ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ | ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠢᠯᠢᠭ ᠭᠦᠨᠵᠡᠭᠡᠢ ᠪᠤᠯᠪᠠᠰᠤᠷᠠᠭᠤᠯᠤᠯᠳᠠ ᠶᠢ | ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | 2024 ᠣᠨ ᠤ 12 ᠰᠠᠷ᠎ᠠ ᠶᠢᠨ 31 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢ | ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠢᠯᠢᠭ ᠭᠦᠨᠵᠡᠭᠡᠢ ᠪᠤᠯᠪᠠᠰᠤᠷᠠᠭᠤᠯᠤᠯᠳᠠ ᠶᠢᠨ | ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠬᠡᠪᠴᠢᠶᠡᠵᠢᠭᠰᠡᠨ᠂ ᠠᠵᠤ ᠦᠶᠢᠯᠡᠰᠵᠢᠭᠰᠡᠨ᠂ ᠨᠠᠷᠠᠲᠤ ᠲᠥᠷᠥᠯ | ᠲᠡᠮᠳᠡᠭᠵᠢᠭᠰᠡᠨ ᠬᠥᠭᠵᠢᠯᠲᠡ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ | ᠬᠡᠯᠬᠢᠶᠡᠵᠢᠭᠰᠡᠨ ᠦᠢᠯᠡᠳᠬᠦᠨ ᠤ ᠥᠷᠲᠡᠭ ᠢ ᠲᠦᠮᠡᠨ ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠲᠦᠷᠭᠡᠬᠡᠨ | ᠪᠡᠶᠡᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠭᠠᠷᠤᠯᠲᠠ ᠶᠢᠨ ᠶᠡᠭᠡ ᠣᠷᠣᠨ ᠠᠴᠠ ᠠᠵᠤ ᠦᠢᠯᠡᠰ ᠤᠨ | ᠬᠦᠴᠦᠷᠬᠡᠭ ᠣᠷᠣᠨ ᠳᠠᠰᠢ ᠬᠤᠪᠢᠷᠠᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠪᠣᠳᠠᠲᠠᠢ ᠲᠠᠢ ᠤᠶᠠᠯᠳᠤᠭᠤᠯᠤᠨ᠂ ᠳᠣᠣᠷᠠᠬᠢ ᠮᠡᠲᠦ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠣᠲᠣ ᠶᠢᠨ ᠪᠠᠶᠢᠭ᠎ᠠ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠡᠳᠬᠦᠨ ᠳᠡᠮᠵᠢᠨ᠎ᠡ | 2024 ᠣᠨ ︵ᠪᠠᠭᠲᠠᠨ᠎ᠠ︶ ᠠᠴᠠ ᠰᠡᠭᠦᠯᠡᠷ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠳᠦᠷᠢᠮ ᠢ | ᠥᠷᠭᠡᠳᠬᠡᠨ ᠦᠢᠯᠡᠳᠪᠦᠷᠢᠯᠡᠯ ᠢ ᠳᠡᠭᠡᠭᠰᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠢᠯ ᠤᠨ ᠭᠤᠣᠯ | ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2 ᠳ᠋ᠦᠩᠰᠢᠭᠤᠷ ᠲᠥᠭᠦᠷᠢᠭ ᠠᠴᠠ ᠳᠡᠭᠡᠭᠰᠢ | ᠪᠣᠯᠤᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠠᠵᠤ | ᠠᠬᠤᠶᠢᠯᠠᠯ ᠳᠤ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ | ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠵᠦ ᠣᠷᠣᠭᠤᠯᠤᠭᠰᠠᠨ | ᠭᠦᠢᠯᠭᠡᠭᠡᠨ ᠤ ᠪᠡᠯᠡ ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠳᠤ᠂ | ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ | ᠨᠣᠷᠮ᠎ᠠ ︵LPR︶ ᠶᠢᠨ 70% ᠶᠢᠨ ᠮᠥᠷᠲᠡᠭᠡᠨ 2% ᠠᠴᠠ ᠥᠯᠥ ᠬᠡᠲᠦᠷᠡᠬᠦ ᠬᠦᠦ ᠶᠢᠨ ᠨᠣᠷᠮ᠎ᠠ ᠪᠠᠷ ᠵᠢᠯ | ᠪᠦᠷᠢ 200 ᠲᠦᠮᠡᠨ ᠲᠥᠭᠦᠷᠢᠭ ᠠᠴᠠ ᠥᠯᠥ ᠬᠡᠲᠦᠷᠡᠬᠦ ᠳᠠᠮ ᠬᠦᠦ ᠶᠢᠨ ᠳᠡᠮᠵᠢᠯᠭᠡ ᠣᠯᠭᠤᠵᠤ᠂ ᠲᠡᠳᠡᠨ ᠤ | ᠲᠠᠷᠢᠶᠠᠯᠠᠩ ᠤᠨ ᠠᠵᠤ ᠦᠶᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠪᠠ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠵᠢᠱᠢᠶ᠎ᠡ ᠦᠵᠡᠭᠦᠯᠬᠦ | ᠬᠤᠯᠪᠣᠭᠠᠲᠤ ᠴᠣᠭᠴᠠ ᠶᠢ ᠮᠠᠭᠠᠳᠯᠠᠨ ᠲᠣᠭᠲᠠᠭᠠᠬᠤ ᠶᠢ ᠵᠣᠷᠢᠭᠵᠢᠭᠤᠯᠤᠨ᠎ᠠ᠃ ᠰᠢᠨ᠎ᠡ ᠪᠠᠷ ᠮᠠᠭᠠᠳᠯᠠᠨ | ᠲᠣᠭᠲᠠᠭᠠᠭᠰᠠᠨ ᠲᠠᠷᠢᠶᠠᠯᠠᠩ ᠤᠨ ᠠᠵᠤ ᠦᠶᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ ᠬᠥᠲᠥᠴᠢ ᠠᠵᠤ | ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠤᠯᠤᠰ ᠤᠨ | ᠲᠡᠰ ᠤᠨ ᠠᠵᠤ ᠦᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠳᠤ ᠨᠢᠭᠡ ᠳᠤ ᠨᠢᠭᠡ ᠬᠠᠷᠠᠭᠠᠯᠵᠠᠭᠰᠠᠨ ᠳᠡᠮᠵᠢᠬᠦ | ᠲᠣᠭᠲᠠᠴᠠ ᠶᠢ ᠪᠠᠶᠢᠭᠤᠯᠵᠤ᠂ ᠡᠬᠢ ᠪᠠᠶᠠᠯᠢᠭ ᠤᠨ ᠬᠦᠴᠦᠨ ᠢ ᠲᠥᠪᠯᠡᠷᠡᠭᠦᠯᠦᠨ᠂ ︽ᠨᠢᠭᠡ ᠠᠵᠤ ᠠᠬᠤᠶᠢᠯᠠᠯ ᠳᠤ ᠨᠢᠭᠡ | ᠠᠷᠭ᠎ᠠ ᠪᠣᠳᠣᠯᠭ᠎ᠠ︾ ᠪᠠᠷ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ | ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ | ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ︶ | ᠬᠤᠶᠠᠷ᠂ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠠᠵᠤ ᠠᠬᠤᠶᠢᠯᠠᠯ ᠢ ᠶᠡᠬᠡᠪᠡᠷ ᠪᠣᠶᠢᠵᠢᠭᠤᠯᠤᠨ᠎ᠠ | ᠣᠷᠣᠨ ᠨᠤᠲᠤᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠪᠡᠯᠡ | ᠮᠥᠩᠭᠦ ᠶᠢ ᠨᠢᠭᠡᠳᠦᠯᠲᠡᠢ ᠲᠥᠯᠥᠪᠵᠢᠭᠦᠯᠬᠦ ᠶᠢ ᠵᠣᠷᠢᠭᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢ ᠳᠡᠮᠵᠢᠬᠦ ᠶᠢᠨ ᠬᠠᠮᠲᠤ ᠲᠠᠷᠢᠶᠠᠯᠠᠩ ᠲᠠᠢ ᠬᠤᠯᠪᠣᠭᠠᠯᠠᠵᠤ | ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨ᠎ᠡ ᠪᠠᠷ ᠳᠠᠩᠰᠠᠯᠠᠭᠤᠯᠤᠭᠰᠠᠨ ᠮᠥᠷᠲᠡᠭᠡᠨ | ᠣᠨ ᠤ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2 ᠳ᠋ᠦᠩᠰᠢᠭᠤᠷ ᠲᠥᠭᠦᠷᠢᠭ ᠠᠴᠠ | ᠳᠡᠭᠡᠭᠰᠢ ᠪᠣᠯᠤᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ | ᠪᠣᠯᠪᠠᠰᠤᠷᠠᠭᠤᠯᠬᠤ ᠠᠵᠤ ᠠᠬᠤᠶᠢᠯᠠᠯ ᠳᠤ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠭᠰᠡᠨ | ᠭᠦᠢᠯᠭᠡᠭᠡᠨ ᠤ ᠪᠡᠯᠡ ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠳᠤ᠂ | ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ | ᠨᠣᠷᠮ᠎ᠠ ᠶᠢᠨ ︵LPR︶ ᠶᠢᠨ 70% ᠶᠢᠨ ᠮᠥᠷᠲᠡᠭᠡᠨ 2% ᠠᠴᠠ ᠥᠯᠥ ᠬᠡᠲᠦᠷᠡᠬᠦ ᠬᠦᠦ ᠶᠢᠨ ᠨᠣᠷᠮ᠎ᠠ ᠪᠠᠷ ᠵᠢᠯ | ᠪᠦᠷᠢ 200 ᠲᠦᠮᠡᠨ ᠲᠥᠭᠦᠷᠢᠭ ᠠᠴᠠ ᠥᠯᠥ ᠬᠡᠲᠦᠷᠡᠬᠦ ᠳᠠᠮ ᠬᠦᠦ ᠶᠢᠨ ᠳᠡᠮᠵᠢᠯᠭᠡ | ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ︶ | ᠭᠤᠷᠪᠠ᠂ ᠨᠠᠷᠢᠯᠢᠭ ᠭᠦᠨᠵᠡᠭᠡᠢ ᠪᠣᠯᠪᠠᠰᠤᠷᠠᠭᠤᠯᠤᠨ ᠰᠢᠯᠢᠳᠡᠭᠵᠢᠭᠦᠯᠵᠦ ᠲᠠᠰ ᠳᠡᠪᠰᠢᠭᠦᠯᠬᠦ ᠶᠢ ᠠᠬᠢᠭᠤᠯᠤᠨ᠎ᠠ | 2024 ᠣᠨ ᠠᠴᠠ ᠬᠤᠶᠢᠰᠢᠬᠢ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ | ᠣᠷᠣᠯᠭ᠎ᠠ ᠨᠢ 1.6 ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠪᠠᠶᠢᠭᠤᠯᠤᠭᠰᠠᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠠᠴᠠ ᠰᠢᠨ᠎ᠡ ᠪᠠᠷ ᠪᠠᠶᠢᠭᠤᠯᠤᠭᠰᠠᠨ ᠪᠠ ᠲᠠᠰ ᠳᠡᠪᠰᠢᠭᠦᠯᠦᠨ ᠥᠭᠡᠷᠡᠴᠢᠯᠡᠭᠰᠡᠨ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠲᠥᠷᠥᠯ ᠵᠦᠢᠯ ᠤᠨ | ᠵᠢᠭᠡᠯᠡᠯᠭᠡ ᠳᠤ ᠵᠢᠭᠡᠯᠡᠭᠰᠡᠨ ᠠᠵᠤ ᠠᠬᠤᠶᠢᠯᠠᠯ ᠳᠤ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ | ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ ᠶᠢᠨ 70% ᠶᠢᠨ ᠮᠥᠷᠲᠡᠭᠡᠨ 2% ᠠᠴᠠ ᠥᠯᠥ | ᠬᠡᠲᠦᠷᠡᠬᠦ ᠬᠦᠦ ᠶᠢᠨ ᠨᠣᠷᠮ᠎ᠠ ᠪᠠᠷ ᠵᠢᠯ ᠪᠦᠷᠢ 300 ᠲᠦᠮᠡᠨ ᠲᠥᠭᠦᠷᠢᠭ ᠠᠴᠠ ᠥᠯᠥ ᠬᠡᠲᠦᠷᠡᠬᠦ ᠳᠠᠮ ᠬᠦᠦ ᠶᠢᠨ | ᠳᠡᠮᠵᠢᠯᠭᠡ ᠣᠯᠭᠤᠨ᠎ᠠ᠃ ᠵᠢᠯ ᠤᠨ ᠪᠣᠳᠠᠲᠠᠢ ᠨᠢᠲᠤᠯᠵᠤ ᠡᠳ᠋ᠰᠢᠭᠦᠯᠦᠭᠰᠡᠨ ᠬᠡᠮᠵᠢᠶ᠎ᠡ ᠨᠢ 2 ᠲᠦᠮᠡ ᠠᠴᠠ ᠳᠡᠭᠡᠭᠰᠢ ᠳᠤ | ᠬᠦᠷᠦᠭᠰᠡᠨ ᠠᠯᠠᠰᠢᠨ ᠦᠬᠡᠷ ᠨᠢᠲᠤᠯᠬᠤ ᠠᠵᠤ ᠠᠬᠤᠶᠢᠯᠠᠯ ᠳᠤ᠂ ᠪᠣᠷᠳᠣᠵᠤ ᠲᠠᠷᠭᠤᠯᠠᠭᠤᠯᠬᠤ ᠦᠬᠡᠷ ᠤᠨ | ᠭᠦᠢᠯᠭᠡᠭᠡᠨ ᠤ ᠪᠡᠯᠡ ᠮᠥᠩᠭᠦ ᠶᠢᠨ ᠵᠢᠭᠡᠯᠡᠯᠭᠡ ᠶᠢ ᠬᠤᠳᠠᠯᠳᠤᠨ ᠠᠪᠬᠤ ᠳᠤ᠂ ᠨᠢᠭᠡ ᠵᠢᠯ ᠤᠨ ᠬᠤᠭᠤᠴᠠᠭ᠎ᠠ ᠲᠠᠢ | ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ ᠨᠢ ︵LPR︶ ᠶᠢᠨ | 70% ᠶᠢᠨ ᠮᠥᠷᠲᠡᠭᠡᠨ 2% ᠠᠴᠠ ᠥᠯᠥ ᠬᠡᠲᠦᠷᠡᠬᠦ ᠬᠦᠦ ᠶᠢᠨ ᠨᠣᠷᠮ᠎ᠠ ᠪᠠᠷ ᠵᠢᠯ ᠪᠦᠷᠢ 600 ᠲᠦᠮᠡᠨ | ᠲᠥᠭᠦᠷᠢᠭ ᠠᠴᠠ ᠥᠯᠥ ᠬᠡᠲᠦᠷᠡᠬᠦ ᠳᠠᠮ ᠬᠦᠦ ᠶᠢᠨ ᠳᠡᠮᠵᠢᠯᠭᠡ ᠣᠯᠭᠤᠨ᠎ᠠ᠃ ᠠᠯᠠᠰᠢᠨ ᠦᠬᠡᠷᠦᠨ ᠠᠵᠤ | ᠠᠬᠤᠶᠢᠯᠠᠯ ᠤᠨ ᠦᠬᠡᠷ ᠤᠨ ᠮᠢᠬᠠᠨ ᠤ ᠤᠷᠢᠳᠴᠢᠯᠠᠨ ᠬᠢᠭᠰᠡᠨ ᠨᠣᠭᠤᠭ᠎ᠠ᠂ ᠤᠰᠤᠯᠠᠯᠲᠠ ᠶᠢᠨ ᠪᠦᠲᠦᠭᠡᠭᠳᠡᠬᠦᠨ᠂ | ᠡᠷᠡᠭᠦᠯᠵᠢᠯ ᠤᠨ ᠪᠦᠲᠦᠭᠡᠭᠳᠡᠬᠦᠨ᠂ ᠢᠳᠡᠪᠬᠢ ᠢᠰᠬᠡᠭᠦᠷ ᠵᠡᠷᠭᠡ ᠰᠢᠨ᠎ᠡ ᠪᠦᠲᠦᠭᠡᠭᠳᠡᠬᠦᠨ ᠰᠢᠨ᠎ᠡ ᠮᠡᠷᠭᠡᠵᠢᠯ ᠢ | ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠲᠣᠮᠣ ᠬᠡᠯᠪᠡᠷᠢ ᠶᠢᠨ ᠨᠠᠷᠠᠲᠤ | ᠠᠵᠤ ᠠᠬᠤᠶᠢᠯᠠᠯ ᠤᠨ ᠠᠯᠠᠰᠢᠨ ᠦᠬᠡᠷ ᠤᠨ ᠠᠵᠤ ᠦᠢᠯᠡᠰ ᠲᠤ ᠣᠷᠣᠬᠤ ᠶᠢ ᠵᠣᠷᠢᠭᠵᠢᠭᠤᠯᠵᠤ᠂ ᠠᠵᠤ | ᠠᠬᠤᠶᠢᠯᠠᠯ ᠤᠨ ᠪᠣᠷᠤᠯᠠᠭᠤᠯᠭ᠎ᠠ ᠶᠢᠨ ᠠᠷᠭ᠎ᠠ ᠵᠠᠮ᠂ ᠨᠠᠷᠠᠲᠤ ᠲᠥᠷᠥᠯ ᠲᠡᠮᠳᠡᠭᠲᠦ ᠶᠢᠨ ᠳᠠᠪᠠᠭᠤᠯᠢᠭ ᠪᠠ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠠᠰᠢᠭᠯᠠᠨ᠂ ᠪᠥᠬᠦ ᠣᠷᠣᠨ ᠤ ᠠᠯᠠᠰᠢᠨ ᠦᠬᠡᠷ ᠤᠨ ᠠᠵᠤ ᠦᠢᠯᠡᠰ ᠤᠨ | ᠬᠥᠭᠵᠢᠯᠲᠡ ᠶᠢᠨ ᠴᠢᠳᠠᠪᠬᠢ ᠶᠢ ᠲᠡᠰ ᠲᠡᠪᠰᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ︶ | ᠳᠥᠷᠪᠡ᠂ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠳᠠᠰᠢ | ᠲᠥᠪᠯᠡᠷᠡᠬᠦ ᠶᠢ ᠠᠬᠢᠭᠤᠯᠤᠨ᠎ᠠ | ᠵᠢᠯ ᠪᠦᠷᠢ 2 ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠥᠪᠡᠷᠲᠡᠭᠡᠨ ᠵᠠᠰᠠᠬᠤ | ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠰᠢᠯᠢᠨ | ᠰᠣᠩᠭᠤᠵᠤ ᠳᠡᠮᠵᠢᠯᠭᠡ ᠦᠵᠡᠭᠦᠯᠦᠨ᠎ᠡ᠃ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠢ ᠡᠭᠦᠳᠦᠨ ᠪᠠᠶᠢᠭᠤᠯᠬᠤ ᠦᠶ᠎ᠡ ᠳᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠢ ᠠᠳᠠᠯᠢ ᠨᠥᠬᠦᠴᠡᠯ ᠤᠨ ᠳᠣᠣᠷ᠎ᠠ ᠤᠷᠢᠳᠠᠪᠠᠷ ᠳᠡᠮᠵᠢᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠲᠤᠰᠬᠠᠢ ᠵᠦᠢᠯ ᠤᠨ ᠪᠡᠯᠡ ᠮᠥᠩᠭᠦ ᠶᠢ ᠬᠡᠷᠡᠭᠯᠡᠬᠦ ᠳᠡᠭᠡᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠢ ᠠᠳᠠᠯᠢ ᠨᠥᠬᠦᠴᠡᠯ ᠤᠨ ᠳᠣᠣᠷ᠎ᠠ ᠤᠷᠢᠳᠠᠪᠠᠷ ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ︶ | ᠲᠠᠪᠤ᠂ ᠤᠷᠢᠳᠴᠢᠯᠠᠨ ᠬᠢᠭᠰᠡᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ | ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠤᠷᠢᠳᠴᠢᠯᠠᠨ ᠬᠢᠭᠰᠡᠨ ᠨᠣᠭᠤᠭ᠎ᠠ ᠶᠢᠨ ᠬᠦᠳᠦᠴᠢ ᠠᠵᠤ | ᠠᠬᠤᠶᠢᠯᠠᠯ᠂ ᠰᠦᠯᠵᠢᠶᠡᠨ ᠳᠡᠭᠡᠷ᠎ᠡ ᠪᠣᠷᠣᠯᠠᠭᠤᠯᠬᠤ᠂ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠪᠠᠷ ᠲᠣᠰ ᠲᠣᠰ | ᠠᠷᠪᠠᠨ ᠬᠦᠴᠦᠷᠬᠡᠭ ᠠᠵᠤ ᠠᠬᠤᠶᠢᠯᠠᠯ ᠢ ᠰᠢᠯᠭᠠᠷᠠᠭᠤᠯᠵᠤ᠂ ᠪᠣᠷᠣᠯᠠᠭᠤᠯᠤᠯᠲᠠ ᠶᠢᠨ ᠨᠤᠷᠮ᠎ᠠ ᠨᠢ ᠳᠡᠭᠡᠷ᠎ᠡ | ᠵᠢᠯ ᠤᠨ ᠬᠢ ᠠᠴᠠ 100 ᠲᠦᠮᠡᠨ ᠲᠥᠭᠦᠷᠢᠭ ᠰᠢᠨ᠎ᠡ ᠪᠠᠷ ᠨᠡᠮᠡᠭᠳᠡᠪᠡᠯ 2 ᠲᠦᠮᠡᠨ ᠲᠥᠭᠦᠷᠢᠭ ᠢᠶᠠᠷ ᠱᠠᠩᠨᠠᠵᠤ᠂ | ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠂ ᠠᠳᠠᠯᠢ ᠨᠢᠭᠡ ᠠᠵᠤ | ᠠᠬᠤᠶᠢᠯᠠᠯ ᠢ ᠠᠳᠠᠯᠢ ᠨᠢᠭᠡ ᠵᠢᠯ ᠳᠤ ᠳᠠᠪᠬᠤᠷᠳᠠᠭᠤᠯᠤᠨ ᠱᠠᠩᠨᠠᠬᠤ ᠦᠭᠡᠢ᠃ ︵ᠬᠠᠷᠢᠭᠤᠴᠠᠯᠭᠠᠲᠤ ᠨᠢᠭᠡᠴᠡ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠵᠢᠷᠭᠤᠭ᠎ᠠ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ | ᠰᠢᠨ᠎ᠡ ᠪᠠᠷ ᠴᠤᠯᠠᠯᠠᠭᠳᠠᠭᠰᠠᠨ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠣᠭᠤᠷᠢᠭ᠂ 5A ᠲᠠᠰ ᠤᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠲᠣᠰ ᠲᠣᠰ ᠨᠢᠭᠡ | ᠤᠳᠠᠭ᠎ᠠ ᠶᠢᠨ ᠴᠢᠨᠠᠷᠲᠠᠢ ᠪᠠᠷ 300 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠪᠡᠭᠡᠵᠢᠩ ᠱᠠᠩᠬᠠᠢ ᠭᠤᠸᠠᠩᠵᠧᠦ ᠱᠧᠨᠵᠧᠨ᠂ ᠬᠥᠬᠡᠮᠥ᠋ᠷᠡᠨ ᠤ | ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠣᠯ ᠪᠣᠯᠬᠤ ᠬᠡᠷᠡᠭᠯᠡᠭᠡᠨ ᠤ | ᠭᠠᠵᠠᠷ ᠤᠨ ᠬᠥᠭᠵᠢᠯᠲᠡ ᠶᠢᠨ ᠡᠮᠦᠨᠡᠬᠢ ᠬᠦᠢᠲᠡᠨ ᠬᠡᠯᠬᠢᠶᠡᠲᠦ ᠰᠢᠨ᠎ᠡ ᠰᠣᠷᠭᠤᠭ ᠢᠶᠠᠷ ᠬᠠᠳᠠᠭᠠᠯᠠᠬᠤ ᠬᠥᠮᠥᠷᠭᠡ ᠶᠢ | ᠬᠥᠭᠵᠢᠭᠦᠯᠬᠦ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ︶ | ᠳᠣᠯᠤᠭ᠎ᠠ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠵᠠᠭᠪᠤᠷ ᠤᠨ ᠰᠢᠨ᠎ᠡ ᠶᠢ ᠡᠭᠦᠳᠦᠨ᠎ᠡ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ | ᠪᠠ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠶᠢ ᠳᠡᠮᠵᠢᠵᠦ᠂ ︽ᠥᠪᠥᠷ ᠮᠣᠩᠭᠤᠯ︾ ᠥᠰᠥᠭ ᠤᠨ ᠲᠡᠮᠳᠡᠭ ᠢ | ᠭᠡᠷᠡᠴᠢᠯᠡᠬᠦ ᠶᠢ ᠥᠷᠨᠢᠭᠦᠯᠦᠨ᠂ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠨᠠᠷᠠᠲᠤ ᠲᠥᠷᠥᠯ ᠲᠡᠮᠳᠡᠭᠲᠦ᠂ ᠨᠢᠭᠡᠳᠦᠯᠲᠡᠢ | ᠢᠯᠭᠠᠬᠤ ᠲᠡᠮᠳᠡᠭ᠂ ᠨᠢᠭᠡᠳᠦᠯᠲᠡᠢ ᠤᠬᠠᠭᠤᠯᠬᠤ᠂ ᠨᠢᠭᠡᠳᠦᠯᠲᠡᠢ ᠡᠵᠡᠩᠨᠡᠨ ᠪᠣᠷᠣᠯᠠᠭᠤᠯᠬᠤ ᠶᠢ ᠠᠬᠢᠭᠤᠯᠵᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠥᠪᠥᠷ ᠮᠣᠩᠭᠤᠯ︾ ᠥᠰᠥᠭ ᠤᠨ ᠲᠡᠮᠳᠡᠭ ︱ ᠲᠠᠯ᠎ᠠ | ᠨᠤᠲᠤᠭ ᠤᠨ ᠰᠢᠯᠢᠳᠡᠭ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠨ᠎ᠠ᠃ ︽ᠥᠪᠥᠷ ᠮᠣᠩᠭᠤᠯ︾ ᠥᠰᠥᠭ ᠤᠨ ᠲᠡᠮᠳᠡᠭ ᠤᠨ ᠭᠡᠷᠡᠴᠢᠯᠡᠯ ᠣᠯᠣᠭᠰᠠᠨ ᠠᠵᠤ | ᠠᠬᠤᠶᠢᠯᠠᠯ ᠳᠤ ᠭᠡᠷᠡᠴᠢᠯᠡᠯ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠵᠠᠷᠤᠳᠠᠯ ᠤᠨ ᠱᠠᠩᠨᠠᠯ ᠨᠥᠬᠦᠪᠦᠷᠢ | ᠣᠯᠭᠤᠨ᠎ᠠ᠃ 2024 ᠣᠨ ᠳᠤ ᠪᠣᠬᠢᠷᠲᠤᠯ ᠦᠭᠡᠢ ᠢᠳᠡᠭᠡᠨ ᠢ ᠪᠥᠬᠦ ᠲᠤᠭ᠎ᠠ ᠪᠠᠷ ᠱᠠᠩᠨᠠᠨ ᠨᠥᠬᠦᠪᠦᠷᠢᠯᠡᠵᠦ᠂ | ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠨ ᠮᠠᠭᠠᠳᠯᠠᠭᠰᠠᠨ ᠭᠠᠷᠤᠯᠲᠠ ᠶᠢᠨ | ᠬᠡᠮᠵᠢᠶ᠎ᠡ ᠨᠢ 1000 ᠲᠣᠨ ᠠᠴᠠ ᠳᠡᠭᠡᠭᠰᠢ ᠳᠤ ᠬᠦᠷᠦᠭᠰᠡᠨ ᠠᠵᠤ ᠠᠬᠤᠶᠢᠯᠠᠯ ᠤᠨ ᠭᠡᠷᠡᠴᠢᠯᠡᠨ ᠮᠠᠭᠠᠳᠯᠠᠭᠰᠠᠨ | ᠵᠠᠷᠤᠳᠠᠯ ᠤᠨ ᠪᠣᠳᠠᠲᠠᠢ ᠪᠠᠷᠢᠮᠵᠢᠶ᠎ᠠ ᠶᠢ ᠳᠡᠭᠡᠷ᠎ᠡ ᠨᠢᠭᠡ ᠵᠢᠯ ᠤᠨ ᠭᠡᠷᠡᠴᠢᠯᠡᠨ ᠮᠠᠭᠠᠳᠯᠠᠭᠰᠠᠨ ᠭᠠᠷᠤᠯᠲᠠ ᠶᠢᠨ | ᠬᠡᠮᠵᠢᠶ᠎ᠡ ᠶᠢ ᠦᠨᠳᠦᠰᠦᠯᠡᠨ ᠲᠣᠭᠲᠠᠭᠠᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ | ᠬᠡᠷᠡᠭᠵᠢᠭᠦᠯᠬᠦ ᠶᠢ ᠠᠬᠢᠭᠤᠯᠵᠤ᠂ ᠪᠡᠭᠡᠵᠢᠩ ᠵᠡᠷᠭᠡ ᠨᠢᠭᠡᠳᠦᠭᠡᠷ ᠵᠡᠷᠭᠡ ᠶᠢᠨ ᠬᠤᠲᠠ ᠳᠤ ︽ᠪᠣᠬᠢᠷᠲᠤᠯ ᠦᠭᠡᠢ | ᠪᠦᠲᠦᠭᠡᠭᠳᠡᠬᠦᠨ ᠢ ᠪᠣᠭᠤᠮᠲᠠ ᠠᠴᠠ ᠭᠠᠷᠭᠠᠬᠤ︾ ᠬᠡᠷᠡᠭᠯᠡᠭᠡ ᠶᠢ ᠬᠠᠪᠰᠤᠷᠤᠨ ᠲᠡᠳᠬᠦᠵᠦ ᠲᠠᠨᠢᠯᠴᠠᠭᠤᠯᠬᠤ | ᠠᠵᠢᠯᠯᠠᠭ᠎ᠠ ᠶᠢ ᠦᠷᠭᠦᠯᠵᠢᠯᠡᠨ ᠶᠠᠪᠤᠭᠳᠠᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠶᠠᠮᠤᠨ ᠵᠥᠪᠯᠡᠯ ᠳᠤ ᠣᠷᠣᠭᠤᠯᠬᠤ᠂ ᠲᠥᠪ ᠤᠨ ᠠᠵᠤ ᠠᠬᠤᠶᠢᠯᠠᠯ ᠳᠤ ᠣᠷᠣᠭᠤᠯᠬᠤ᠂ ᠳᠡᠭᠡᠳᠦ ᠰᠤᠷᠭᠠᠭᠤᠯᠢ ᠳᠤ | ᠣᠷᠣᠭᠤᠯᠬᠤ᠂ ᠬᠤᠳᠠᠯᠳᠤᠭᠠᠨ ᠤ ᠬᠡᠲᠦ ᠳᠡᠯᠭᠡᠭᠦᠷ ᠲᠤ ᠣᠷᠣᠭᠤᠯᠬᠤ᠂ ᠢᠳᠡᠭᠡᠨ ᠤᠮᠳᠠᠭᠠᠨ ᠳᠤ ᠣᠷᠣᠭᠤᠯᠬᠤ ᠶᠢ | ᠠᠬᠢᠭᠤᠯᠵᠤ᠂ ᠰᠢᠭᠤᠳ ᠨᠡᠪᠲᠡᠷᠡᠭᠦᠯᠬᠦ ᠪᠠᠷᠠᠭ᠎ᠠ ᠠᠪᠴᠤ ᠶᠠᠪᠤᠬᠤ᠂ ᠡᠯᠧᠺᠲᠷᠣᠨ ᠬᠤᠳᠠᠯᠳᠤᠭᠠᠨ ᠤ ᠲᠠᠪᠴᠠᠩ ᠵᠡᠷᠭᠡ | ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠤᠳᠠᠯᠳᠤᠭᠠᠨ ᠤ ᠶᠠᠪᠤᠳᠠᠯ ᠤᠨ | ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠨᠠᠢᠮᠠ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠎ᠠ | ᠠᠵᠤ ᠠᠬᠤᠶᠢᠯᠠᠯ ᠤᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠪᠠ ᠲᠥᠷᠥᠯ ᠵᠦᠢᠯ ᠤᠨ ᠪᠡᠯᠡ | ᠲᠣᠬᠢᠷᠠᠭᠤᠯᠭ᠎ᠠ ᠶᠢ ᠳᠡᠮᠵᠢᠵᠦ᠂ ᠵᠠᠬᠢᠶᠠᠯᠠᠭ᠎ᠠ ᠶᠢᠨ ᠬᠠᠭᠤᠳᠠᠰᠤ᠂ ᠬᠥᠮᠥᠷᠭᠡ ᠶᠢᠨ ᠬᠠᠭᠤᠳᠠᠰᠤ᠂ ᠬᠤᠷᠢᠶᠠᠪᠠᠰᠤ ᠵᠣᠬᠢᠬᠤ | ᠲᠠᠩᠰᠠᠨ ᠵᠣᠭᠤᠰ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠵᠡᠷᠭᠡ ᠪᠠᠷ ᠳᠠᠨᠵᠢᠯᠠᠭᠰᠠᠨ | ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠥᠷᠨᠢᠭᠦᠯᠵᠦ᠂ ᠬᠥᠳᠡᠯᠬᠦ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ | ᠨᠢᠭᠡᠳᠦᠯᠲᠡᠢ ᠳᠡᠩᠰᠡᠯᠡᠨ ᠵᠠᠷᠯᠠᠨ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠳᠠᠭᠠᠭᠠᠯᠲᠠ ᠶᠢᠨ ᠪᠡᠯᠡ | ᠲᠣᠬᠢᠷᠠᠭᠤᠯᠭ᠎ᠠ ᠶᠢᠨ ᠲᠤᠬᠠᠶᠢᠯᠠᠭᠰᠠᠨ ᠠᠵᠢᠯ ᠤᠨ ᠳᠠᠩᠰᠠᠯᠠᠯᠲᠠ ᠬᠢᠨ᠎ᠡ᠃ ᠬᠦᠦ ᠶᠢᠨ ᠨᠣᠷᠮ᠎ᠠ ᠶᠢᠨ ᠨᠥᠬᠦᠪᠦᠷᠢ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ ᠨᠠᠩ ᠣᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠪᠠ | ᠨᠡᠶᠢᠭᠡᠮ ᠤᠨ ᠮᠥᠩᠭᠦᠨ ᠭᠦᠢᠯᠭᠡᠭᠡᠨ ᠤ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠥᠬᠦᠴᠡᠯ ᠳᠤ ᠨᠡᠶᠢᠴᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠠᠩᠬᠢ ᠶᠢᠨ ᠬᠤᠭᠤᠷᠣᠨᠳᠣᠬᠢ | ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠲᠤ ᠣᠬᠤᠷ ᠬᠤᠭᠤᠴᠠᠭᠠᠨ ᠤ ᠪᠡᠯᠡ ᠲᠣᠬᠢᠷᠠᠭᠤᠯᠭ᠎ᠠ ᠶᠢᠨ | ᠲᠡᠮᠳᠡᠭᠲᠦ᠂ ᠳᠤᠮᠳᠠ ᠬᠤᠭᠤᠴᠠᠭᠠᠨ ᠤ ᠫᠢᠶᠣᠣ ᠪᠠᠷᠢᠮᠲᠠ ᠵᠡᠷᠭᠡ ᠥᠷᠢ ᠥᠭᠴᠡᠭᠡ ᠶᠢᠨ ᠪᠡᠯᠡ ᠲᠣᠬᠢᠷᠠᠭᠤᠯᠭ᠎ᠠ ᠶᠢᠨ | ᠪᠠᠭᠠᠵᠢ ᠲᠠᠷᠬᠠᠭᠠᠵᠤ ᠪᠡᠯᠡ ᠮᠥᠩᠭᠦ ᠴᠤᠭᠯᠠᠭᠤᠯᠬᠤ ᠶᠢ ᠵᠣᠷᠢᠭᠵᠢᠭᠤᠯᠤᠨ᠎ᠠ᠃ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠮᠥᠩᠭᠦᠨ ᠭᠦᠢᠯᠭᠡᠭᠡᠨ ᠤ | ᠬᠡᠯᠬᠢᠶᠡᠨ ᠤ ᠳᠠᠷᠤᠭ᠎ᠠ ᠶᠢᠨ ᠳᠦᠷᠢᠮ ᠢ ᠪᠠᠶᠢᠭᠤᠯᠵᠤ᠂ ᠠᠵᠤ ᠦᠢᠯᠡᠰ ᠬᠤᠪᠢᠶᠠᠨ ᠬᠡᠯᠬᠢᠶᠡᠨ ᠤ ᠳᠠᠷᠤᠭ᠎ᠠ ᠶᠢᠨ ᠪᠠᠩᠬᠢ | ᠪᠠ ᠬᠠᠮᠵᠢᠯᠴᠠᠨ ᠡᠷᠭᠢᠯᠡᠬᠦ ᠪᠠᠩᠬᠢ ᠶᠢ ᠲᠣᠳᠣᠷᠬᠠᠶᠢᠯᠠᠵᠤ᠂ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠠᠵᠤ | ᠠᠬᠤᠶᠢᠯᠠᠯ ᠳᠤ ᠵᠤᠷᠰᠢᠯ ᠤᠨ ᠦᠢᠯᠡᠴᠢᠯᠡᠭᠡ ᠬᠠᠩᠭᠠᠨ᠎ᠠ᠃ ᠥᠪᠡᠷ ᠤᠨ ᠥᠷᠲᠡᠭ ᠤᠨ ᠳᠠᠭᠠᠳᠬᠠᠯ᠂ ᠶᠠᠰᠤ ᠴᠢᠨᠠᠷ ᠤᠨ | ᠳᠠᠭᠠᠳᠬᠠᠯ᠂ ᠪᠡᠯᠡᠳᠬᠡᠮᠵᠢ ᠶᠢᠨ ᠳᠠᠭᠠᠳᠬᠠᠯ᠂ ᠳᠠᠭᠠᠳᠬᠠᠯ + ᠬᠤᠭᠤᠴᠠᠭᠠᠲᠤ ᠪᠠᠷᠠᠭ᠎ᠠ ᠵᠡᠷᠭᠡ ᠰᠢᠷᠢᠰ ᠦᠢᠯᠡᠴᠢᠯᠡᠭᠡᠨ | ᠪᠠ ᠬᠠᠮ ᠦᠢᠯᠡᠳᠬᠦᠨ ᠤ ᠰᠢᠨ᠎ᠡ ᠶᠢ ᠡᠭᠦᠳᠦᠨ ᠳᠡᠯᠭᠡᠷᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠠᠯᠪᠤᠷᠢ ᠪᠠᠩᠬᠢ︶ | ᠶᠢᠰᠦ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠤᠨ | ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ | ᠬᠠᠮᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠨᠢ | ᠬᠤᠳᠠᠯᠳᠤᠨ ᠠᠪᠤᠭᠰᠠᠨ ᠪᠠᠷᠢᠮᠲᠠ ᠪᠠᠷ ᠢᠶᠠᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠪᠣᠯᠪᠠᠰᠤᠷᠠᠭᠤᠯᠬᠤ ᠠᠵᠤ ᠠᠬᠤᠶᠢᠯᠠᠯ ᠤᠨ ᠬᠥᠭᠵᠢᠯᠲᠡ ᠳᠤ ᠬᠡᠷᠡᠭᠯᠡᠬᠦ ᠭᠠᠵᠠᠷ ᠢ ᠤᠷᠢᠳᠠᠪᠠᠷ ᠪᠠᠲᠤᠯᠠᠨ᠎ᠠ᠃ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠣᠬᠢᠷᠲᠤᠯ ᠦᠭᠡᠢ | ᠴᠠᠬᠢᠯᠭᠠᠨ ᠰᠢᠩᠭᠡᠬᠡᠨ ᠠᠪᠬᠤ ᠶᠢ ᠳᠡᠮᠵᠢᠵᠦ᠂ ᠠᠵᠤ ᠠᠬᠤᠶᠢᠯᠠᠯ ᠤᠨ ᠥᠪᠡᠰᠦᠪᠡᠨ ᠪᠣᠬᠢᠷᠲᠤᠯ ᠦᠭᠡᠢ ᠴᠠᠬᠢᠯᠭᠠᠨ | ᠡᠭᠦᠰᠬᠡᠭᠴᠢ ᠪᠠᠶᠢᠭᠤᠯᠬᠤ ᠶᠢ ᠵᠣᠷᠢᠭᠵᠢᠭᠤᠯᠤᠨ᠂ ᠪᠣᠬᠢᠷᠲᠤᠯ ᠦᠭᠡᠢ ᠴᠠᠬᠢᠯᠭᠠᠨ ᠬᠦᠴᠦᠨ ᠤ ᠬᠡᠷᠡᠭᠯᠡᠭᠡᠨ ᠤ ᠬᠠᠷᠢᠴᠠᠯ ᠢ | ᠳᠡᠭᠡᠭᠰᠢᠯᠡᠭᠦᠯᠦᠨ᠎ᠡ᠃ ᠤᠰᠤ ᠪᠠᠷ ᠭᠠᠷᠤᠯᠲᠠ ᠶᠢ ᠲᠣᠭᠲᠠᠭᠠᠭᠰᠠᠨ ᠤᠷᠢᠲᠠᠯ ᠳᠣᠣᠷ᠎ᠠ᠂ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠬᠦ | ᠤᠰᠤ ᠶᠢ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ | ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠮᠧᠩ ᠳ᠋ᠦᠩ ᠴᠠᠬᠢᠯᠭᠠᠨ | ᠬᠦᠴᠦᠨ ᠤ ᠺᠣᠮᠫᠠᠨᠢ︶ | ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠱᠠᠩᠨᠠᠵᠤ ᠨᠥᠬᠦᠪᠦᠷᠢᠯᠡᠬᠦ ︵ᠱᠠᠩᠨᠠᠬᠤ︶ ᠪᠡᠯᠡ | ᠮᠥᠩᠭᠦ ᠶᠢ ᠴᠥᠮ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ | ᠪᠣᠳᠠᠲᠠᠢ ᠪᠠᠷ ᠨᠥᠬᠦᠪᠦᠷᠢᠯᠡᠬᠦ᠂ ᠡᠷᠭᠢᠯᠳᠦᠭᠦᠯᠦᠨ ᠬᠡᠷᠡᠭᠵᠢᠭᠦᠯᠬᠦ︾ ᠠᠷᠭ᠎ᠠ ᠮᠠᠶ᠋ᠢᠭ ᠢᠶᠠᠷ ᠰᠠᠯᠭᠠᠨ ᠥᠭᠴᠦ᠂ ᠡᠯ᠎ᠡ | ᠬᠠᠷᠢᠭᠤᠴᠠᠯᠭᠠᠲᠤ ᠨᠢᠭᠡᠴᠡ ᠨᠦᠭᠦᠳ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ᠂ ᠪᠡᠯᠡ ᠮᠥᠩᠭᠦ ᠶᠢᠨ | ᠱᠠᠩᠨᠠᠵᠤ ᠨᠥᠬᠦᠪᠦᠷᠢᠯᠡᠬᠦ ᠬᠠᠮᠢᠶ᠎ᠠ ᠪᠦᠬᠦᠢ ᠪᠠᠷᠢᠮᠵᠢᠶ᠎ᠠ᠂ ᠮᠡᠳᠡᠭᠦᠯᠬᠦ ᠲᠠᠰ ᠳᠠᠷᠠᠭᠠᠯᠠᠯ᠂ ᠬᠡᠷᠡᠭᠵᠢᠭᠦᠯᠬᠦ ᠠᠭᠤᠯᠭ᠎ᠠ᠂ | ᠰᠢᠯᠭᠠᠨ ᠬᠢᠨᠠᠵᠤ ᠰᠢᠯᠭᠠᠨ ᠠᠪᠬᠤ ᠵᠡᠷᠭᠡ ᠠᠭᠤᠯᠭ᠎ᠠ ᠶᠢ ᠲᠣᠳᠣᠷᠬᠠᠶᠢᠯᠠᠬᠤ ᠶᠢᠨ ᠬᠠᠮᠲᠤ ᠲᠣᠭᠲᠠᠮᠠᠯ | ᠬᠤᠭᠤᠴᠠᠭ᠎ᠠ ᠲᠠᠢ ᠪᠠᠷ ᠲᠣᠬᠢᠷᠠᠭᠤᠯᠤᠨ᠂ ᠴᠠᠭ ᠲᠤᠨᠢ ᠲᠣᠬᠢᠷᠠᠭᠤᠯᠤᠨ ᠦᠨᠡᠯᠡᠨ ᠵᠢᠱᠢᠵᠦ᠂ ᠦᠷ᠎ᠡ ᠪᠦᠲᠦᠮᠵᠢ ᠶᠢ ᠨᠢ | ᠮᠥᠷᠳᠡᠨ ᠠᠰᠠᠭᠤᠬᠤ ᠬᠡᠷᠡᠭᠲᠡᠢ᠃ | ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢ ᠳᠡᠮᠵᠢᠬᠦ ᠠᠷᠭ᠎ᠠ | ᠬᠡᠮᠵᠢᠶ᠎ᠡ ᠨᠦᠭᠦᠳ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ | ﹇2024﹈ 10 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠥᠰᠥᠭ ᠪᠢᠴᠢᠭ ᠢᠶᠠᠷ ᠲᠠᠶᠢᠯᠬᠤᠢ᠄ ︽ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢ ᠳᠡᠮᠵᠢᠬᠦ ᠲᠤᠬᠠᠢ ᠠᠷᠭ᠎ᠠ | ᠬᠡᠮᠵᠢᠶ᠎ᠡ ᠨᠦᠭᠦᠳ︾ ᠲᠥᠷᠥ ᠶᠢᠨ ᠪᠣᠳᠣᠯᠭ᠎ᠠ ᠶᠢᠨ ᠲᠠᠶᠢᠯᠤᠮᠵᠢ |