ᠴᠠᠭ ᠮᠥᠴᠡ ᠶᠢᠨ ︽ᠲᠢᠭ᠋ ᠲᠠᠭ︾ ᠭᠡᠬᠦ ᠲᠠᠭᠤᠨ ᠤ ᠳᠤᠮᠳᠠ᠂ ᠵᠢᠯ ᠤᠨ ᠳᠠᠷᠠᠭᠠᠯᠠᠯ ᠰᠣᠯᠢᠭᠳᠠᠵᠤ᠂ ᠰᠢᠨ᠎ᠡ | ᠨᠢᠭᠡ ᠵᠢᠯ ᠳᠡᠭᠡᠨ ᠣᠷᠣᠯ᠎ᠠ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ | ᠪᠠᠶᠢᠴᠠᠭᠠᠯᠲᠠ ᠶᠢᠨ ᠠᠯᠪᠠᠨ ᠭᠡᠷ ᠤᠨ ᠲᠤᠰᠬᠠᠢ ᠠᠩᠭᠢ ᠲᠠᠰᠤᠷᠠᠯᠲᠠ ᠦᠭᠡᠢ ᠠᠵᠢᠯᠯᠠᠵᠤ᠂ ᠪᠥᠬᠦ ᠣᠷᠣᠨ ᠤ ᠬᠥᠷᠥᠰᠥ | ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠲᠦᠷᠭᠡᠳᠬᠡᠨ ᠠᠬᠢᠭᠤᠯᠬᠤ ᠶᠢᠨ ᠲᠥᠯᠥᠭᠡ᠂ | 2025 ᠣᠨ ᠤ 1 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ | ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠤᠨ ᠲᠤᠰᠬᠠᠢ ᠠᠩᠭᠢ ᠠᠴᠠ ᠭᠤᠷᠪᠠᠳᠤᠭᠠᠷ ᠤᠳᠠᠭᠠᠨ ᠤ | ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠤᠨ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠪᠠ᠃ ᠬᠤᠷᠠᠯ ᠢ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ | ᠪᠠᠶᠢᠴᠠᠭᠠᠯᠲᠠ ᠶᠢᠨ ᠠᠯᠪᠠᠨ ᠭᠡᠷ ᠤᠨ ᠲᠤᠰᠬᠠᠢ ᠠᠩᠭᠢ ᠶᠢᠨ ᠬᠠᠷᠢᠭᠤᠴᠠᠯᠭᠠᠲᠠᠨ ᠭᠤᠸ ᠹᠠᠨ ᠱᠧᠨ ᠭᠠᠵᠠᠷ ᠤᠨ | ᠳᠠᠷᠤᠭ᠎ᠠ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ | ᠠᠯᠪᠠᠨ ᠭᠡᠷ ᠤᠨ ᠲᠤᠰᠬᠠᠢ ᠠᠩᠭᠢ ᠶᠢᠨ ᠪᠥᠬᠦ ᠠᠵᠢᠯᠲᠠᠨ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ ᠬᠡᠭᠡᠷ᠎ᠡ ᠶᠢᠨ ᠪᠠᠶᠢᠴᠠᠭᠠᠯᠲᠠ ᠶᠢᠨ ᠥᠯᠢᠭᠡᠷ ᠡᠳ᠋ ᠠᠪᠬᠤ ᠳᠤᠭᠤᠶᠢᠯᠠᠩ᠂ ᠳᠣᠲᠣᠭᠠᠳᠤ | ᠠᠵᠢᠯ ᠲᠥᠷᠥᠯ ᠤᠨ ᠲᠠᠪᠴᠠᠩ ᠤᠨ ᠳᠤᠭᠤᠶᠢᠯᠠᠩ᠂ ᠬᠤᠵᠢᠷᠯᠢᠭ ᠭᠠᠵᠠᠷ ᠤᠨ ᠲᠤᠰᠬᠠᠢ ᠰᠡᠳᠦᠪᠲᠦ ᠪᠠᠶᠢᠴᠠᠭᠠᠯᠲᠠ ᠪᠠ | ᠶᠠᠰᠤ ᠴᠢᠨᠠᠷ ᠢ ᠡᠵᠡᠮᠳᠡᠬᠦ ᠳᠤᠭᠤᠶᠢᠯᠠᠩ ᠤᠨ ᠠᠵᠢᠯᠲᠠᠨ ᠲᠣᠰ ᠲᠣᠰ ᠣᠳᠣᠬᠠᠨ ᠤ ᠠᠵᠢᠯ ᠤᠨ ᠠᠬᠢᠴᠠ ᠪᠠᠨ | ᠬᠠᠷᠢᠭᠤ ᠮᠡᠳᠡᠭᠦᠯᠪᠡ᠃ ᠬᠡᠭᠡᠷ᠎ᠡ ᠶᠢᠨ ᠪᠠᠶᠢᠴᠠᠭᠠᠯᠲᠠ ᠶᠢᠨ ᠥᠯᠢᠭᠡᠷ ᠡᠳ᠋ ᠠᠪᠬᠤ ᠲᠠᠯ᠎ᠠ ᠪᠠᠷ᠂ ᠭᠠᠳᠠᠷᠭᠤ ᠥᠯᠢᠭᠡᠷ | ᠡᠳ᠋ ᠢ ᠨᠢᠭᠡᠨᠲᠡ ᠪᠡᠶᠡᠯᠡᠭᠦᠯᠵᠦ᠂ ᠴᠥᠮ ᠪᠠᠶᠢᠴᠠᠭᠠᠯᠲᠠ ᠶᠢᠨ ᠥᠯᠢᠭᠡᠷ ᠡᠳ᠋ ᠠᠪᠬᠤ ᠶᠢᠨ ᠬᠠᠮᠲᠤ ᠲᠠᠪᠴᠠᠩ ᠳᠤ | ᠳᠠᠮᠵᠢᠭᠤᠯᠵᠤ᠂ ᠬᠡᠷᠴᠢᠯᠡᠭᠡᠰᠦ ᠶᠢᠨ ᠥᠯᠢᠭᠡᠷ ᠡᠳ᠋ ᠢ ᠡᠯ᠎ᠡ ᠥᠯᠢᠭᠡᠷ ᠡᠳ᠋ ᠤᠨ ᠨᠢᠭᠡᠴᠡ ᠠᠴᠠ ᠥᠪᠡᠷ ᠢᠶᠠᠨ | ᠪᠠᠶᠢᠴᠠᠭᠠᠭᠰᠠᠨ ᠤ ᠳᠠᠷᠠᠭ᠎ᠠ ᠪᠠᠰᠠ 18 ᠥᠯᠢᠭᠡᠷ ᠡᠳ᠋ ᠤᠨ ᠴᠡᠭ ᠢ ᠴᠠᠭ ᠠᠭᠤᠷ ᠤᠨ ᠠᠰᠠᠭᠤᠳᠠᠯ ᠠᠴᠠ ᠪᠣᠯᠵᠤ | ᠳᠠᠭᠢᠵᠤ ᠴᠤᠭᠯᠠᠭᠤᠯᠬᠤ ᠶᠢ ᠪᠡᠶᠡᠯᠡᠭᠦᠯᠵᠦ ᠳᠡᠶᠢᠯᠦᠭᠰᠡᠨ ᠦᠭᠡᠢ᠂ ᠨᠢᠭᠡᠨᠲᠡ 65 ᠬᠤᠰᠢᠭᠤ ᠰᠢᠶᠠᠨ ᠬᠡᠭᠡᠷ᠎ᠡ ᠶᠢᠨ | ᠰᠢᠯᠭᠠᠨ ᠠᠪᠬᠤ ᠶᠢ ᠪᠡᠶᠡᠯᠡᠭᠦᠯᠵᠦ᠂ ᠥᠯᠢᠭᠡᠷ ᠡᠳ᠋ ᠤᠨ 70% ᠶᠢ ᠬᠦᠮᠦᠷᠭᠡᠯᠡᠵᠦ᠂ ᠪᠦᠬᠦᠯᠢ ᠬᠡᠰᠡᠭ ᠤᠨ ᠥᠯᠢᠭᠡᠷ | ᠡᠳ᠋ ᠤᠨ 61% ᠶᠢ ᠬᠦᠮᠦᠷᠭᠡᠯᠡᠪᠡ︔ ᠳᠣᠲᠣᠭᠠᠳᠤ ᠠᠵᠢᠯ ᠲᠥᠷᠥᠯ ᠤᠨ ᠰᠢᠯᠭᠠᠨ ᠪᠠᠶᠢᠴᠠᠭᠠᠵᠤ ᠰᠢᠨᠵᠢᠯᠡᠨ | ᠰᠢᠯᠭᠠᠬᠤ ᠲᠠᠯ᠎ᠠ ᠪᠠᠷ᠂ ᠪᠥᠬᠦ ᠬᠥᠷᠥᠰᠥ ᠰᠢᠷᠣᠢ ᠶᠢᠨ ᠥᠯᠢᠭᠡᠷ ᠡᠳ᠋ ᠢ ᠨᠢᠭᠡᠨᠲᠡ ᠰᠢᠯᠭᠠᠨ ᠪᠠᠶᠢᠴᠠᠭᠠᠵᠤ ᠳᠠᠭᠤᠰᠬᠠᠨ᠂ | ᠲᠤᠭ᠎ᠠ ᠪᠠᠷᠢᠮᠲᠠ ᠶᠢ ᠨᠢᠭᠡᠨᠲᠡ ᠲᠠᠪᠴᠠᠩ ᠳᠤ ᠳᠠᠮᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠠᠷᠢᠮᠲᠠ ᠶᠢ | ᠬᠢᠨᠠᠨ ᠬᠠᠷᠭᠤᠭᠤᠯᠤᠭᠰᠠᠨ ᠮᠡᠳᠡᠭᠦᠯᠦᠯᠲᠡ ᠶᠢ ᠨᠢᠭᠡᠨᠲᠡ ᠤᠯᠤᠰ ᠲᠤ ᠮᠡᠳᠡᠭᠦᠯᠦᠨ ᠬᠦᠷᠭᠡᠭᠰᠡᠨ ᠪᠥᠭᠡᠳ ᠬᠠᠷᠢᠭᠤ | ᠲᠤᠰᠬᠠᠯ ᠢ ᠣᠯᠵᠤ᠂ 10 ᠠᠶᠢᠮᠠᠭ ᠬᠤᠲᠠ ᠨᠢᠭᠡᠨᠲᠡ ᠲᠤᠭ᠎ᠠ ᠪᠠᠷᠢᠮᠲᠠ ᠶᠢ ᠺᠣᠫᠢᠳᠠᠭᠰᠠᠨ ᠪᠠᠶᠢᠨ᠎ᠠ︔ ᠬᠤᠵᠢᠷᠯᠢᠭ | ᠭᠠᠵᠠᠷ ᠤᠨ ᠲᠤᠰᠬᠠᠢ ᠰᠡᠳᠦᠪᠲᠦ ᠪᠠᠶᠢᠴᠠᠭᠠᠯᠲᠠ ᠶᠢᠨ ᠲᠠᠯ᠎ᠠ ᠪᠠᠷ᠂ ᠪᠥᠬᠦ ᠣᠷᠣᠨ ᠤ 88 ᠬᠤᠵᠢᠷᠯᠢᠭ ᠭᠠᠵᠠᠷ ᠤᠨ | ᠲᠤᠬᠠᠢ ᠶᠢᠨ ᠭᠠᠵᠠᠷ ᠲᠤᠨᠢ ᠬᠠᠷᠭᠤᠭᠤᠯᠤᠨ ᠬᠢᠨᠠᠬᠤ ᠠᠵᠢᠯ ᠢ ᠨᠢᠭᠡᠨᠲᠡ ᠪᠥᠬᠦ ᠲᠠᠯ᠎ᠠ ᠪᠠᠷ ᠪᠡᠶᠡᠯᠡᠭᠦᠯᠵᠦ᠂ ᠰᠡᠵᠢᠭ ᠲᠠᠢ | ᠵᠢᠷᠤᠭ ᠤᠨ ᠲᠣᠯᠪᠤ ᠵᠢᠴᠢ ᠲᠠᠷᠬᠠᠯᠲᠠ ᠶᠢᠨ ᠲᠠᠯᠠᠪᠠᠶ ᠶᠢ ᠲᠤᠬᠠᠢ ᠶᠢᠨ ᠭᠠᠵᠠᠷ ᠤᠨ ᠲᠤᠰᠬᠠᠢ ᠮᠡᠷᠭᠡᠵᠢᠯᠲᠡᠳ ᠲᠠᠢ | ᠶᠠᠷᠢᠯᠴᠠᠵᠤ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠦᠨᠳᠦᠰᠦᠨ ᠳᠡᠭᠡᠨ ᠨᠡᠶᠢᠴᠡᠵᠦ ᠪᠠᠶᠢᠨ᠎ᠠ᠃ ᠣᠳᠣᠬᠠᠨ | ᠪᠣᠯᠲᠠᠯ᠎ᠠ᠂ ᠮᠠᠨ ᠤ ᠣᠷᠣᠨ ᠤ ᠬᠤᠵᠢᠷᠯᠢᠭ ᠭᠠᠵᠠᠷ ᠤᠨ ᠲᠤᠰᠬᠠᠢ ᠰᠡᠳᠦᠪᠲᠦ ᠪᠠᠶᠢᠴᠠᠭᠠᠯᠲᠠ ᠶᠢᠨ ᠥᠪᠡᠷᠲᠡᠭᠡᠨ | ᠵᠠᠰᠠᠬᠤ ᠣᠷᠣᠨ ᠤ ᠲᠠᠰ ᠤᠨ ᠦᠷ᠎ᠡ ᠪᠦᠲᠦᠭᠡᠯ ᠢ ᠨᠢᠭᠡᠨᠲᠡ ᠠᠩᠬ᠎ᠠ ᠠᠯᠬᠤᠮ ᠪᠡᠶᠡᠯᠡᠭᠦᠯᠪᠡ᠃ | | | | | ᠬᠤᠷᠠᠯ ᠠᠴᠠ ᠴᠢᠬᠤᠯᠠᠴᠢᠯᠠᠭᠰᠠᠨ ᠨᠢ᠂ ᠦᠷ᠎ᠡ ᠪᠦᠲᠦᠭᠡᠯ ᠢ ᠬᠤᠷᠢᠶᠠᠩᠭᠤᠶᠢᠯᠠᠬᠤ ᠱᠠᠭᠠᠷᠳᠠᠯᠭ᠎ᠠ ᠥᠨᠳᠥᠷ᠂ | ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ ᠪᠠᠶᠢᠵᠤ᠂ ᠪᠦᠬᠦ ᠣᠷᠣᠨ ᠤ ᠬᠥᠷᠥᠰᠥ ᠰᠢᠷᠣᠢ ᠶᠢᠨ ᠨᠡᠶᠢᠳᠡᠮ ᠤᠨ | ᠪᠠᠶᠢᠴᠠᠭᠠᠯᠲᠠ ᠨᠢᠭᠡᠨᠲᠡ ᠡᠨᠡᠬᠦ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠱᠠᠲᠤᠨ ᠳᠤ ᠣᠷᠣᠵᠠᠢ᠂ ᠬᠥᠷᠥᠰᠥ | ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠠᠮᠤᠭ ᠡᠴᠦᠰ ᠤᠨ ᠦᠷ᠎ᠡ ᠪᠦᠲᠦᠭᠡᠯ ᠤᠨ ᠶᠠᠰᠤ ᠴᠢᠨᠠᠷ ᠵᠢᠴᠢ | ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ ᠪᠠᠲᠤᠯᠠᠬᠤ ᠳᠤ ᠡᠷᠬᠡᠪᠰᠢ ᠨᠡᠶᠢᠳᠡᠮ ᠤᠨ ᠪᠠᠶᠢᠴᠠᠭᠠᠯᠲᠠ ᠶᠢᠨ | ᠬᠡᠯᠬᠢᠶ᠎ᠡ ᠶᠢᠨ ᠭᠤᠭᠴᠤᠭ᠎ᠠ ᠨᠢᠭᠡᠪᠦᠷᠢ ᠶᠢ ᠴᠢᠩᠭ᠎ᠠ ᠠᠳᠬᠤᠬᠤ ᠬᠡᠷᠡᠭᠲᠡᠢ᠃ ᠨᠢᠭᠡ ᠳᠤ ᠪᠠᠶᠢᠴᠠᠭᠠᠯᠲᠠ ᠶᠢᠨ ᠦᠯᠢᠭᠡᠷ | ᠡᠳ᠋ ᠠᠪᠬᠤ ᠮᠡᠳᠡᠭᠡ ᠵᠠᠩᠭᠢ ᠶᠢ ᠥᠪᠡᠰᠦᠪᠡᠨ ᠪᠠᠶᠢᠴᠠᠭᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ᠭᠤᠷᠪᠠᠨ | ᠣᠭᠲᠣᠯᠣᠭᠠᠰᠤ ᠶᠢᠨ ᠥᠯᠢᠭᠡᠷ ᠡᠳ᠋ ᠠᠪᠬᠤ ᠨᠢᠭᠡᠴᠡ ᠶᠢ ᠵᠣᠬᠢᠶᠠᠨ ᠪᠠᠶᠢᠭᠤᠯᠤᠨ ᠣᠭᠲᠣᠯᠣᠭᠠᠰᠤ ᠶᠢᠨ | ᠪᠠᠶᠢᠴᠠᠭᠠᠯᠲᠠ ᠶᠢᠨ ᠥᠯᠢᠭᠡᠷ ᠡᠳ᠋ ᠠᠪᠬᠤ ᠮᠡᠳᠡᠭᠡ ᠵᠠᠩᠭᠢ ᠶᠢᠨ ᠥᠪᠡᠷ ᠤᠨ ᠪᠠᠶᠢᠴᠠᠭᠠᠯᠲᠠ ᠶᠢᠨ ᠡᠷᠴᠢᠮ ᠢ | ᠴᠢᠩᠭᠠᠷᠠᠭᠤᠯᠵᠤ᠂ ᠪᠥᠬᠦ ᠲᠠᠯ᠎ᠠ ᠪᠠᠷ ᠳᠠᠬᠢᠨ ᠪᠠᠶᠢᠴᠠᠭᠠᠭᠰᠠᠨ ᠤ ᠳᠠᠷᠠᠭ᠎ᠠ 1 ᠰᠠᠷ᠎ᠠ ᠶᠢᠨ ᠰᠡᠭᠦᠯᠴᠢ ᠠᠴᠠ ᠡᠮᠦᠨ᠎ᠡ | ᠲᠠᠪᠴᠠᠩ ᠳᠤ ᠲᠤᠰᠢᠶᠠᠵᠤ᠂ ᠨᠢᠭᠡᠨᠲᠡ ᠬᠡᠭᠡᠷ᠎ᠡ ᠶᠢᠨ ᠰᠢᠯᠭᠠᠨ ᠠᠪᠬᠤ ᠶᠢ ᠬᠡᠷᠡᠭᠵᠢᠭᠦᠯᠦᠭᠰᠡᠨ ᠬᠤᠰᠢᠭᠤ ᠰᠢᠶᠠᠨ ᠨᠢ | ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠶᠠᠷ ᠲᠤ ᠠᠬᠢᠴᠠ ᠶᠢ ᠴᠢᠩᠭᠠᠳᠬᠠᠵᠤ᠂ ᠶᠠᠰᠤ | ᠴᠢᠨᠠᠷ ᠤᠨ ᠪᠣᠭᠤᠮᠲᠠ ᠶᠢ ᠠᠳᠬᠤᠬᠤ ᠬᠡᠷᠡᠭᠲᠡᠢ᠃ ᠥᠯᠢᠭᠡᠷ ᠡᠳ᠋ ᠤᠨ ᠬᠥᠮᠥᠷᠭᠡ ᠶᠢ ᠬᠦᠮᠦᠷᠭᠡᠯᠡᠬᠦ᠂ ᠲᠤᠭ᠎ᠠ | ᠪᠠᠷᠢᠮᠲᠠ ᠶᠢ ᠬᠢᠨᠠᠨ ᠬᠠᠷᠭᠤᠭᠤᠯᠬᠤ ᠠᠬᠢᠴᠠ ᠪᠠ ᠶᠠᠰᠤ ᠴᠢᠨᠠᠷ ᠢ ᠴᠢᠩᠭ᠎ᠠ ᠠᠩᠬᠠᠷᠴᠤ᠂ ᠶᠠᠰᠤ ᠴᠢᠨᠠᠷ ᠢ ᠡᠵᠡᠮᠳᠡᠬᠦ | ᠲᠤᠷᠰᠢᠯᠲᠠ ᠶᠢᠨ ᠲᠠᠰᠤᠭ᠂ ᠬᠤᠰᠢᠭᠤ ᠰᠢᠶᠠᠨ᠂ ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ ᠠᠰᠠᠭᠤᠳᠠᠯ ᠤᠨ | ᠪᠠᠶᠢᠴᠠᠭᠠᠨ ᠬᠡᠮᠵᠢᠯᠲᠡ ᠶᠢᠨ ᠲᠤᠭ᠎ᠠ ᠪᠠᠷᠢᠮᠲᠠ ᠪᠠᠷ ᠳᠡᠮᠵᠢᠨ ᠳᠠᠬᠢᠨ ᠬᠡᠮᠵᠢᠬᠦ ᠴᠢᠬᠤᠯᠠᠲᠠᠢ ᠨᠠᠷᠢᠨ ᠬᠠᠭᠤᠳᠠᠰᠤ ᠶᠢ | ᠨᠢᠭᠡᠳᠦᠯᠲᠡᠢ ᠪᠣᠶ ᠪᠣᠯᠭᠠᠵᠤ᠂ ᠣᠯᠠᠨ ᠤᠳᠠᠭ᠎ᠠ ᠳᠠᠬᠢᠨ ᠬᠡᠮᠵᠢᠬᠦ ᠠᠴᠠ ᠵᠠᠶᠢᠯᠠᠰᠬᠢᠬᠦ ᠬᠡᠷᠡᠭᠲᠡᠢ᠃ ᠭᠤᠷᠪᠠ ᠳᠤ ᠦᠷ᠎ᠡ | ᠪᠦᠲᠦᠭᠡᠯ ᠢ ᠨᠠᠶᠢᠷᠠᠭᠤᠯᠤᠨ ᠵᠣᠬᠢᠶᠠᠵᠤ ᠬᠤᠷᠢᠶᠠᠩᠭᠤᠶᠢᠯᠠᠬᠤ ᠠᠵᠢᠯ ᠢ ᠲᠦᠷᠭᠡᠪᠴᠢᠯᠡᠨ ᠠᠬᠢᠭᠤᠯᠬᠤ ᠬᠡᠷᠡᠭᠲᠡᠢ᠃ | ᠬᠥᠷᠥᠰᠥ ᠰᠢᠷᠣᠢ ᠶᠢᠨ ᠲᠥᠷᠥᠯ ᠬᠡᠯᠪᠡᠷᠢ ᠶᠢᠨ ᠵᠢᠷᠤᠯᠭ᠎ᠠ ᠶᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠤᠯᠤᠰ ᠤᠨ ᠱᠠᠭᠠᠷᠳᠠᠯᠭ᠎ᠠ ᠶᠣᠰᠣᠭᠠᠷ ᠬᠥᠷᠥᠰᠥ ᠰᠢᠷᠣᠢ ᠶᠢᠨ ᠲᠥᠷᠥᠯ ᠬᠡᠯᠪᠡᠷᠢ ᠶᠢᠨ ᠵᠢᠷᠤᠯᠭ᠎ᠠ ᠶᠢᠨ | ᠨᠢᠭᠡᠴᠡ ᠳᠤ ᠣᠷᠴᠢᠨ ᠲᠣᠭᠤᠷᠢᠨ ᠤ ᠪᠠᠶᠢᠴᠠᠭᠠᠯᠲᠠ ᠬᠢᠵᠦ᠂ ᠲᠥᠷᠥᠯ ᠬᠡᠯᠪᠡᠷᠢ ᠶᠢᠨ ᠵᠢᠷᠤᠭ ᠦᠢᠯᠡᠳᠬᠦ ᠶᠢ ᠴᠢᠨᠠᠷ | ᠰᠠᠶᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃ | ᠶᠠᠰᠤ ᠴᠢᠨᠠᠷ ᠪᠣᠯ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ︽ᠠᠮᠢᠨ ᠰᠤᠳᠠᠰᠤ︾ ᠪᠣᠯᠣᠨ᠎ᠠ᠂ | ᠪᠦᠬᠦ ᠶᠠᠪᠤᠴᠠ ᠶᠢᠨ ᠶᠠᠰᠤ ᠴᠢᠨᠠᠷ ᠤᠨ ᠡᠵᠡᠮᠳᠡᠯ ᠤᠨ ᠠᠯᠢ ᠨᠢᠭᠡ ᠭᠤᠭᠴᠤᠭ᠎ᠠ ᠶᠢ ᠴᠤ ᠰᠤᠯᠠᠷᠠᠭᠤᠯᠵᠤ ᠪᠣᠯᠬᠤ | ᠦᠭᠡᠢ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ | ᠭᠡᠷ ᠤᠨ ᠲᠤᠰᠬᠠᠢ ᠠᠩᠭᠢ ᠶᠢᠨ ᠬᠢᠨ ᠬᠠᠷᠢᠭᠤᠴᠠᠯᠭ᠎ᠠ ᠶᠢ ᠴᠢᠩ ᠰᠡᠳᠬᠢᠯ ᠠᠴᠠ ᠪᠠᠨ ᠮᠡᠳᠡᠷᠡᠵᠦ᠂ ᠬᠠᠷᠢᠭᠤᠴᠠᠯᠭ᠎ᠠ ᠶᠢ | ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠩ ᠥᠨᠳᠥᠷ ᠵᠣᠭᠰᠣᠴᠠ᠂ ᠨᠡᠩ ᠥᠨᠳᠥᠷ ᠦᠷ᠎ᠡ | ᠪᠦᠲᠦᠮᠵᠢᠲᠡᠢ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠨᠡᠶᠢᠳᠡᠮ ᠤᠨ ᠪᠠᠶᠢᠴᠠᠭᠠᠯᠲᠠ ᠶᠢᠨ ᠶᠠᠰᠤ | ᠴᠢᠨᠠᠷ ᠢ ᠪᠦᠬᠦ ᠬᠦᠴᠦᠨ ᠢᠶᠠᠷ ᠢᠶᠠᠨ ᠪᠠᠳᠤᠯᠠᠬᠤ ᠪᠠᠷ ᠮᠡᠷᠡᠶᠢᠨ ᠲᠡᠮᠡᠴᠡᠵᠦ ᠪᠤᠢ᠃ | ᠮᠡᠳᠡᠭᠡ ᠵᠠᠩᠭᠢ ᠶᠢᠨ ᠢᠷᠡᠯᠲᠡ᠄ ᠥᠪᠥᠷ ᠮᠣᠩᠭᠤᠯ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ | ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ |