ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ | ᠤ ᠲᠢᠩᠬᠢᠮ ᠠᠴᠠ ᠣᠶᠢᠯᠠᠭᠠᠭᠰᠠᠨ ᠢᠶᠠᠷ᠂ 1 ᠰᠠᠷ᠎ᠠ ᠶᠢᠨ 3 ᠠᠴᠠ 25 ᠤ ᠡᠳᠦᠷ ᠪᠤᠯᠲᠠᠯ᠎ᠠ ᠮᠠᠨ ᠤ ᠣᠷᠣᠨ ᠤ | ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠤᠨ ᠴᠠᠭᠠᠨ ᠰᠠᠷ᠎ᠠ ᠶᠢᠨ | ᠪᠠᠷᠠᠭ᠎ᠠ ᠶᠢᠨ ᠴᠤᠭᠯᠠᠭᠠᠨ ᠳᠤ ᠳᠡᠯᠭᠡᠨ ᠪᠣᠷᠣᠯᠠᠭᠤᠯᠵᠤ᠂ ᠪᠡᠭᠡᠵᠢᠩ ᠤᠨ ᠠᠷᠠᠳ ᠲᠦᠮᠡᠨ ᠤ ᠴᠠᠭᠠᠨ ᠰᠠᠷ᠎ᠠ ᠶᠢᠨ | ᠬᠤᠭᠤᠯᠠᠨ ᠰᠢᠷᠡᠭᠡᠨ ᠳᠤ ︽ᠥᠪᠥᠷ ᠮᠣᠩᠭᠤᠯ ᠤᠨ ᠦᠨᠦᠷ ᠠᠮᠲᠠ︾ ᠶᠢ ᠨᠡᠮᠡᠷᠢᠯᠡᠵᠦ ᠪᠠᠶᠢᠨ᠎ᠠ᠃ | ᠪᠡᠭᠡᠵᠢᠩ ᠤᠨ ᠴᠠᠭᠠᠨ ᠰᠠᠷ᠎ᠠ ᠶᠢᠨ ᠪᠠᠷᠠᠭᠠᠨ ᠤ ᠴᠤᠭᠯᠠᠭᠠᠨ ᠨᠢ ᠤᠯᠠᠮᠵᠢᠯᠠᠯᠲᠤ ᠴᠠᠭᠠᠨ ᠰᠠᠷ᠎ᠠ ᠶᠢᠨ ᠪᠠᠷᠠᠭᠠᠨ | ᠤ ᠴᠤᠭᠯᠠᠭᠠᠨ ᠤ ᠲᠦᠷᠦᠯ ᠲᠡᠮᠳᠡᠭ ᠪᠣᠯᠤᠭᠰᠠᠨ ᠤ ᠬᠤᠪᠢ ᠳᠤ ᠨᠢᠭᠡᠨᠲᠡ 28 ᠵᠢᠯ ᠤᠨ ᠲᠡᠦᠬᠡ ᠲᠠᠢ ᠪᠣᠯᠵᠤ᠂ | ᠪᠡᠭᠡᠵᠢᠩ ᠬᠤᠲᠠ ᠶᠢᠨ ᠠᠷᠠᠳ ᠲᠦᠮᠡᠨ ᠤ ᠪᠠᠭ᠋ᠠᠷᠬᠠᠯ ᠢ ᠣᠯᠣᠭᠰᠠᠨ ᠪᠥᠭᠡᠳ ᠪᠦᠭᠦ ᠤᠯᠤᠰ ᠤᠨ ᠬᠡᠪᠴᠢᠶᠡᠨ ᠳᠤ | ᠶᠡᠭᠡ ᠨᠡᠷ᠎ᠡ ᠠᠯᠳᠠᠷᠰᠢᠭᠰᠠᠨ ᠶᠤᠮ᠃ ᠣᠳᠣᠬᠠᠨ ᠪᠤᠯᠳᠠᠯ᠎ᠠ ᠲᠣᠰ ᠴᠤᠭᠯᠠᠭᠠᠨ ᠤ ᠡᠳᠦᠷ ᠳᠤᠮᠳᠠᠴᠢ ᠶᠢᠨ ᠬᠤᠳᠠᠯᠳᠤᠨ | ᠠᠪᠤᠭᠴᠢ ᠲᠤᠭ᠎ᠠ 5 ᠲᠦᠮᠡᠨ ᠬᠥᠮᠥᠨ ᠤᠳᠠᠭ᠎ᠠ ᠳᠤ ᠬᠦᠷᠴᠦ᠂ ᠮᠠᠨ ᠤ ᠣᠷᠣᠨ ᠤ ᠴᠢᠨᠠᠷ ᠰᠠᠶᠢᠲᠠᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠪᠠ ᠪᠣᠷᠤᠯᠠᠭᠤᠯᠭ᠎ᠠ ᠳᠤ ᠲᠤᠶᠢᠯ ᠤᠨ ᠰᠠᠶᠢᠨ ᠠᠵᠠ | ᠲᠣᠭᠢᠶᠠᠯ ᠬᠠᠩᠭᠠᠪᠠ᠃ ᠴᠤᠭᠯᠠᠭᠠᠨ ᠳᠤ ︽ᠥᠪᠥᠷ ᠮᠣᠩᠭᠤᠯ ᠤᠨ ᠦᠨᠦᠷ ᠠᠮᠲᠠ︾ ᠶᠢ ᠪᠡᠭᠡᠵᠢᠩ ᠳᠤ ᠣᠷᠣᠭᠤᠯᠬᠤ | 32 ᠬᠤᠯᠪᠣᠭᠠᠲᠤ ᠠᠵᠤ ᠠᠬᠤᠶᠢᠯᠠᠯ ᠢ ᠤᠷᠢᠨ 217 ᠲᠥᠷᠥᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠳᠡᠯᠭᠡᠨ ᠪᠣᠷᠣᠯᠠᠭᠤᠯᠵᠤ᠂ ᠮᠠᠨ ᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠥᠪᠡᠷᠮᠢᠴᠡ | ᠳᠠᠪᠠᠭᠤᠯᠢᠭ ᠢ ᠭᠦᠢᠴᠡᠳ ᠢᠯᠡᠷᠡᠭᠦᠯᠪᠡ᠃ | ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠣᠷᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠪᠣᠬᠢᠷᠳᠤᠯ ᠦᠭᠡᠢ ᠮᠠᠯ ᠠᠵᠤ ᠠᠬᠤᠢ ᠲᠠᠷᠢᠶᠠᠯᠠᠩ ᠢ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠠᠵᠤ ᠦᠢᠯᠡᠰ ᠤᠨ | ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠠᠰᠤᠷᠠᠯᠲᠠ ᠦᠭᠡᠢ ᠠᠬᠢᠭᠤᠯᠤᠨ᠂ ᠨᠠᠷᠢᠯᠢᠭ ᠡᠳ᠋ᠰᠢᠭᠦᠯᠦᠨ | ᠪᠤᠯᠪᠠᠰᠤᠷᠠᠭᠤᠯᠬᠤ ᠶᠢ ᠶᠡᠭᠡ ᠪᠠᠷ ᠬᠥᠭᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠪᠣᠬᠢᠷᠳᠤᠯ ᠦᠭᠡᠢ ᠣᠷᠭᠠᠨᠢᠭ ᠲᠥᠷᠥᠯ ᠲᠡᠮᠳᠡᠭ ᠢ ᠡᠭᠦᠳᠴᠡᠢ᠃ ︽ᠥᠪᠥᠷ ᠮᠣᠩᠭᠤᠯ ᠨᠡᠷᠡᠮᠵᠢᠲᠦ︾ ᠲᠦᠷᠦᠯ | ᠲᠡᠮᠳᠡᠭᠲᠦ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠨᠢᠭᠡᠨᠲᠡ ᠣᠷᠣᠨ ᠤ ᠳᠣᠲᠣᠨ᠎ᠠ ᠭᠠᠳᠠᠨ᠎ᠠ ᠠᠯᠳᠠᠷᠰᠢᠵᠤ᠂ | ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠦᠷᠦᠯ ᠲᠡᠮᠳᠡᠭ ᠪᠣᠯᠪᠠ᠃ | ᠡᠨᠡ ᠬᠦ ᠰᠠᠭᠤᠷᠢᠨ ᠳᠡᠭᠡᠷ᠎ᠡ ᠮᠠᠨ ᠤ ᠣᠷᠣᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠠ ᠳᠤᠭᠢᠶᠠᠯ ᠢ | ᠠᠳᠬᠤᠵᠤ᠂ ᠴᠢᠨᠠᠷ ᠰᠠᠶᠢᠲᠠᠢ ᠤᠭᠢ ᠰᠢᠯᠢᠳᠡᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠨ | ᠨᠡᠩ ᠥᠷᠭᠡᠨ ᠵᠠᠬ᠎ᠠ ᠳᠡᠯᠭᠡᠭᠦᠷ ᠲᠤ ᠪᠣᠷᠣᠯᠠᠭᠤᠯᠬᠤ ᠪᠠᠷ ᠬᠦᠴᠦᠯᠡᠨ ᠴᠢᠷᠮᠠᠶᠢᠵᠤ ᠪᠠᠶᠢᠨ᠎ᠠ᠃ |