ᠬᠥᠯᠥᠨ ᠪᠤᠶᠢᠷ ᠬᠤᠲᠠ ᠶᠢᠨ ᠰᠢᠶᠠᠨ ᠤ ᠱᠠᠲᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠰᠢᠨ᠎ᠡ ᠵᠢᠯ ᠤᠨ ︽ᠰᠠᠶᠢᠨ ᠡᠬᠢᠯᠡᠯᠲᠡ ᠲᠠᠢ︾ ᠪᠣᠯᠪᠠ
ᠨᠡᠶᠢᠲᠡᠯᠡᠭᠰᠡᠨ ᠴᠠᠭ᠄
2025/1/21
      ᠬᠥᠯᠥᠨ ᠪᠤᠶᠢᠷ ᠬᠤᠲᠠ ᠶᠢᠨ ᠰᠢᠶᠠᠨ ᠤ ᠱᠠᠲᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠡᠮᠦᠨᠡᠬᠢ ᠬᠤᠭᠤᠴᠠᠭᠠᠨ ᠤ ᠠᠵᠢᠯ ᠤᠨ ᠪᠡᠯᠡᠳᠬᠡᠯ ᠪᠠ ᠲᠠᠰ ᠳᠠᠷᠠᠭᠠᠯᠠᠯ ᠤᠨ ᠮᠡᠳᠡᠭᠦᠯᠦᠯᠲᠡ ᠪᠠᠷ ᠳᠡᠮᠵᠢᠨ᠂ 2025 ᠣᠨ ᠤ 1 ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠲᠣᠰ ᠲᠣᠰ CMA ᠪᠠ CATL ︽ᠬᠤᠣᠰ ᠭᠡᠷᠡᠴᠢᠯᠡᠯ︾ ᠤᠨ ᠬᠢᠨᠠᠨ ᠲᠣᠭᠲᠠᠭᠠᠬᠤ ᠳᠤᠭᠤᠶᠢᠯᠠᠩ ᠢ ᠲᠣᠮᠢᠯᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠳᠤ ᠰᠢᠶᠠᠨ ᠤ ᠱᠠᠲᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ︽ᠬᠤᠣᠰ ᠭᠡᠷᠡᠴᠢᠯᠡᠯ︾ ᠤᠨ ᠬᠢᠨᠠᠨ ᠲᠣᠭᠲᠠᠭᠠᠬᠤ ᠠᠵᠢᠯ ᠢ ᠥᠷᠨᠢᠭᠦᠯᠪᠡ᠃ ︽ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠴᠢᠳᠠᠮᠵᠢ ᠶᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠪᠠ ︽ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠬᠢᠨᠠᠨ ᠰᠢᠯᠭᠠᠬᠤ ᠠᠷᠭ᠎ᠠ︾ ᠶᠢᠨ ᠬᠠᠮᠢᠶ᠎ᠠ ᠪᠦᠬᠦᠢ ᠬᠢᠨᠠᠨ ᠲᠣᠭᠲᠠᠭᠠᠬᠤ ᠨᠥᠬᠦᠴᠡᠯ ᠪᠠ ᠲᠠᠰ ᠳᠠᠷᠠᠭᠠᠯᠠᠯ ᠢ ᠦᠨᠳᠦᠰᠦᠯᠡᠨ᠂ ᠨᠡᠶᠢᠲᠡ 58 ᠵᠦᠢᠯ ᠤᠨ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠣᠯᠵᠣᠯᠲᠤ ᠲᠤᠭ᠎ᠠ ᠶᠢ ᠬᠢᠨᠠᠨ ᠲᠣᠭᠲᠠᠭᠠᠵᠤ ᠭᠡᠷᠡᠴᠢᠯᠡᠪᠡ᠃ ᠢᠩᠭᠢᠭᠡᠳ ᠪᠥᠬᠦ ᠬᠤᠲᠠ ᠶᠢᠨ ᠬᠤᠲᠠ᠂ ᠰᠢᠶᠠᠨ ᠬᠤᠶᠠᠷ ᠱᠠᠲᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ︽ᠬᠤᠣᠰ ᠭᠡᠷᠡᠴᠢᠯᠡᠯ︾ ᠤᠨ ᠶᠡᠷᠦᠩᠬᠡᠢ ᠲᠤᠭ᠎ᠠ 12 ᠪᠣᠯᠵᠤ᠂ ᠨᠥᠬᠦᠴᠡᠯ ᠪᠦᠷᠢᠳᠦᠭᠰᠡᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠭᠡᠷᠡᠴᠢᠯᠡᠯ ᠤᠨ ᠬᠠᠷᠢᠴᠠᠯ 92% ᠬᠦᠷᠴᠦ᠂ ᠤᠯᠤᠰ ᠤᠨ ᠬᠠᠷᠠᠯᠲᠠᠲᠤ ᠡᠭᠦᠷᠭᠡ ᠶᠢ ᠤᠷᠢᠳᠴᠢᠯᠠᠨ ᠪᠡᠶᠡᠯᠡᠭᠦᠯᠪᠡ᠃ 
W020250121349026329346.jpg
       ᠲᠠᠷᠠᠭᠠᠴᠢ ᠶᠢᠨ ᠠᠯᠬᠤᠮ ᠳᠤ᠂ ︽ᠬᠤᠣᠰ ᠭᠡᠷᠡᠴᠢᠯᠡᠯ︾ ᠢ ᠨᠢᠭᠡᠨᠲᠡ ᠪᠡᠶᠡᠯᠡᠭᠦᠯᠦᠭᠰᠡᠨ ᠰᠢᠶᠠᠨ ᠤ ᠱᠠᠲᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠴᠢᠭᠯᠡᠭᠦᠯᠦᠨ ᠥᠯᠢᠭᠡᠷ ᠡᠳ᠋ ᠠᠪᠴᠤ ᠥᠯᠢᠭᠡᠷ ᠬᠢᠬᠦ ᠪᠣᠳᠠᠲᠠᠢ ᠠᠵᠢᠯᠯᠠᠭ᠎ᠠ᠂ ᠪᠥᠬᠦ ᠠᠵᠢᠯᠲᠠᠨ ᠢ ᠪᠣᠯᠪᠠᠰᠤᠷᠠᠭᠤᠯᠬᠤ᠂ ᠬᠤᠣᠰᠯᠠᠨ ᠬᠠᠪᠰᠤᠷᠴᠤ ᠲᠡᠳᠬᠦᠬᠦ᠂ ᠨᠡᠶᠢᠲᠡᠯᠢᠭ ᠵᠢᠱᠢᠶ᠎ᠡ ᠰᠣᠩᠭᠤᠨ ᠭᠠᠷᠭᠠᠬᠤ ᠵᠡᠷᠭᠡ ᠠᠵᠢᠯ ᠢ ᠤᠯᠠᠮ ᠨᠢᠭᠡ ᠠᠯᠬᠤᠮ ᠥᠷᠨᠢᠭᠦᠯᠵᠦ᠂ ᠳᠡᠭᠡᠷ᠎ᠡ ᠳᠤᠷᠠᠳᠤᠭᠰᠠᠨ ᠪᠠᠶᠢᠭᠤᠯᠤᠮᠵᠢ ᠶᠢᠨ ᠦᠨᠳᠦᠰᠦᠨ ᠱᠠᠲᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠳᠡᠮᠵᠢᠬᠦ ᠳᠤᠮᠳᠠᠬᠢ ᠦᠢᠯᠡᠳᠦᠯ ᠢ ᠨᠠᠩ ᠰᠠᠶᠢᠨ ᠪᠠᠳᠠᠷᠠᠭᠤᠯᠤᠨ᠎ᠠ᠃ ︽ᠬᠤᠣᠰ ᠭᠡᠷᠡᠴᠢᠯᠡᠯ︾ ᠢ ᠪᠡᠶᠡᠯᠡᠭᠦᠯᠦᠭᠡᠳᠦᠢ ᠰᠢᠶᠠᠨ ᠤ ᠱᠠᠲᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠲᠣᠰ ᠵᠢᠯ ᠤᠨ ᠪᠥᠬᠦ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠤᠣᠯᠳᠠᠯᠭ᠎ᠠ ᠲᠠᠢ ᠠᠵᠢᠯ ᠤᠨ ᠲᠥᠰᠥᠯ ᠪᠠ ᠠᠵᠢᠯ ᠤᠨ ᠡᠬᠡ ᠲᠠᠩᠰᠠᠨ ᠳᠤ ᠵᠢᠭᠰᠠᠭᠠᠨ ᠣᠷᠣᠭᠤᠯᠵᠤ᠂ ᠵᠢᠯ ᠤᠨ ᠳᠣᠲᠣᠷ᠎ᠠ ᠪᠥᠬᠦ ᠬᠤᠲᠠ ᠶᠢᠨ ᠨᠥᠬᠦᠴᠡᠯ ᠪᠦᠷᠢᠳᠦᠭᠰᠡᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠭᠡᠷᠡᠴᠢᠯᠡᠯ ᠤᠨ ᠬᠠᠷᠢᠴᠠᠯ ᠢ 100% ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃
 
ᠢᠷᠡᠯᠲᠡ᠄ ᠬᠦᠯᠦᠨ ᠪᠣᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号