ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2023﹈ | 16 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︿ᠤᠯᠤᠰ ᠤᠨ ᠴᠢᠬᠤᠯᠠ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢᠨ | ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠨᠠᠮ ᠲᠠᠷᠬᠠᠭᠠᠭᠰᠠᠨ ﹇2022﹈ | 33 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠥᠯᠥᠭᠡ᠂ ᠲᠠᠷᠢᠶᠠᠯᠠᠩ ᠮᠠᠯ | ᠠᠵᠤ ᠠᠬᠤᠢ ᠶᠢᠨ ᠬᠡᠪᠴᠢᠶᠡᠵᠢᠯᠲᠡ᠂ ᠠᠵᠤ ᠦᠢᠯᠡᠰᠵᠢᠯᠲᠡ᠂ ᠨᠡᠷᠡᠲᠦ ᠲᠥᠷᠥᠯ ᠲᠡᠮᠳᠡᠭᠵᠢᠯᠲᠡ ᠶᠢᠨ ᠬᠥᠭᠵᠢᠯᠲᠡ ᠶᠢ | ᠶᠡᠬᠡᠪᠡᠷ ᠠᠬᠢᠭᠤᠯᠵᠤ᠂ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠳᠠᠭᠠᠯᠲᠠ | ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ | 2024 ᠣᠨ ᠤ 12 ᠰᠠᠷ᠎ᠠ ᠶᠢᠨ 31 ᠤ ᠡᠳᠦᠷ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠵᠠᠰᠠᠪᠤᠷᠢ ᠣᠷᠣᠭᠤᠯᠤᠨ ᠳᠠᠷᠤᠮᠠᠯᠯᠠᠨ | ᠲᠠᠷᠬᠠᠭᠠᠪᠠ᠃ ᠡᠯ᠎ᠡ ᠱᠠᠲᠤᠨ ᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠤ ᠠᠬᠤᠶᠢᠯᠠᠯ ᠤᠨ ᠭᠤᠣᠯ ᠴᠣᠭᠴᠠ ᠶᠢᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠤᠰᠤᠳᠴᠢ ᠪᠠᠷ᠂ ᠭᠦᠨᠵᠡᠭᠡᠢ ᠣᠶᠢᠯᠠᠭᠠᠬᠤ ᠳᠤ ᠲᠥᠬᠦᠮ | ᠦᠵᠡᠭᠦᠯᠬᠦ ᠶᠢᠨ ᠲᠤᠰᠠᠳᠠ᠂ ᠡᠳᠦᠭᠡ ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠃ | ᠨᠢᠭᠡ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ | ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢ | ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾ ᠨᠢ ᠨᠡᠶᠢᠲᠡ ᠶᠢᠰᠦᠨ ᠪᠦᠯᠦᠭ ᠪᠣᠶ᠃ ᠭᠤᠣᠯ ᠠᠭᠤᠯᠭ᠎ᠠ ᠳᠤ᠄ | ᠣᠲᠣ ᠶᠢᠨ ᠪᠠᠶᠢᠭ᠎ᠠ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠡᠳᠬᠦᠨ ᠳᠡᠮᠵᠢᠵᠦ᠂ ᠨᠠᠷᠢᠯᠢᠭ | ᠭᠦᠨᠵᠡᠭᠡᠢ ᠡᠳ᠋ᠰᠢᠭᠦᠯᠵᠦ ᠪᠣᠯᠪᠠᠰᠤᠷᠠᠭᠤᠯᠬᠤ ᠠᠵᠤ ᠠᠬᠤᠶᠢᠯᠠᠯ ᠢ ᠶᠡᠬᠡᠪᠡᠷ ᠪᠣᠶᠢᠵᠢᠭᠤᠯᠤᠨ᠂ ᠨᠠᠷᠢᠯᠢᠭ ᠭᠦᠨᠵᠡᠭᠡᠢ | ᠡᠳ᠋ᠰᠢᠭᠦᠯᠵᠦ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠨᠠᠷᠢᠯᠢᠭ ᠭᠦᠨᠵᠡᠭᠡᠢ ᠡᠳ᠋ᠰᠢᠭᠦᠯᠵᠦ | ᠪᠣᠯᠪᠠᠰᠤᠷᠠᠭᠤᠯᠬᠤ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠤ ᠴᠤᠭᠯᠠᠷᠠᠬᠤ ᠶᠢ ᠠᠬᠢᠭᠤᠯᠤᠨ᠂ ᠤᠷᠢᠳᠴᠢᠯᠠᠨ | ᠬᠢᠭᠰᠡᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ | ᠵᠠᠭᠪᠤᠷ ᠤᠨ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠂ ᠬᠦᠴᠦᠨ | ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ᠃ | ᠬᠤᠶᠠᠷ᠂ ᠭᠤᠣᠯ ᠪᠣᠯᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ︵ᠨᠢᠭᠡ︶ ᠤᠳᠤ ᠪᠠᠶᠢᠭ᠎ᠠ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠬᠦ ᠲᠠᠯ᠎ᠠ ᠪᠠᠷ | 3 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠳᠤᠷᠠᠳᠪᠠ᠃ | 1. 2024 ᠣᠨ ︵ᠪᠠᠭᠲᠠᠨ᠎ᠠ︶ ᠠᠴᠠ ᠰᠡᠭᠦᠯᠡᠷ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠳᠦᠷᠢᠮ ᠢ | ᠥᠷᠭᠡᠳᠬᠡᠨ ᠭᠠᠷᠤᠯᠲᠠ ᠶᠢ ᠳᠡᠭᠡᠭᠰᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠢᠯ ᠤᠨ ᠭᠤᠣᠯ | ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2 ᠳ᠋ᠦᠩᠰᠢᠭᠤᠷ ᠲᠥᠭᠦᠷᠢᠭ ᠠᠴᠠ ᠳᠡᠭᠡᠭᠰᠢ | ᠪᠠᠶᠢᠬᠤ ᠶᠢ ᠪᠡᠶᠡᠯᠡᠭᠦᠯᠦᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ | ᠪᠣᠯᠪᠠᠰᠤᠷᠠᠭᠤᠯᠬᠤ ᠠᠵᠤ ᠠᠬᠤᠶᠢᠯᠠᠯ ᠳᠤ ᠵᠢᠯ ᠪᠦᠷᠢ 200 ᠲᠦᠮᠡᠨ ᠲᠥᠭᠦᠷᠢᠭ ᠠᠴᠠ ᠥᠯᠥ ᠬᠡᠲᠦᠷᠡᠬᠦ | ᠭᠦᠢᠯᠭᠡᠭᠡᠨ ᠤ ᠪᠡᠯᠡ ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠶᠢᠨ | ᠵᠢᠭᠡᠯᠡᠯᠭᠡ ᠶᠢᠨ ᠳᠠᠮ ᠬᠦᠦ ᠣᠯᠭᠤᠨ᠎ᠠ᠃ | 2. ᠰᠢᠨ᠎ᠡ ᠪᠠᠷ ᠬᠢᠨᠠᠨ ᠲᠣᠭᠲᠠᠭᠠᠭᠰᠠᠨ ᠲᠠᠷᠢᠶᠠᠯᠠᠩ ᠤᠨ ᠠᠵᠤ ᠦᠢᠯᠡᠰᠵᠢᠯᠳᠡ ᠶᠢᠨ ᠤᠯᠤᠰ ᠤᠨ | ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ 50 ᠲᠦᠮᠡᠨ | ᠲᠥᠭᠦᠷᠢᠭ ᠤᠨ ᠱᠠᠩᠨᠠᠯ ᠣᠯᠭᠤᠨ᠎ᠠ᠃ | 3. ᠤᠯᠤᠰ ᠤᠨ ᠲᠠᠰ ᠤᠨ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠤᠨ ᠨᠢᠭᠡ ᠳᠤ ᠨᠢᠭᠡ | ᠬᠠᠷᠠᠭᠠᠯᠵᠠᠭᠰᠠᠨ ᠲᠡᠳᠬᠦᠬᠦ ᠲᠣᠭᠲᠠᠴᠠ ᠶᠢ ᠪᠠᠶᠢᠭᠤᠯᠵᠤ᠂ ᠡᠬᠢ ᠪᠠᠶᠠᠯᠢᠭ ᠤᠨ ᠬᠦᠴᠦᠨ ᠢ ᠲᠥᠪᠯᠡᠷᠡᠭᠦᠯᠦᠨ᠂ ︽ᠨᠢᠭᠡ | ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ︾ ᠪᠠᠷ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ | ᠠᠰᠠᠭᠤᠳᠠᠯ ᠢ ᠰᠢᠢᠳᠪᠦᠷᠢᠯᠡᠨ᠎ᠡ᠃ | ︵ᠬᠤᠶᠠᠷ︶ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠠᠵᠤ ᠠᠬᠤᠶᠢᠯᠠᠯ ᠢ ᠶᠡᠬᠡᠪᠡᠷ ᠪᠣᠶᠢᠵᠢᠭᠤᠯᠬᠤ ᠲᠠᠯ᠎ᠠ ᠪᠠᠷ᠂ | 2 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠪᠠ᠃ | 1. ᠣᠷᠣᠨ ᠨᠤᠲᠤᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠪᠡᠯᠡ | ᠮᠥᠩᠭᠦ ᠶᠢ ᠨᠢᠭᠡᠳᠦᠯᠲᠡᠢ ᠲᠥᠯᠥᠪᠯᠡᠬᠦ ᠶᠢ ᠵᠣᠷᠢᠭᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢ ᠳᠡᠮᠵᠢᠬᠦ ᠶᠢᠨ ᠬᠠᠮᠲᠤ ᠲᠠᠷᠢᠶᠠᠯᠠᠩ ᠲᠠᠢ ᠬᠤᠯᠪᠣᠭᠠᠯᠠᠵᠤ | ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | 2. ᠰᠢᠨ᠎ᠡ ᠪᠠᠷ ᠳᠠᠩᠰᠠᠯᠠᠭᠤᠯᠤᠭᠰᠠᠨ ᠮᠥᠷᠲᠡᠭᠡᠨ ᠣᠨ ᠤ ᠭᠤᠣᠯ ᠡᠵᠡᠩᠨᠡᠯᠲᠡ ᠶᠢᠨ ᠲᠤᠬᠠᠶᠢᠯᠠᠭᠰᠠᠨ | ᠠᠵᠢᠯ ᠤᠨ ᠣᠷᠣᠯᠭ᠎ᠠ ᠨᠢ 2 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠤᠭᠰᠠᠨ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠠᠵᠤ ᠠᠬᠤᠶᠢᠯᠠᠯ ᠳᠤ᠂ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠥᠪᠰᠢᠶᠡᠷᠡᠨ | ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠭᠰᠡᠨ ᠭᠦᠢᠯᠭᠡᠭᠡᠨ ᠤ ᠪᠡᠯᠡ ᠮᠥᠩᠭᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠳᠤ ᠵᠢᠯ ᠪᠦᠷᠢ 200 ᠲᠦᠮᠡᠨ | ᠲᠥᠭᠦᠷᠢᠭ ᠠᠴᠠ ᠥᠯᠥ ᠬᠡᠲᠦᠷᠡᠬᠦ ᠳᠠᠮ ᠬᠦᠦ ᠶᠢᠨ ᠳᠡᠮᠵᠢᠯᠭᠡ ᠣᠯᠭᠤᠨ᠎ᠠ᠃ | ︵ᠭᠤᠷᠪᠠ︶ ᠨᠠᠷᠢᠯᠢᠭ ᠭᠦᠨᠵᠡᠭᠡᠢ ᠡᠳ᠋ᠰᠢᠭᠦᠯᠦᠨ ᠰᠢᠯᠢᠳᠡᠭᠵᠢᠭᠦᠯᠵᠦ ᠲᠠᠰ ᠳᠡᠪᠰᠢᠭᠦᠯᠬᠦ ᠶᠢ ᠠᠬᠢᠭᠤᠯᠬᠤ | ᠲᠠᠯ᠎ᠠ ᠪᠠᠷ᠂ 4 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠪᠠ᠃ | 1. 2024 ᠣᠨ ᠠᠴᠠ ᠰᠡᠭᠦᠯᠡᠷᠬᠢ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ | ᠣᠷᠣᠯᠭ᠎ᠠ ᠨᠢ 1.6 ᠳ᠋ᠦᠩᠰᠢᠭᠤᠷ ᠲᠥᠭᠦᠷᠢᠭ ᠲᠤ ᠬᠦᠷᠦᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠠᠵᠤ ᠠᠬᠤᠶᠢᠯᠠᠯ ᠳᠤ᠂ ᠰᠢᠨ᠎ᠡ ᠪᠠᠷ ᠪᠠᠶᠢᠭᠤᠯᠬᠤ ᠪᠠ ᠲᠠᠰ | ᠳᠡᠪᠰᠢᠭᠦᠯᠵᠦ ᠥᠭᠡᠷᠡᠴᠢᠯᠡᠨ ᠰᠠᠶᠢᠵᠢᠷᠠᠭᠤᠯᠬᠤ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠲᠥᠷᠥᠯ ᠵᠦᠢᠯ ᠳᠤ | ᠬᠡᠷᠡᠭᠯᠡᠬᠦ ᠵᠢᠭᠡᠯᠡᠯᠭᠡ ᠳᠤ ᠵᠢᠯ ᠪᠦᠷᠢ 300 ᠲᠦᠮᠡᠨ ᠲᠥᠭᠦᠷᠢᠭ ᠠᠴᠠ ᠥᠯᠥ ᠬᠡᠲᠦᠷᠡᠬᠦ ᠳᠠᠮ ᠬᠦᠦ ᠶᠢᠨ ᠳᠡᠮᠵᠢᠯᠭᠡ | ᠣᠯᠭᠤᠨ᠎ᠠ᠃ | 2. ᠵᠢᠯ ᠤᠨ ᠪᠣᠳᠠᠲᠠᠢ ᠨᠢᠲᠤᠯᠵᠤ ᠡᠳ᠋ᠰᠢᠭᠦᠯᠦᠭᠰᠡᠨ ᠬᠡᠮᠵᠢᠶ᠎ᠡ ᠨᠢ 2 ᠲᠦᠮᠡ ᠠᠴᠠ ᠳᠡᠭᠡᠭᠰᠢ ᠳᠤ ᠬᠦᠷᠦᠭᠰᠡᠨ | ᠠᠯᠠᠰᠢᠨ ᠦᠬᠡᠷ ᠨᠢᠲᠤᠯᠬᠤ ᠠᠵᠤ ᠠᠬᠤᠶᠢᠯᠠᠯ ᠳᠤ᠂ ᠪᠣᠷᠳᠣᠵᠤ ᠲᠠᠷᠭᠤᠯᠠᠭᠤᠯᠬᠤ ᠦᠬᠡᠷ ᠬᠤᠳᠠᠯᠳᠤᠨ ᠠᠪᠬᠤ ᠶᠢᠨ | ᠭᠦᠢᠯᠭᠡᠭᠡᠨ ᠤ ᠪᠡᠯᠡ ᠮᠥᠩᠭᠦ ᠶᠢᠨ ᠵᠢᠭᠡᠯᠡᠯᠭᠡ ᠳᠤ ᠵᠢᠯ ᠪᠦᠷᠢ 600 ᠲᠦᠮᠡᠨ ᠲᠥᠭᠦᠷᠢᠭ ᠠᠴᠠ ᠥᠯᠥ ᠬᠡᠲᠦᠷᠡᠬᠦ | ᠳᠠᠮ ᠬᠦᠦ ᠶᠢᠨ ᠳᠡᠮᠵᠢᠯᠭᠡ ᠣᠯᠭᠤᠨ᠎ᠠ᠃ | 3. ᠠᠯᠠᠰᠢᠨ ᠦᠬᠡᠷ ᠤᠨ ᠠᠵᠤ ᠠᠬᠤᠶᠢᠯᠠᠯ ᠤᠨ ᠦᠬᠡᠷ ᠤᠨ ᠮᠢᠬᠠᠨ ᠤ ᠤᠷᠢᠳᠴᠢᠯᠠᠨ ᠬᠢᠭᠰᠡᠨ ᠨᠣᠭᠤᠭ᠎ᠠ᠂ | ᠰᠠᠪᠠᠯᠠᠵᠤ ᠬᠢᠭᠰᠡᠨ ᠪᠦᠲᠦᠭᠡᠭᠳᠡᠬᠦᠨ᠂ ᠡᠷᠡᠭᠦᠯᠵᠢᠯ ᠤᠨ ᠪᠦᠲᠦᠭᠡᠭᠳᠡᠬᠦᠨ᠂ ᠢᠳᠡᠪᠬᠢ ᠢᠰᠬᠡᠭᠦᠷ ᠵᠡᠷᠭᠡ ᠰᠢᠨ᠎ᠡ | ᠦᠢᠯᠡᠳᠬᠦᠨ ᠰᠢᠨ᠎ᠡ ᠮᠡᠷᠭᠡᠵᠢᠯ ᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠳᠡᠮᠵᠢᠨ᠎ᠡ᠃ | 4. ᠮᠠᠨ ᠤ ᠣᠷᠣᠨ ᠤ ᠲᠣᠮᠣ ᠬᠡᠯᠪᠡᠷᠢ ᠶᠢᠨ ᠨᠠᠷᠠᠲᠤ ᠠᠵᠤ ᠠᠬᠤᠶᠢᠯᠠᠯ ᠤᠨ ᠠᠯᠠᠰᠢᠨ ᠦᠬᠡᠷ ᠤᠨ ᠠᠵᠤ | ᠦᠢᠯᠡᠰ ᠲᠤ ᠣᠷᠣᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠪᠣᠷᠣᠯᠠᠭᠤᠯᠬᠤ ᠠᠷᠭ᠎ᠠ ᠵᠠᠮ᠂ ᠨᠠᠷᠠᠲᠤ ᠲᠥᠷᠥᠯ | ᠲᠡᠮᠳᠡᠭᠲᠦ ᠶᠢᠨ ᠳᠠᠪᠠᠭᠤᠯᠢᠭ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠠᠰᠢᠭᠯᠠᠨ᠂ ᠮᠠᠨ ᠤ ᠣᠷᠣᠨ ᠤ ᠠᠯᠠᠰᠢᠨ | ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠦᠨ᠎ᠡ᠃ | ︵ᠳᠥᠷᠪᠡ︶ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠤ | ᠴᠤᠭᠯᠠᠷᠠᠬᠤ ᠶᠢ ᠠᠬᠢᠭᠤᠯᠬᠤ ᠲᠠᠯ᠎ᠠ ᠪᠠᠷ᠂ 3 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠨ᠎ᠠ᠃ | 1. ᠵᠢᠯ ᠪᠦᠷᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠥᠪᠡᠷᠲᠡᠭᠡᠨ ᠵᠠᠰᠠᠬᠤ | ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ 2 ᠰᠢᠯᠢᠨ | ᠰᠣᠩᠭᠤᠨ᠎ᠠ᠃ | 2. ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ | ᠪᠠᠶᠢᠭᠤᠯᠬᠤ ᠦᠶ᠎ᠡ ᠳᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ | ᠪᠣᠯᠪᠠᠰᠤᠷᠠᠭᠤᠯᠬᠤ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠳᠠᠯᠢ | ᠨᠥᠬᠦᠴᠡᠯ ᠤᠨ ᠳᠣᠣᠷ᠎ᠠ ᠤᠷᠢᠳᠠᠪᠠᠷ ᠳᠡᠮᠵᠢᠨ᠎ᠡ᠃ | 3. ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠰᠬᠠᠢ ᠵᠦᠢᠯ ᠤᠨ ᠪᠡᠯᠡ ᠮᠥᠩᠭᠦ ᠶᠢ ᠬᠡᠷᠡᠭᠯᠡᠬᠦ | ᠦᠶᠡᠰ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠪᠠᠷ | ᠭᠤᠣᠯ ᠪᠣᠯᠭᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠳᠠᠯᠢ ᠨᠥᠬᠦᠴᠡᠯ ᠤᠨ ᠳᠣᠣᠷ᠎ᠠ | ᠤᠷᠢᠳᠠᠪᠠᠷ ᠳᠡᠮᠵᠢᠨ᠎ᠡ᠃ | ︵ᠲᠠᠪᠤ︶ ᠪᠡᠯᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ᠂ 1 ᠵᠦᠢᠯ ᠤᠨ | ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠪᠠ᠃ | ᠰᠢᠯᠭᠠᠷᠠᠭᠤᠯᠵᠤ ᠭᠠᠷᠭᠠᠭᠰᠠᠨ ᠥᠪᠡᠷᠲᠡᠭᠡᠨ ᠵᠠᠰᠠᠬᠤ ᠣᠷᠣᠨ ᠤ ᠤᠷᠢᠳᠴᠢᠯᠠᠨ ᠬᠢᠭᠰᠡᠨ ᠨᠣᠭᠤᠭ᠎ᠠ ᠶᠢᠨ | ᠬᠥᠲᠥᠴᠢ ᠠᠵᠤ ᠠᠬᠤᠶᠢᠯᠠᠯ᠂ ᠰᠦᠯᠵᠢᠶᠡᠨ ᠳᠡᠭᠡᠷ᠎ᠡ ᠪᠣᠷᠣᠯᠠᠭᠤᠯᠬᠤ᠂ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢᠨ | ᠰᠢᠯᠢᠳᠡᠭ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠲᠤᠭ᠎ᠠ ᠶᠢ ᠳᠡᠭᠡᠷ᠎ᠡ ᠵᠢᠯ ᠤᠨ ᠬᠢ ᠠᠴᠠ ᠰᠢᠨ᠎ᠡ ᠪᠠᠷ 100 | ᠲᠦᠮᠡᠨ ᠲᠥᠭᠦᠷᠢᠭ ᠨᠡᠮᠡᠭᠳᠡᠭᠰᠡᠨ ᠳᠤ 2 ᠲᠦᠮᠡᠨ ᠲᠥᠭᠦᠷᠢᠭ ᠢᠶᠠᠷ ᠱᠠᠩᠨᠠᠵᠤ᠂ ᠬᠠᠮᠤᠭ ᠤᠨ ᠥᠨᠳᠥᠷ ᠲᠡᠭᠡᠨ 30 | ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠪᠠᠷ ᠱᠠᠩᠨᠠᠨ᠎ᠠ᠃ | ︵ᠵᠢᠷᠭᠤᠭ᠎ᠠ︶ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ | ᠲᠠᠯ᠎ᠠ ᠪᠠᠷ᠂ 2 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠪᠠ᠃ | 1. ᠰᠢᠨ᠎ᠡ ᠪᠠᠷ ᠳᠡᠪᠰᠢᠭᠰᠡᠨ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠣᠭᠤᠷᠢᠭ᠂ 5A ᠲᠠᠰ ᠤᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠲᠣᠰ ᠲᠣᠰ ᠨᠢᠭᠡ | ᠤᠳᠠᠭ᠎ᠠ ᠶᠢᠨ ᠴᠢᠨᠠᠷᠲᠠᠢ ᠪᠠᠷ 300 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | 2. ᠮᠠᠨ ᠤ ᠣᠷᠣᠨ ᠤ ᠠᠵᠤ ᠠᠬᠤᠶᠢᠯᠠᠯ ᠤᠨ ᠪᠡᠭᠡᠵᠢᠩ ᠱᠠᠩᠬᠠᠢ ᠭᠤᠸᠠᠩᠵᠧᠦ ᠱᠧᠨᠵᠧᠨ᠂ ᠬᠥᠬᠡᠮᠥ᠋ᠷᠡᠨ ᠤ | ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠣᠯ ᠪᠣᠯᠬᠤ ᠬᠡᠷᠡᠭᠯᠡᠭᠡᠨ ᠤ | ᠭᠠᠵᠠᠷ ᠲᠤ ᠡᠮᠦᠨᠡᠬᠢ ᠬᠦᠢᠲᠡᠨ ᠬᠡᠯᠬᠢᠶᠡᠲᠦ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢ ᠬᠥᠭᠵᠢᠭᠦᠯᠬᠦ ᠶᠢ | ᠵᠣᠷᠢᠭᠵᠢᠭᠤᠯᠤᠨ᠎ᠠ᠃ | ︵ᠳᠣᠯᠤᠭ᠎ᠠ︶ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠵᠠᠭᠪᠤᠷ ᠤᠨ ᠰᠢᠨ᠎ᠡ ᠶᠢ ᠡᠭᠦᠳᠬᠦ ᠲᠠᠯ᠎ᠠ ᠪᠠᠷ᠂ 4 | ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠪᠠ᠃ | 1. ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ | ᠪᠣᠶᠢᠵᠢᠭᠤᠯᠬᠤ ᠪᠠ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠶᠢ ᠳᠡᠮᠵᠢᠵᠦ᠂ ︽ᠥᠪᠥᠷ ᠮᠣᠩᠭᠤᠯ︾ | ᠥᠰᠥᠭ ᠤᠨ ᠲᠡᠮᠳᠡᠭ ᠤᠨ ᠭᠡᠷᠡᠴᠢᠯᠡᠭᠡ ᠬᠢᠬᠦ ᠶᠢ ᠥᠷᠨᠢᠭᠦᠯᠵᠦ᠂ ︽ᠥᠪᠥᠷ ᠮᠣᠩᠭᠤᠯ︾ ᠥᠰᠥᠭ ᠤᠨ ᠲᠡᠮᠳᠡᠭ ᠤᠨ | ᠭᠡᠷᠡᠴᠢᠯᠡᠭᠡ ᠣᠯᠣᠭᠰᠠᠨ ᠠᠵᠤ ᠠᠬᠤᠶᠢᠯᠠᠯ ᠳᠤ ᠭᠡᠷᠡᠴᠢᠯᠡᠭᠡ ᠬᠢᠬᠦ ᠪᠠ ᠰᠢᠯᠭᠠᠨ ᠪᠠᠶᠢᠴᠠᠭᠠᠵᠤ ᠪᠠᠶᠢᠴᠠᠭᠠᠨ ᠰᠢᠨᠵᠢᠬᠦ | ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ | 2. 2024 ᠣᠨ ᠳᠤ ᠪᠣᠬᠢᠷᠲᠤᠯ ᠦᠭᠡᠢ ᠢᠳᠡᠭᠡᠨ ᠢ ᠪᠥᠬᠦ ᠲᠤᠭ᠎ᠠ ᠪᠠᠷ ᠱᠠᠩᠨᠠᠨ ᠨᠥᠬᠦᠪᠦᠷᠢᠯᠡᠵᠦ᠂ | ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠨ ᠮᠠᠭᠠᠳᠯᠠᠭᠰᠠᠨ ᠭᠠᠷᠤᠯᠲᠠ ᠶᠢᠨ | ᠬᠡᠮᠵᠢᠶ᠎ᠡ ᠨᠢ 1000 ᠲᠣᠨ ᠠᠴᠠ ᠳᠡᠭᠡᠭᠰᠢ ᠳᠤ ᠬᠦᠷᠦᠭᠰᠡᠨ ᠠᠵᠤ ᠠᠬᠤᠶᠢᠯᠠᠯ ᠤᠨ ᠭᠡᠷᠡᠴᠢᠯᠡᠨ ᠮᠠᠭᠠᠳᠯᠠᠭᠰᠠᠨ | ᠵᠠᠷᠤᠳᠠᠯ ᠤᠨ ᠪᠣᠳᠠᠲᠠᠢ ᠪᠠᠷᠢᠮᠵᠢᠶ᠎ᠠ ᠶᠢ ᠳᠡᠭᠡᠷ᠎ᠡ ᠨᠢᠭᠡ ᠵᠢᠯ ᠤᠨ ᠭᠡᠷᠡᠴᠢᠯᠡᠨ ᠮᠠᠭᠠᠳᠯᠠᠭᠰᠠᠨ ᠭᠠᠷᠤᠯᠲᠠ ᠶᠢᠨ | ᠬᠡᠮᠵᠢᠶ᠎ᠡ ᠶᠢ ᠦᠨᠳᠦᠰᠦᠯᠡᠨ ᠲᠣᠭᠲᠠᠭᠠᠨ᠎ᠠ᠃ | 3. ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠬᠦ ᠶᠢ ᠠᠬᠢᠭᠤᠯᠵᠤ᠂ | ᠪᠡᠭᠡᠵᠢᠩ ᠵᠡᠷᠭᠡ ᠨᠢᠭᠡᠳᠦᠭᠡᠷ ᠵᠡᠷᠭᠡ ᠶᠢᠨ ᠬᠤᠲᠠ ᠳᠤ ︽ᠪᠣᠬᠢᠷᠲᠤᠯ ᠦᠭᠡᠢ ᠪᠦᠲᠦᠭᠡᠭᠳᠡᠬᠦᠨ ᠢ ᠪᠣᠭᠤᠮᠲᠠ ᠠᠴᠠ | ᠭᠠᠷᠭᠠᠬᠤ︾ ᠬᠡᠷᠡᠭᠯᠡᠭᠡ ᠶᠢ ᠬᠠᠪᠰᠤᠷᠤᠨ ᠲᠡᠳᠬᠦᠵᠦ ᠲᠠᠨᠢᠯᠴᠠᠭᠤᠯᠬᠤ ᠠᠵᠢᠯᠯᠠᠭ᠎ᠠ ᠶᠢ ᠦᠷᠭᠦᠯᠵᠢᠯᠡᠨ | ᠶᠠᠪᠤᠭᠳᠠᠭᠤᠯᠤᠨ᠎ᠠ᠃ | 4. ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠶᠠᠮᠤᠨ ᠵᠥᠪᠯᠡᠯ ᠳᠤ ᠣᠷᠣᠭᠤᠯᠬᠤ᠂ | ᠲᠥᠪ ᠤᠨ ᠠᠵᠤ ᠠᠬᠤᠶᠢᠯᠠᠯ ᠳᠤ ᠣᠷᠣᠭᠤᠯᠬᠤ᠂ ᠳᠡᠭᠡᠳᠦ ᠰᠤᠷᠭᠠᠭᠤᠯᠢ ᠳᠤ ᠣᠷᠣᠭᠤᠯᠬᠤ᠂ ᠬᠤᠳᠠᠯᠳᠤᠭᠠᠨ ᠤ ᠬᠡᠲᠦ | ᠳᠡᠯᠭᠡᠭᠦᠷ ᠲᠤ ᠣᠷᠣᠭᠤᠯᠬᠤ᠂ ᠢᠳᠡᠭᠡᠨ ᠤᠮᠳᠠᠭᠠᠨ ᠳᠤ ᠣᠷᠣᠭᠤᠯᠬᠤ ᠶᠢ ᠠᠬᠢᠭᠤᠯᠵᠤ᠂ ᠰᠢᠭᠤᠳ ᠨᠡᠪᠲᠡᠷᠡᠭᠦᠯᠭᠡ ᠪᠠᠷ | ᠪᠠᠷᠠᠭ᠎ᠠ ᠬᠤᠳᠠᠯᠳᠤᠬᠤ᠂ ᠡᠯᠧᠺᠲᠷᠣᠨ ᠬᠤᠳᠠᠯᠳᠤᠭᠠᠨ ᠤ ᠲᠠᠪᠴᠠᠩ ᠵᠡᠷᠭᠡ ᠰᠦᠯᠵᠢᠶᠡᠨ ᠳᠡᠭᠡᠷ᠎ᠡ ᠪᠣᠷᠣᠯᠠᠭᠤᠯᠬᠤ ᠶᠢ | ᠳᠡᠮᠵᠢᠬᠦ ᠡᠷᠴᠢᠮ ᠢ ᠴᠢᠩᠭᠠᠷᠠᠭᠤᠯᠤᠨ᠎ᠠ᠃ | ︵ᠨᠠᠢᠮᠠ︶ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠬᠤ ᠲᠠᠯ᠎ᠠ ᠪᠠᠷ᠂ 4 ᠵᠦᠢᠯ ᠤᠨ ᠪᠣᠳᠠᠲᠠᠢ | ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | 1. ᠠᠵᠤ ᠠᠬᠤᠶᠢᠯᠠᠯ ᠤᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠪᠠ ᠲᠥᠷᠥᠯ ᠵᠦᠢᠯ ᠤᠨ ᠪᠡᠯᠡ | ᠲᠣᠬᠢᠷᠠᠭᠤᠯᠭ᠎ᠠ ᠶᠢ ᠳᠡᠮᠵᠢᠵᠦ᠂ ᠵᠠᠬᠢᠶᠠᠯᠠᠭ᠎ᠠ ᠶᠢᠨ ᠬᠠᠭᠤᠳᠠᠰᠤ᠂ ᠬᠥᠮᠥᠷᠭᠡ ᠶᠢᠨ ᠬᠠᠭᠤᠳᠠᠰᠤ᠂ ᠬᠤᠷᠢᠶᠠᠪᠠᠰᠤ ᠵᠣᠬᠢᠬᠤ | ᠲᠠᠩᠰᠠᠨ ᠵᠣᠭᠤᠰ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠵᠡᠷᠭᠡ ᠳᠠᠨᠵᠢᠯᠠᠭᠰᠠᠨ ᠵᠢᠭᠡᠯᠡᠯᠭᠡ ᠶᠢᠨ | ᠲᠤᠬᠠᠶᠢᠯᠠᠭᠰᠠᠨ ᠠᠵᠢᠯ ᠢ ᠥᠷᠨᠢᠭᠦᠯᠵᠦ᠂ ᠬᠥᠳᠡᠯᠦᠩᠭᠦᠢ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠨᠢᠭᠡᠳᠦᠯᠲᠡᠢ | ᠳᠡᠩᠰᠡᠯᠡᠨ ᠵᠠᠷᠯᠠᠨ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠳᠠᠭᠠᠭᠠᠯᠲᠠ ᠶᠢᠨ ᠪᠡᠯᠡ ᠲᠣᠬᠢᠷᠠᠭᠤᠯᠭ᠎ᠠ ᠶᠢᠨ | ᠲᠤᠬᠠᠶᠢᠯᠠᠭᠰᠠᠨ ᠠᠵᠢᠯ ᠤᠨ ᠳᠠᠩᠰᠠᠯᠠᠯᠲᠠ ᠬᠢᠨ᠎ᠡ᠃ | 2. ᠬᠦᠦ ᠮᠥᠩᠭᠦ ᠶᠢᠨ ᠨᠤᠷᠮ᠎ᠠ ᠶᠢᠨ ᠨᠥᠬᠦᠪᠦᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ ᠨᠡᠩ | ᠤᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠪᠣᠯᠣᠨ ᠨᠡᠶᠢᠭᠡᠮ ᠤᠨ ᠮᠥᠩᠭᠦᠨ ᠭᠦᠢᠯᠭᠡᠭᠡᠨ ᠤ ᠬᠥᠷᠥᠩᠭᠡ ᠶᠢ | ᠬᠥᠲᠥᠯᠥᠨ ᠵᠢᠯᠤᠭᠤᠳᠴᠤ ᠪᠠᠶᠢᠭᠠᠳ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠢᠯᠢᠭ | ᠭᠦᠨᠵᠡᠭᠡᠢ ᠪᠣᠯᠪᠠᠰᠤᠷᠠᠭᠤᠯᠤᠨ ᠬᠥᠭᠵᠢᠭᠦᠯᠬᠦ ᠳᠤ ᠣᠷᠣᠭᠤᠯᠤᠨ᠎ᠠ᠃ | 3. ᠨᠥᠬᠦᠴᠡᠯ ᠳᠤ ᠨᠡᠶᠢᠴᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ | ᠭᠦᠨᠵᠡᠭᠡᠢ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠠᠩᠬᠢ ᠶᠢᠨ ᠬᠤᠭᠤᠷᠣᠨᠳᠣᠬᠢ ᠵᠢᠭᠡᠯᠡᠯᠭᠡ ᠶᠢᠨ ᠲᠡᠮᠳᠡᠭᠲᠦ ᠶᠢᠨ | ᠵᠠᠬ᠎ᠠ ᠳᠡᠯᠭᠡᠭᠦᠷ ᠲᠤ ᠣᠬᠤᠷ ᠬᠤᠭᠤᠴᠠᠭᠠᠨ ᠤ ᠪᠡᠯᠡ ᠲᠣᠬᠢᠷᠠᠭᠤᠯᠭ᠎ᠠ ᠶᠢᠨ ᠲᠡᠮᠳᠡᠭᠲᠦ᠂ ᠳᠤᠮᠳᠠ ᠬᠤᠭᠤᠴᠠᠭᠠᠨ ᠤ | ᠫᠢᠶᠣᠣ ᠪᠠᠷᠢᠮᠲᠠ ᠵᠡᠷᠭᠡ ᠥᠷᠢ ᠥᠭᠴᠡᠭᠡ ᠶᠢᠨ ᠪᠡᠯᠡ ᠲᠣᠬᠢᠷᠠᠭᠤᠯᠭ᠎ᠠ ᠶᠢᠨ ᠪᠠᠭᠠᠵᠢ ᠲᠠᠷᠬᠠᠭᠠᠵᠤ ᠪᠡᠯᠡ ᠮᠥᠩᠭᠦ | ᠴᠤᠭᠯᠠᠭᠤᠯᠬᠤ ᠶᠢ ᠵᠣᠷᠢᠭᠵᠢᠭᠤᠯᠤᠨ᠎ᠠ᠃ | 4. ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ | ᠮᠥᠩᠭᠦᠨ ᠭᠦᠢᠯᠭᠡᠭᠡᠨ ᠤ ᠬᠡᠯᠬᠢᠶᠡᠨ ᠤ ᠳᠠᠷᠤᠭ᠎ᠠ ᠶᠢᠨ ᠳᠦᠷᠢᠮ ᠢ ᠪᠠᠶᠢᠭᠤᠯᠵᠤ᠂ ᠠᠵᠤ ᠦᠢᠯᠡᠰ ᠬᠤᠪᠢᠶᠠᠨ | ᠬᠡᠯᠬᠢᠶᠡᠨ ᠤ ᠳᠠᠷᠤᠭ᠎ᠠ ᠶᠢᠨ ᠪᠠᠩᠬᠢ ᠪᠠ ᠬᠠᠮᠵᠢᠯᠴᠠᠨ ᠡᠷᠭᠢᠯᠡᠬᠦ ᠪᠠᠩᠬᠢ ᠶᠢ ᠲᠣᠳᠣᠷᠬᠠᠶᠢᠯᠠᠵᠤ᠂ ᠨᠠᠷᠢᠯᠢᠭ ᠭᠦᠨᠵᠡᠭᠡᠢ | ᠪᠣᠯᠪᠠᠰᠤᠷᠠᠭᠤᠯᠬᠤ ᠠᠵᠤ ᠠᠬᠤᠶᠢᠯᠠᠯ ᠳᠤ ᠵᠤᠷᠰᠢᠯ ᠤᠨ ᠦᠢᠯᠡᠴᠢᠯᠡᠭᠡ ᠬᠠᠩᠭᠠᠨ᠎ᠠ᠃ ᠥᠪᠡᠷ ᠤᠨ ᠥᠷᠲᠡᠭ ᠤᠨ | ᠳᠠᠭᠠᠳᠬᠠᠯ᠂ ᠶᠠᠰᠤ ᠴᠢᠨᠠᠷ ᠤᠨ ᠳᠠᠭᠠᠳᠬᠠᠯ᠂ ᠲᠥᠬᠦᠭᠡᠷᠦᠮᠵᠢ ᠶᠢᠨ ᠳᠠᠭᠠᠳᠬᠠᠯ᠂ ᠳᠠᠭᠠᠳᠬᠠᠯ + ᠬᠤᠭᠤᠴᠠᠭᠠᠲᠤ | ᠪᠠᠷᠠᠭ᠎ᠠ ᠵᠡᠷᠭᠡ ᠰᠢᠷᠢᠰ ᠦᠢᠯᠡᠴᠢᠯᠡᠭᠡᠨ ᠪᠠ ᠬᠠᠮ ᠦᠢᠯᠡᠳᠬᠦᠨ ᠤ ᠰᠢᠨ᠎ᠡ ᠶᠢ ᠡᠭᠦᠳᠦᠨ ᠳᠡᠯᠭᠡᠷᠡᠭᠦᠯᠦᠨ᠎ᠡ᠃ | ︵ᠶᠢᠰᠦ︶ ᠬᠦᠴᠦᠨ ᠵᠦᠢᠯ ᠤᠨ ᠪᠠᠲᠤᠯᠠᠭ᠎ᠠ ᠶᠢ ᠪᠣᠳᠠᠲᠠᠶᠢᠵᠢᠭᠤᠯᠬᠤ ᠲᠠᠯ᠎ᠠ ᠪᠠᠷ᠂ ᠭᠠᠶᠢᠯᠢ ᠲᠠᠲᠠᠪᠤᠷᠢ᠂ ᠭᠠᠵᠠᠷ | ᠰᠢᠷᠣᠢ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ ᠵᠡᠷᠭᠡ ᠲᠠᠯ᠎ᠠ ᠪᠠᠷ 4 ᠵᠦᠢᠯ ᠤᠨ ᠪᠣᠳᠠᠲᠠᠢ ᠠᠷᠭ᠎ᠠ | ᠬᠡᠮᠵᠢᠶ᠎ᠡ ᠶᠢ ᠳᠤᠷᠠᠳᠪᠠ᠃ | 1. ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠤᠨ | ᠣᠯᠵᠠᠪᠤᠷᠢ ᠶᠢᠨ ᠭᠠᠶᠢᠯᠢ ᠶᠢᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠨᠢ ᠬᠤᠳᠠᠯᠳᠤᠨ | ᠠᠪᠤᠭᠰᠠᠨ ᠪᠠᠷᠢᠮᠲᠠ ᠪᠠᠷ ᠢᠶᠠᠨ ᠥᠷᠲᠡᠭ ᠨᠡᠮᠡᠭᠳᠡᠯ ᠤᠨ ᠭᠠᠶᠢᠯᠢ ᠶᠢ ᠲᠣᠭᠲᠠᠭᠠᠯ ᠶᠣᠰᠣᠭᠠᠷ ᠲᠥᠯᠥᠵᠦ ᠪᠣᠯᠣᠨ᠎ᠠ᠃ | 2. ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠤᠨ | ᠬᠥᠭᠵᠢᠯᠲᠡ ᠳᠤ ᠬᠡᠷᠡᠭᠯᠡᠬᠦ ᠭᠠᠵᠠᠷ ᠢ ᠤᠷᠢᠳᠠᠪᠠᠷ ᠪᠠᠲᠤᠯᠠᠨ᠎ᠠ᠃ | 3. ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠤᠨ | ᠪᠣᠬᠢᠷᠲᠤᠯ ᠦᠭᠡᠢ ᠴᠠᠬᠢᠯᠭᠠᠨ ᠰᠢᠩᠭᠡᠬᠡᠨ ᠠᠪᠬᠤ ᠶᠢ ᠳᠡᠮᠵᠢᠵᠦ᠂ ᠠᠵᠤ ᠠᠬᠤᠶᠢᠯᠠᠯ ᠤᠨ ᠥᠪᠡᠰᠦᠪᠡᠨ ᠪᠣᠬᠢᠷᠲᠤᠯ | ᠦᠭᠡᠢ ᠴᠠᠬᠢᠯᠭᠠᠨ ᠡᠭᠦᠰᠬᠡᠭᠴᠢ ᠪᠠᠶᠢᠭᠤᠯᠬᠤ ᠶᠢ ᠵᠣᠷᠢᠭᠵᠢᠭᠤᠯᠤᠨ᠂ ᠪᠣᠬᠢᠷᠲᠤᠯ ᠦᠭᠡᠢ ᠴᠠᠬᠢᠯᠭᠠᠨ ᠬᠦᠴᠦᠨ ᠤ | ᠬᠡᠷᠡᠭᠯᠡᠭᠡᠨ ᠤ ᠬᠠᠷᠢᠴᠠᠯ ᠢ ᠳᠡᠭᠡᠭᠰᠢᠯᠡᠭᠦᠯᠦᠨ᠎ᠡ᠃ | 4. ᠤᠰᠤ ᠪᠠᠷ ᠭᠠᠷᠤᠯᠲᠠ ᠶᠢ ᠲᠣᠭᠲᠠᠭᠠᠭᠰᠠᠨ ᠤᠷᠢᠲᠠᠯ ᠳᠣᠣᠷ᠎ᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠬᠦ ᠤᠰᠤ ᠶᠢ ᠪᠠᠲᠤᠯᠠᠨ᠎ᠠ᠃ | ᠲᠥᠷᠥ ᠶᠢᠨ ᠪᠣᠳᠣᠯᠭ᠎ᠠ ᠶᠢᠨ ᠤᠭ ᠵᠣᠬᠢᠶᠠᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ ᠢ | ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ |