤᠷ ᠤᠨ ᠰᠠᠯᠠᠭ᠎ᠠ ᠮᠥᠴᠢᠷ ᠠᠴᠠ | ᠬᠠᠮᠢᠶ᠎ᠠ ᠪᠦᠬᠦᠢ ᠭᠠᠵᠠᠷ ᠤᠨ ᠬᠢᠨ ᠰᠢᠷᠦᠭᠦᠨ ᠪᠣᠷᠣᠭᠠᠨ ᠵᠢᠴᠢ ᠴᠢᠩᠭ᠎ᠠ ᠰᠣᠯᠢᠭ ᠤᠷᠤᠰᠬᠠᠯᠲᠤ ᠴᠠᠭ ᠠᠭᠤᠷ ᠠᠴᠠ | ᠪᠣᠯᠵᠤ ᠮᠡᠳᠡᠬᠦ ᠬᠤᠲᠠ ᠶᠢᠨ ᠦᠶᠡᠷ ᠤᠰᠤᠳᠤᠯ᠂ ᠠᠭᠤᠯᠠᠨ ᠦᠶᠡᠷ᠂ ᠭᠠᠵᠠᠷ ᠤᠨ ᠭᠠᠮᠰᠢᠭ᠂ ᠳᠤᠮᠳᠠ ᠪᠠᠭ᠎ᠠ ᠭᠤᠣᠯ | ᠮᠥᠷᠡᠨ ᠤ ᠦᠶᠡᠷ ᠵᠡᠷᠭᠡ ᠭᠠᠢ ᠭᠠᠮᠰᠢᠭ ᠢ ᠠᠩᠬᠠᠷᠤᠨ ᠰᠡᠷᠭᠡᠶᠢᠯᠡᠬᠦ ᠴᠢᠬᠤᠯᠠᠲᠠᠢ ᠬᠡᠮᠡᠨ ᠰᠠᠨᠠᠭᠤᠯᠵᠤ ᠪᠠᠶᠢᠨ᠎ᠠ᠃ |