ᠡᠪᠦᠯ ᠤᠨ ᠤᠯᠠᠷᠢᠯ ᠳᠤ ᠲᠥᠯ ᠲᠤᠰᠬᠤ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2025/1/13
      ᠡᠪᠦᠯ ᠤᠨ ᠬᠤᠷᠠᠭ᠎ᠠ ᠭᠡᠳᠡᠭ ᠨᠢ ᠵᠢᠯ ᠪᠦᠷᠢ ᠶᠢᠨ 8 — 9 ᠰᠠᠷ᠎ᠠ ᠳᠤ ᠬᠡᠭᠡᠯᠲᠦᠭᠦᠯᠵᠦ᠂ ᠳᠠᠷᠠᠭ᠎ᠠ ᠵᠢᠯ ᠤᠨ 1 — 2 ᠰᠠᠷ᠎ᠠ ᠳᠤ ᠲᠥᠷᠥᠭᠰᠡᠨ ᠬᠤᠷᠠᠭ᠎ᠠ ᠶᠢ ᠬᠡᠯᠡᠵᠦ᠂ ᠲᠦᠷᠦᠬᠦ ᠳᠡᠭᠡᠨ ᠪᠡᠶ᠎ᠡ ᠪᠢᠯᠳᠠᠷ  ᠨᠢ ᠲᠣᠮᠣ᠂ ᠥᠰᠦᠯᠲᠡ ᠪᠤᠶᠢᠵᠢᠯᠲᠠ ᠨᠢ ᠲᠦᠷᠭᠡᠨ᠂ ᠡᠪᠡᠳᠴᠢᠨ ᠢ ᠡᠰᠡᠷᠭᠦᠴᠡᠬᠦ ᠴᠢᠳᠠᠪᠤᠷᠢ ᠨᠢ ᠴᠢᠩᠭ᠎ᠠ᠂ ᠲᠤᠬᠠᠢ ᠶᠢᠨ ᠵᠢᠯ ᠳᠡᠭᠡᠨ ᠪᠣᠷᠣᠯᠠᠭᠤᠯᠬᠤ᠂ ᠬᠤᠨᠢᠨ ᠰᠦᠷᠦᠭ ᠤᠨ ᠡᠷᠭᠢᠯᠲᠡ ᠶᠢ ᠲᠦᠷᠭᠡᠳᠬᠡᠬᠦ᠂ ᠪᠡᠯᠴᠢᠭᠡᠷ ᠤᠨ ᠳᠠᠷᠤᠯᠲᠠ ᠶᠢ ᠬᠥᠩᠭᠡᠷᠡᠭᠦᠯᠬᠦ ᠵᠡᠷᠭᠡ ᠳᠠᠪᠠᠭᠤᠯᠢᠭ ᠲᠠᠯ᠎ᠠ ᠲᠠᠢ ᠪᠠᠶᠢᠳᠠᠭ᠃ ᠭᠡᠪᠡᠴᠦ 1 — 2 ᠰᠠᠷ᠎ᠠ ᠳᠤ ᠥᠪᠥᠷ ᠮᠣᠩᠭᠤᠯ ᠤᠨ ᠠᠭᠠᠷ ᠤᠨ ᠳᠤᠯᠠᠭᠠᠨ ᠨᠡᠯᠢᠶᠡᠳ ᠳᠣᠣᠷ᠎ᠠ ᠪᠠᠶᠢᠵᠤ᠂ ᠡᠪᠦᠯ ᠤᠨ ᠬᠤᠷᠠᠭ᠎ᠠ ᠶᠢᠨ ᠪᠣᠶᠢᠵᠢᠭᠤᠯᠤᠯᠲᠠ ᠳᠤ ᠨᠢᠭᠡᠨ ᠬᠡᠮᠵᠢᠶᠡᠨ ᠤ ᠬᠦᠴᠢᠷᠳᠡᠯ ᠤᠴᠠᠷᠠᠭᠤᠯᠳᠠᠭ᠃ ᠡᠶᠢᠮᠦ ᠠᠴᠠ ᠬᠤᠷᠠᠭ᠎ᠠ ᠢᠰᠢᠭᠡ ᠶᠢ ᠰᠢᠨᠵᠢᠯᠡᠬᠦ ᠤᠬᠠᠭᠠᠨᠴᠢ ᠪᠠᠷ ᠪᠣᠶᠢᠵᠢᠭᠤᠯᠬᠤ ᠮᠡᠷᠭᠡᠵᠢᠯ ᠢ ᠡᠵᠡᠮᠰᠢᠬᠦ ᠨᠢ ᠨᠡᠩ ᠴᠢᠬᠤᠯᠠ ᠶᠤᠮ᠃      1. ᠲᠥᠯᠯᠡᠬᠦ ᠠᠴᠠ ᠡᠮᠦᠨᠡᠬᠢ ᠪᠡᠯᠡᠳᠬᠡᠯ      ᠲᠥᠯ ᠲᠤᠰᠬᠤ ᠬᠠᠰᠢᠶᠠᠨ ᠤ ᠳᠤᠯᠠᠭᠠᠨ ᠤ ᠬᠡᠮᠵᠢᠶ᠎ᠡ ᠶᠢ 0 — 5℃ ᠲᠤ ᠬᠦᠷᠭᠡᠵᠦ᠂ ᠬᠦᠢᠲᠡᠨ ᠤ ᠰᠡᠷᠡᠯᠵᠢᠯ ᠡᠭᠦᠰᠬᠦ ᠠᠴᠠ ᠰᠡᠷᠭᠡᠶᠢᠯᠡᠵᠦ᠂ ᠬᠤᠷᠠᠭ᠎ᠠ ᠶᠢ ᠦᠬᠦᠭᠦᠯᠬᠦ ᠠᠴᠠ ᠰᠡᠷᠭᠡᠶᠢᠯᠡᠨ᠎ᠡ᠃ ᠢᠯᠡ ᠭᠠᠯ ᠢᠶᠠᠷ ᠬᠠᠯᠠᠭᠤᠨ ᠢ ᠳᠡᠭᠡᠭᠰᠢᠯᠡᠭᠦᠯᠬᠦ ᠠᠴᠠ ᠵᠠᠶᠢᠯᠠᠰᠬᠢᠵᠦ᠂ ᠬᠤᠷᠠᠭ᠎ᠠ ᠢᠰᠢᠭᠡᠨ ᠤ ᠠᠭᠤᠰᠬᠢᠨ ᠦᠷᠪᠢᠰᠦᠯ ᠵᠡᠷᠭᠡ ᠡᠪᠡᠳᠴᠢᠨ ᠳᠤ ᠨᠡᠷᠪᠡᠭᠳᠡᠬᠦ ᠠᠴᠠ ᠰᠡᠷᠭᠡᠶᠢᠯᠡᠨ᠎ᠡ᠃ ᠡᠭᠦᠨ ᠠᠴᠠ ᠭᠠᠳᠠᠨ᠎ᠠ᠂ ᠲᠥᠯ ᠲᠤᠰᠬᠤ ᠬᠠᠰᠢᠶᠠᠨ ᠤ ᠬᠠᠵᠠᠭᠤ ᠳᠤ ᠨᠢᠭᠡᠨ ᠳᠤᠯᠠᠭᠠᠨ ᠥᠷᠥᠭᠡ ᠪᠡᠯᠡᠳᠬᠡᠵᠦ᠂ ᠰᠠᠶ᠋ᠢ ᠲᠥᠷᠥᠭᠰᠡᠨ ᠬᠤᠷᠠᠭ᠎ᠠ ᠪᠠ ᠨᠢᠯᠬ᠎ᠠ ᠪᠠᠭᠤᠷᠠᠢ ᠬᠤᠷᠠᠭ᠎ᠠ ᠶᠢ ᠲᠦᠷᠭᠡᠨ ᠠᠪᠤᠷᠠᠬᠤ ᠪᠠᠷ ᠬᠡᠷᠡᠭᠯᠡᠬᠦ ᠳᠤ ᠪᠡᠯᠡᠳᠬᠡᠨ᠎ᠡ᠃ ᠬᠤᠷᠠᠭᠠᠯᠠᠬᠤ ᠠᠴᠠ ᠡᠮᠦᠨᠡᠬᠢ 3 — 5 ᠡᠳᠦᠷ ᠲᠤ ᠡᠷᠬᠡᠪᠰᠢ ᠬᠦᠷᠢᠶ᠎ᠡ ᠬᠠᠰᠢᠶ᠎ᠠ᠂ ᠲᠡᠵᠢᠭᠡᠯ ᠪᠣᠷᠳᠣᠭᠠᠨ ᠤ ᠲᠠᠯᠪᠢᠭᠤᠷ᠂ ᠲᠥᠯ ᠲᠣᠰᠬᠤ ᠬᠠᠰᠢᠶ᠎ᠠ ᠵᠡᠷᠭᠡ ᠶᠢ ᠠᠷᠢᠭᠤᠳᠬᠠᠵᠤ᠂ 5% ᠶᠢᠨ ᠬᠤᠵᠢᠷᠯᠢᠭ ᠤᠰᠤ ᠪᠠᠷ 2 — 3 ᠤᠳᠠᠭ᠎ᠠ ᠠᠷᠢᠭᠤᠳᠬᠠᠨ᠎ᠠ᠃ ᠭᠦᠢᠴᠡᠳ ᠬᠡᠮᠵᠢᠶᠡᠨ ᠤ ᠬᠠᠭᠤᠷᠠᠢ ᠡᠪᠡᠰᠦ ᠪᠠ ᠨᠠᠷᠢᠯᠢᠭ ᠪᠣᠷᠳᠤᠭ᠎ᠠ ᠪᠡᠯᠡᠳᠬᠡᠵᠦ᠂ ᠡᠮ᠎ᠡ ᠬᠤᠨᠢᠨ ᠤ ᠬᠤᠷᠠᠭᠠᠯᠠᠭᠰᠠᠨ ᠤ ᠳᠠᠷᠠᠭᠠᠬᠢ ᠪᠡᠶ᠎ᠡ ᠶᠢᠨ ᠰᠡᠷᠭᠦᠭᠡᠯᠲᠡ ᠵᠢᠴᠢ ᠬᠥᠬᠦᠭᠦᠯ ᠬᠤᠷᠠᠭ᠎ᠠ ᠳᠤ ᠬᠡᠷᠡᠭᠰᠡᠬᠦ ᠰᠢᠮ᠎ᠡ ᠲᠡᠵᠢᠭᠡᠯ ᠢ ᠬᠠᠩᠭᠠᠨ᠎ᠠ᠃      2. ᠲᠥᠯ ᠲᠣᠰᠬᠤ       ᠡᠬᠡ ᠬᠤᠨᠢᠨ ᠤ ᠬᠥᠬᠦᠨ ᠤ ᠲᠣᠭᠤᠷᠢᠨ ᠳᠠᠬᠢ ᠪᠠ ᠬᠤᠶᠢᠲᠤ ᠮᠥᠴᠢ ᠶᠢᠨ ᠳᠣᠲᠣᠷ᠎ᠠ ᠲᠠᠯ᠎ᠠ ᠶᠢᠨᠦᠰᠦ ᠶᠢ ᠨᠢ ᠬᠠᠶᠢᠴᠢᠯᠠᠵᠤ᠂ ᠪᠦᠯᠢᠶᠡᠨ ᠤᠰᠤ ᠪᠠᠷ ᠤᠬᠢᠶᠠᠨ ᠴᠡᠪᠡᠷᠯᠡᠭᠡᠳ ᠳᠠᠬᠢᠨ ᠬᠡᠳᠦᠨ ᠳᠤᠰᠤᠯ ᠤᠭᠤᠷᠠᠭ ᠰᠦ ᠶᠢ ᠨᠢ ᠰᠠᠭᠠᠵᠤ᠂ ᠪᠤᠵᠠᠷ ᠦᠰᠦ ᠰᠠᠶ᠋ᠢ ᠲᠥᠷᠥᠭᠰᠡᠨ ᠬᠤᠷᠠᠭ᠎ᠠ ᠢᠰᠢᠭᠡ  ᠶᠢᠨ ᠬᠦᠬᠦᠬᠦ ᠶᠢ ᠨᠢ ᠬᠠᠷᠰᠢᠯᠠᠬᠤ ᠠᠴᠠ ᠬᠢᠴᠢᠶᠡᠨ᠎ᠡ᠃ ᠡᠮ᠎ᠡ ᠬᠤᠨᠢᠨ ᠤ ᠭᠠᠳᠠᠷ ᠪᠡᠯᠭᠡ᠂ ᠬᠤᠰᠬᠢᠨᠠᠭ᠂ ᠰᠡᠭᠦᠯ ᠤᠨ ᠤᠭ ᠢ ᠨᠢ ᠤᠬᠢᠶᠠᠨ ᠴᠡᠪᠡᠷᠯᠡᠵᠦ᠂ ᠳᠠᠬᠢᠨ ᠠᠷᠢᠭᠤᠳᠬᠠᠬᠤ ᠰᠢᠩᠭᠡᠨ ᠢᠶᠠᠷ ᠠᠷᠢᠭᠤᠳᠬᠠᠨ᠎ᠠ᠃ ᠡᠮ᠎ᠡ ᠬᠤᠨᠢ ᠬᠡᠪ ᠤᠨ ᠪᠠᠶᠢᠳᠠᠯ ᠢᠶᠠᠷ ᠬᠤᠷᠠᠭᠠᠯᠠᠬᠤ ᠦᠶ᠎ᠡ᠂ ᠬᠡᠬᠡᠢ ᠶᠢᠨ ᠪᠦᠷᠬᠦᠪᠴᠢ ᠬᠠᠭᠠᠷᠠᠭᠰᠠᠨ ᠤ ᠳᠠᠷᠠᠭ᠎ᠠ 10 — 30 ᠮᠢᠨᠦ᠋ᠲ ᠶᠢᠨ ᠳᠠᠷᠠᠭ᠎ᠠ ᠬᠤᠷᠠᠭᠠᠯᠠᠴᠢᠬᠠᠳᠠᠭ᠃ ᠢᠬᠡᠷᠡᠯᠡᠪᠡᠯ ᠤᠷᠢᠳ ᠬᠤᠵᠢᠳ ᠪᠠᠷᠤᠭ 5 — 30 ᠮᠢᠨᠦ᠋ᠲ ᠶᠢᠨ ᠵᠠᠢ ᠲᠠᠢ᠃ ᠡᠮ᠎ᠡ ᠬᠤᠨᠢ ᠨᠢᠭᠡ ᠬᠤᠷᠠᠭ᠎ᠠ ᠬᠤᠷᠠᠭᠠᠯᠠᠴᠢᠬᠠᠭᠠᠳ ᠬᠡᠳᠦᠨ ᠮᠢᠨᠦ᠋ᠲ ᠶᠢᠨ ᠳᠠᠷᠠᠭ᠎ᠠ ᠮᠥᠨ ᠯᠡ ᠬᠡᠪᠲᠡᠭᠡᠳ ᠳᠥᠯᠡᠬᠦ ᠪᠠᠶᠢᠳᠠᠯ ᠲᠠᠢ ᠪᠠᠶᠢᠪᠠᠯ ᠪᠠᠰᠠ ᠬᠤᠷᠠᠭᠠᠯᠠᠬᠤ ᠡᠰᠡᠬᠦ ᠶᠢ ᠨᠢ ᠪᠠᠶᠢᠴᠠᠭᠠᠵᠤ᠂ ᠭᠠᠷ ᠤᠨ ᠠᠯᠠᠭ᠎ᠠ ᠪᠠᠷ ᠢᠶᠠᠨ ᠡᠮ᠎ᠡ ᠬᠤᠨᠢᠨ ᠤ ᠬᠡᠪᠡᠯᠢ ᠶᠢᠨ ᠡᠮᠦᠨ᠎ᠡ ᠲᠠᠯ᠎ᠠ  ᠶᠢ ᠵᠣᠬᠢᠰᠲᠠᠢ ᠪᠠᠷ ᠡᠷᠭᠦᠵᠦ ᠦᠵᠡᠵᠦ ᠪᠣᠯᠣᠨ᠎ᠠ᠂ ᠬᠡᠷᠪᠡ ᠢᠬᠡᠷ᠎ᠡ ᠲᠥᠯ ᠲᠠᠢ ᠪᠣᠯ ᠮᠡᠳᠡᠭᠳᠡᠨ᠎ᠡ᠃      3. ᠬᠤᠷᠠᠭᠠᠯᠠᠭᠰᠠᠨ ᠤ ᠳᠠᠷᠠᠭᠠᠬᠢ ᠠᠷᠠᠴᠢᠯᠠᠭ᠎ᠠ       ᠬᠤᠷᠠᠭᠠᠯᠠᠭᠰᠠᠨ ᠤ ᠳᠠᠷᠠᠭ᠎ᠠ ᠡᠮ᠎ᠡ ᠬᠤᠨᠢ ᠶᠢ ᠴᠢᠳᠠᠬᠤ ᠶᠢᠨ ᠬᠢᠷᠢ ᠪᠠᠷ ᠵᠣᠭᠰᠣᠭᠠᠵᠤ᠂ ᠢᠩᠭᠢᠬᠦ ᠨᠢ ᠰᠠᠪᠠᠨ ᠠᠴᠠ ᠴᠢᠰᠤ ᠭᠠᠷᠬᠤ ᠶᠢ ᠪᠠᠭᠠᠰᠬᠠᠵᠤ᠂ ᠦᠷᠡᠵᠢᠯ ᠤᠨ ᠡᠷᠬᠡᠲᠡᠨ ᠢ ᠬᠡᠪ ᠲᠤᠨᠢ ᠣᠷᠣᠭᠤᠯᠬᠤ ᠳᠤ ᠠᠰᠢᠭᠲᠠᠢ᠂ ᠪᠠᠰᠠ ᠬᠡᠦᠬᠡᠨ ᠬᠡᠪᠲᠡᠰᠢ ᠶᠢᠨ ᠮᠤᠯᠲᠤᠷᠠᠬᠤ ᠠᠴᠠ ᠰᠡᠷᠭᠡᠶᠢᠯᠡᠨ᠎ᠡ᠃ ᠬᠤᠶᠢᠲᠤᠬᠢ ᠨᠢ ᠬᠤᠷᠠᠭᠠᠯᠠᠭᠰᠠᠨ  ᠤ ᠳᠠᠷᠠᠭ᠎ᠠ 3 ᠴᠠᠭ ᠣᠷᠴᠢᠮ ᠢᠶᠠᠷ ᠥᠪᠡᠷᠲᠡᠭᠡᠨ ᠭᠠᠳᠠᠭᠰᠢᠯᠠᠵᠤ᠂ ᠬᠤᠶᠢᠲᠤᠬᠢ ᠶᠢ  ᠨᠢ ᠴᠠᠭ ᠲᠤᠬᠠᠢ ᠳᠤᠨᠢ ᠴᠡᠪᠡᠷᠯᠡᠵᠦ᠂ ᠡᠮ᠎ᠡ ᠬᠤᠨᠢᠨ ᠤ ᠬᠤᠶᠢᠲᠤᠬᠢ ᠪᠠᠨ ᠢᠳᠡᠵᠦ ᠡᠪᠡᠳᠴᠢᠨ ᠡᠭᠦᠰᠬᠦ ᠠᠴᠠ ᠰᠡᠷᠭᠡᠶᠢᠯᠡᠬᠦ ᠬᠡᠷᠡᠭᠲᠡᠢ᠃ ᠡᠮ᠎ᠡ ᠬᠤᠨᠢ ᠶᠢ ᠬᠤᠷᠠᠭᠠᠯᠠᠭᠰᠠᠨ ᠤ ᠳᠠᠷᠠᠭ᠎ᠠ ᠠᠮᠠᠷᠠᠭᠤᠯᠬᠤ ᠶᠢ ᠠᠩᠬᠠᠷᠴᠤ᠂ ᠪᠦᠯᠢᠶᠡᠨ ᠤᠰᠤ ᠤᠤᠭᠤᠯᠭᠠᠨ᠎ᠠ᠂ ᠬᠥᠩᠭᠡᠵᠢᠭᠰᠡᠨ ᠤ ᠳᠠᠷᠠᠭ᠎ᠠ 1 — 3 ᠡᠳᠦᠷ ᠲᠤ ᠨᠠᠷᠢᠯᠢᠭ ᠪᠣᠷᠳᠤᠭ᠎ᠠ ᠶᠢ ᠬᠡᠲᠦᠷᠬᠡᠢ ᠠᠷᠪᠢᠨ ᠲᠡᠵᠢᠭᠡᠵᠦ ᠪᠣᠯᠬᠤ ᠦᠭᠡᠢ᠂ ᠬᠥᠬᠦᠨ ᠤ ᠦᠷᠪᠢᠰᠦᠯ ᠡᠭᠦᠰᠬᠦ ᠠᠴᠠ ᠰᠡᠷᠭᠡᠶᠢᠯᠡᠨ᠎ᠡ᠃ ᠴᠢᠨᠠᠷ ᠰᠠᠶᠢᠲᠠᠢ᠂ ᠰᠢᠩᠭᠡᠭᠡᠬᠦ ᠳᠤ ᠬᠢᠯᠪᠠᠷ ᠲᠡᠵᠢᠭᠡᠯ ᠪᠣᠷᠳᠤᠭ᠎ᠠ ᠬᠡᠪᠡᠭ ᠪᠠ ᠬᠠᠭᠤᠷᠠᠢ ᠨᠣᠭᠤᠭᠠᠨ ᠡᠪᠡᠰᠦ ᠶᠢ ᠪᠠᠭ᠎ᠠ ᠰᠠᠭ᠎ᠠ ᠲᠡᠵᠢᠭᠡᠵᠦ ᠪᠣᠯᠣᠨ᠎ᠠ᠃ ᠴᠢᠬᠢᠭ ᠠᠴᠠ ᠰᠡᠷᠭᠡᠶᠢᠯᠡᠬᠦ᠂ ᠬᠦᠢᠲᠡᠨ ᠠᠴᠠ ᠰᠡᠷᠭᠡᠶᠢᠯᠡᠬᠦ᠂ ᠰᠠᠯᠬᠢᠨ ᠠᠴᠠ ᠰᠡᠷᠭᠡᠶᠢᠯᠡᠬᠦ᠂ ᠲᠠᠭᠰᠢᠭᠤᠷ ᠠᠴᠠ ᠰᠡᠷᠭᠡᠶᠢᠯᠡᠬᠦ ᠶᠢ ᠠᠩᠬᠠᠷᠬᠤ ᠬᠡᠷᠡᠭᠲᠡᠢ᠃ ᠬᠥᠬᠦᠭᠦᠯᠬᠦ ᠬᠤᠭᠤᠴᠠᠭᠠᠨ ᠳᠤ ᠬᠠᠰᠢᠶᠠᠨ ᠤ ᠠᠷᠢᠭᠤᠨ ᠴᠡᠪᠡᠷ᠂ ᠬᠠᠭᠤᠷᠠᠢ ᠪᠠᠶᠢᠬᠤ ᠶᠢ ᠪᠠᠲᠤᠯᠠᠵᠤ᠂ ᠣᠯᠪᠣᠭ ᠡᠪᠡᠰᠦ ᠶᠢ  ᠨᠢ ᠦᠷᠭᠦᠯᠵᠢ ᠰᠣᠯᠢᠵᠤ ᠥᠭᠭᠦᠨ᠎ᠡ᠃      4. ᠬᠤᠷᠠᠭᠠᠨ ᠳᠤ ᠤᠭᠤᠷᠠᠭ ᠬᠦᠬᠦᠭᠦᠯᠬᠦ        ᠬᠤᠷᠠᠭ᠎ᠠ ᠲᠥᠷᠥᠭᠰᠡᠨ ᠤ ᠳᠠᠷᠠᠭ᠎ᠠ ᠠᠯᠢ ᠲᠦᠷᠭᠡᠨ ᠢᠶᠠᠷ ᠤᠭᠤᠷᠠᠭ ᠰᠦ ᠢᠳᠡᠭᠦᠯᠪᠡᠯ ᠵᠣᠬᠢᠨ᠎ᠠ᠂ ᠤᠭᠤᠷᠠᠭ ᠰᠦᠨ ᠤ ᠰᠢᠮ᠎ᠡ ᠲᠡᠵᠢᠭᠡᠯ ᠤᠨ ᠪᠣᠳᠠᠰ ᠡᠯᠪᠡᠭ᠂ ᠦᠯᠦ ᠬᠠᠯᠳᠠᠭᠠᠬᠤ ᠪᠥᠮᠪᠥᠭᠡᠨ ᠤᠭᠤᠷᠠᠭ ᠪᠠ ᠮᠠᠭᠨᠢ ᠶᠢᠨ ᠳᠠᠪᠤᠰᠤ ᠡᠯᠪᠡᠭ ᠠᠭᠤᠯᠤᠭᠳᠠᠵᠤ᠂ ᠰᠢᠩᠭᠡᠭᠡᠯᠲᠡ ᠶᠢᠨ ᠵᠠᠮ ᠤᠨ ᠳᠣᠲᠣᠷᠠᠬᠢ ᠡᠪᠡᠳᠴᠢᠨ ᠤ ᠪᠠᠺᠲ᠋ᠧᠷᠢ ᠶᠢᠨ ᠦᠷᠡᠵᠢᠬᠦ ᠶᠢ ᠬᠤᠷᠢᠭᠯᠠᠵᠤ᠂ ᠪᠡᠶ᠎ᠡ ᠮᠠᠬᠠᠪᠤᠳ ᠢ ᠴᠢᠭᠢᠷᠠᠭᠵᠢᠭᠤᠯᠤᠨ᠂ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠤᠩᠭᠠᠭ ᠶᠢ  ᠨᠢ ᠭᠠᠳᠠᠭᠰᠢᠯᠠᠭᠤᠯᠤᠨ᠎ᠠ᠃ ᠲᠤᠷᠠᠩᠬᠠᠢ ᠬᠤᠷᠠᠭ᠎ᠠ᠂ ᠰᠦᠨ ᠳᠤ ᠴᠠᠳᠤᠭᠰᠠᠨ ᠦᠭᠡᠢ ᠬᠤᠷᠠᠭ᠎ᠠ᠂ ᠥᠨᠥᠴᠢᠨ ᠬᠤᠷᠠᠭ᠎ᠠ᠂ ᠡᠮ᠎ᠡ ᠬᠤᠨᠢ ᠪᠠ ᠬᠤᠷᠠᠭ᠎ᠠ ᠪᠠᠨ ᠭᠤᠯᠣᠳᠠᠭ ᠡᠮ᠎ᠡ ᠬᠤᠨᠢ ᠳᠤ ᠬᠥᠬᠦᠭᠦᠯ ᠬᠤᠨᠢ ᠪᠤᠶᠤ ᠬᠥᠮᠥᠨ ᠤ ᠬᠦᠴᠦ ᠪᠠᠷ ᠬᠠᠪᠰᠤᠷᠤᠨ ᠬᠥᠬᠦᠭᠦᠯᠬᠦ ᠬᠡᠷᠡᠭᠲᠡᠢ᠃      5. ᠡᠮ᠎ᠡ ᠬᠤᠨᠢ ᠪᠠ ᠬᠤᠷᠠᠭ᠎ᠠ ᠶᠢ ᠠᠰ ᠲᠤᠨᠢ ᠲᠡᠵᠢᠭᠡᠬᠦ      ᠬᠤᠷᠠᠭ᠎ᠠ ᠢᠰᠢᠭᠡ ᠶᠢ ᠲᠥᠷᠥᠭᠰᠡᠨ ᠤ ᠳᠠᠷᠠᠭ᠎ᠠ᠂ ᠬᠤᠷᠠᠭᠠᠯᠠᠭᠰᠠᠨ ᠬᠤᠨᠢ ᠪᠠ ᠬᠤᠷᠠᠭ᠎ᠠ ᠪᠠᠨ ᠪᠤᠰᠤᠳ ᠬᠤᠨᠢ ᠠᠴᠠ ᠰᠠᠯᠭᠠᠵᠤ᠂ ᠨᠠᠭᠠᠲᠤ ᠵᠠᠬ᠎ᠠ ᠳᠠᠭᠠᠨ 24 ᠴᠠᠭ ᠢᠶᠠᠷ ᠠᠰ ᠲᠤᠨᠢ ᠲᠡᠵᠢᠭᠡᠵᠦ᠂ ᠪᠤᠰᠤᠳ ᠬᠤᠨᠢᠨ ᠤ ᠦᠨᠦᠷ ᠢᠶᠠᠷ ᠡᠮ᠎ᠡ ᠬᠤᠨᠢᠨ ᠤ ᠮᠠᠭᠠᠳᠯᠠᠯᠲᠠ ᠶᠢ ᠬᠠᠷᠰᠢᠯᠠᠵᠤ᠂ ᠡᠮ᠎ᠡ ᠬᠤᠨᠢ  ᠨᠢ ᠬᠤᠷᠠᠭ᠎ᠠ ᠪᠠᠨ ᠬᠥᠬᠦᠭᠦᠯᠬᠦ ᠳᠤᠷ᠎ᠠ ᠦᠭᠡᠢ ᠭᠤᠯᠣᠬᠤ ᠠᠴᠠ ᠰᠡᠷᠭᠡᠶᠢᠯᠡᠨ᠎ᠡ᠃      6. ᠲᠡᠵᠢᠭᠡᠯ ᠪᠣᠷᠳᠤᠭ᠎ᠠ ᠨᠥᠬᠦᠪᠦᠷᠢᠯᠡᠬᠦ ᠪᠠ ᠡᠪᠡᠰᠦ ᠪᠣᠷᠳᠤᠭ᠎ᠠ ᠢᠳᠡᠬᠦ ᠶᠢ ᠪᠣᠯᠪᠠᠰᠤᠷᠠᠭᠤᠯᠬᠤ      ᠬᠤᠷᠠᠭ᠎ᠠ ᠢᠰᠢᠭᠡ ᠲᠥᠷᠥᠭᠡᠳ ᠬᠠᠭᠠᠰ ᠰᠠᠷ᠎ᠠ ᠪᠣᠯᠤᠭᠰᠠᠨ ᠤ ᠳᠠᠷᠠᠭ᠎ᠠ ᠡᠪᠡᠰᠦ ᠪᠣᠷᠳᠤᠭ᠎ᠠ ᠢᠳᠡᠭᠦᠯᠬᠦ ᠪᠣᠯᠪᠠᠰᠤᠷᠠᠯ ᠬᠢᠬᠦ ᠬᠡᠷᠡᠭᠲᠡᠢ᠃ ᠡᠬᠢᠨ ᠳᠡᠭᠡᠨ ᠴᠢᠨᠠᠭᠰᠠᠨ ᠰᠢᠷ᠎ᠠ ᠯᠤᠤᠪᠠᠩ᠂ ᠨᠣᠭᠤᠭᠠᠨ ᠤ ᠨᠠᠪᠴᠢ ᠪᠠ ᠴᠢᠨᠠᠷ ᠰᠠᠶᠢᠲᠠᠢ ᠨᠣᠭᠤᠭᠠᠨ ᠡᠪᠡᠰᠦ ᠶᠢ ᠪᠠᠭ᠎ᠠ ᠰᠠᠭ᠎ᠠ ᠢᠳᠡᠭᠦᠯᠵᠦ᠂ ᠪᠤᠯᠭᠤᠭᠰᠠᠨ ᠬᠠᠷ᠎ᠠ ᠪᠤᠷᠴᠠᠭ᠂ ᠪᠤᠷᠴᠠᠭ ᠤᠨ ᠪᠣᠣᠪᠤ᠂ ᠡᠷᠳᠡᠨᠢ ᠰᠢᠰᠢ᠂ ᠰᠢᠰᠢ ᠵᠡᠷᠭᠡ ᠬᠤᠯᠢᠮᠠᠭ ᠪᠣᠷᠳᠤᠭ᠎ᠠ ᠳᠤ ᠠᠭᠠᠵᠢᠮ ᠢᠶᠠᠷ ᠰᠢᠯᠵᠢᠨ ᠣᠷᠣᠨ᠎ᠠ᠃      7. ᠸᠠᠺᠼᠢᠨ ᠤ ᠲᠠᠷᠢᠯᠭ᠎ᠠ      ᠬᠤᠷᠠᠭ᠎ᠠ ᠢᠰᠢᠭᠡ ᠶᠢ ᠲᠥᠷᠥᠭᠰᠡᠨ ᠤ ᠳᠠᠷᠠᠭ᠎ᠠ ᠴᠠᠭ ᠲᠤᠬᠠᠢ ᠳᠤᠨᠢ ᠸᠠᠺᠼᠢᠨ ᠤ ᠲᠠᠷᠢᠯᠭ᠎ᠠ ᠬᠢᠬᠦ ᠬᠡᠷᠡᠭᠲᠡᠢ᠂ ᠵᠢᠱᠢᠶᠡᠯᠡᠪᠡᠯ ᠭᠤᠷᠪᠠ ᠶᠢ ᠬᠤᠯᠪᠣᠵᠤ ᠳᠥᠷᠪᠡ ᠶᠢ ᠰᠡᠷᠭᠡᠶᠢᠯᠡᠬᠦ ᠸᠠᠺᠼᠢᠨ ᠤ ᠲᠠᠷᠢᠯᠭ᠎ᠠ ᠬᠢᠵᠦ᠂ ᠦᠷᠭᠦᠯᠵᠢ ᠲᠣᠬᠢᠶᠠᠯᠳᠤᠬᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ᠎ᠡ᠃      8. ᠵᠣᠬᠢᠰᠲᠠᠢ ᠬᠥᠳᠡᠯᠭᠡᠭᠡᠨ ᠬᠢᠬᠦ      ᠬᠤᠷᠠᠭ᠎ᠠ ᠢᠰᠢᠭᠡ ᠲᠥᠷᠥᠭᠡᠳ 7 — 10 ᠡᠳᠦᠷ ᠪᠣᠯᠤᠭᠰᠠᠨ ᠤ ᠳᠠᠷᠠᠭ᠎ᠠ ᠬᠠᠰᠢᠶᠠᠨ ᠤ ᠭᠠᠳᠠᠨ᠎ᠠ ᠨᠡᠷᠡᠨ ᠳᠤ ᠡᠭᠡᠭᠡᠵᠦ᠂ ᠠᠭᠠᠵᠢᠮ ᠢᠶᠠᠷ ᠨᠡᠷᠡᠨ ᠳᠤ ᠡᠭᠡᠭᠡᠬᠦ ᠴᠠᠭ ᠢ ᠤᠷᠲᠤᠳᠬᠠᠵᠤ᠂ ᠠᠷᠤᠭ ᠶᠠᠰᠤᠨ ᠤ ᠪᠤᠶᠢᠵᠢᠯᠲᠠ ᠪᠠ ᠭᠠᠳᠠᠭᠠᠳᠤ ᠣᠷᠴᠢᠨ ᠳᠤ ᠵᠣᠬᠢᠴᠠᠬᠤ ᠶᠢ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号