ᠰᠢᠯᠢ ᠶᠢᠨ ᠭᠤᠣᠯ ᠠᠶᠢᠮᠠᠭ 2024 ᠣᠨ ᠤ ᠲᠥᠷᠥᠯ ᠵᠦᠢᠯ ᠤᠨ ᠬᠤᠰᠢᠭᠤ ᠰᠢᠶᠠᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠬᠡᠭᠡᠷ᠎ᠡ ᠶᠢᠨ ᠪᠠᠶᠢᠴᠠᠭᠠᠯᠲᠠ ᠶᠢᠨ ᠥᠯᠢᠭᠡᠷ ᠡᠳ᠋ ᠠᠪᠴᠤ ᠰᠢᠯᠭᠠᠨ ᠠᠪᠬᠤ ᠠᠵᠢᠯ ᠢ ᠤᠷᠤᠭᠰᠢᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/1/21
      2025 ᠣᠨ ᠤ 1 ᠰᠠᠷ᠎ᠠ ᠶᠢᠨ 13 ᠤ ᠡᠳᠦᠷ ᠠᠴᠠ 15 ᠤ ᠡᠳᠦᠷ ᠪᠣᠯᠲᠠᠯ᠎ᠠ᠂ ᠰᠢᠯᠢ ᠶᠢᠨ ᠭᠤᠣᠯ ᠠᠶᠢᠮᠠᠭ ᠤᠨ  ᠬᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠨᠠᠶᠢᠳᠠᠯᠭ᠎ᠠ ᠪᠠᠷ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠤᠨ ᠶᠠᠰᠤ ᠴᠢᠨᠠᠷ ᠢ ᠡᠵᠡᠮᠳᠡᠬᠦ ᠠᠵᠢᠯ ᠤᠨ ᠳᠤᠭᠤᠶᠢᠯᠠᠩ ᠤᠨ ᠲᠤᠰᠬᠠᠢ ᠮᠡᠷᠭᠡᠵᠢᠯᠲᠡᠨ ᠪᠠᠢ ᠶᠦᠨ ᠯᠦᠩ᠂ ᠶᠤᠸᠠᠨ ᠰᠢ ᠵᠢᠶᠦ᠋ᠨ᠂ ᠸᠠᠩ ᠯᠦ᠂ ᠮᠠ ᠱᠠᠩ ᠹᠧᠢ ᠵᠡᠷᠭᠡ ᠬᠥᠮᠥᠰ ᠢ ᠵᠣᠬᠢᠶᠠᠨ ᠪᠠᠶᠢᠭᠤᠯᠤᠨ ᠤᠷᠢᠵᠤ ᠵᠢᠭᠠᠨ ᠵᠢᠯᠤᠭᠤᠳᠴᠤ᠂ ᠰᠢᠯᠢᠩᠬᠤᠲᠠ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠳᠣᠯᠣᠨ ᠨᠠᠭᠤᠷ ᠰᠢᠶᠠᠨ᠂ ᠪᠠᠷᠠᠭᠤᠨ ᠦᠵᠦᠮᠦᠴᠢᠨ ᠬᠤᠰᠢᠭᠤ᠂ ᠰᠢᠯᠤᠭᠤᠨ ᠬᠥᠬᠡ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠥᠨᠢᠳ ᠵᠡᠭᠦᠨ ᠬᠤᠰᠢᠭᠤᠨ ᠤ ᠬᠡᠭᠡᠷ᠎ᠡ ᠶᠢᠨ ᠪᠠᠶᠢᠴᠠᠭᠠᠯᠲᠠ ᠶᠢᠨ ᠥᠯᠢᠭᠡᠷ ᠡᠳ᠋ ᠠᠪᠬᠤ ᠠᠵᠢᠯ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠯᠭᠠᠨ ᠠᠪᠬᠤ ᠠᠵᠢᠯ ᠢ ᠥᠷᠨᠢᠭᠦᠯᠪᠡ᠃
图片11.png
       ᠬᠤᠷᠠᠯ ᠳᠡᠭᠡᠷ᠎ᠡ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠲᠠᠪᠴᠠᠩ ᠢ ᠬᠢᠨᠠᠨ ᠪᠠᠶᠢᠴᠠᠭᠠᠬᠤ ᠪᠠᠷ ᠳᠡᠮᠵᠢᠨ ᠥᠩᠭᠡᠨ ᠲᠠᠯ᠎ᠠ᠂ ᠬᠡᠷᠴᠢᠯᠡᠭᠡᠰᠦ ᠶᠢᠨ ᠥᠯᠢᠭᠡᠷ ᠴᠡᠭ ᠤᠨ ᠪᠠᠶᠢᠴᠠᠭᠠᠯᠲᠠ ᠶᠢᠨ ᠥᠯᠢᠭᠡᠷ ᠡᠳ᠋ ᠠᠪᠬᠤ ᠮᠡᠳᠡᠭᠡ ᠵᠠᠩᠭᠢ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠵᠦ᠂ ᠪᠠᠶᠢᠴᠠᠭᠠᠯᠲᠠ ᠶᠢᠨ ᠥᠯᠢᠭᠡᠷ ᠡᠳ᠋ ᠠᠪᠬᠤ ᠴᠠᠭ ᠨᠢ ᠱᠠᠭᠠᠷᠳᠠᠯᠭ᠎ᠠ ᠳᠤ ᠨᠡᠶᠢᠴᠡᠵᠦ᠂ ᠥᠯᠢᠭᠡᠷ ᠴᠡᠭ ᠢ ᠰᠣᠩᠭᠤᠭᠰᠠᠨ᠂ ᠥᠯᠢᠭᠡᠷ ᠡᠳ᠋ ᠴᠤᠭᠯᠠᠭᠤᠯᠬᠤ ᠶᠠᠪᠤᠴᠠ ᠨᠢ ᠵᠥᠪ ᠣᠨᠣᠪᠴᠢᠲᠠᠶ᠂ ᠠᠵᠢᠯᠯᠠᠭᠠᠨ ᠨᠢ ᠵᠢᠷᠤᠮᠵᠢᠯ ᠲᠠᠢ᠂ ᠲᠡᠮᠳᠡᠭᠯᠡᠯ ᠨᠢ ᠪᠦᠷᠢᠨ ᠪᠦᠲᠦᠨ᠂ ᠲᠤᠰᠢᠶᠠᠭᠰᠠᠨ ᠬᠥᠷᠥᠰᠥ ᠰᠢᠷᠣᠢ ᠶᠢᠨ ᠣᠷᠴᠢᠨ ᠲᠣᠭᠤᠷᠢᠨ ᠬᠢᠭᠡᠳ ᠭᠠᠵᠠᠷ ᠰᠢᠷᠣᠢ ᠶᠢᠨ ᠠᠰᠢᠭᠯᠠᠯᠲᠠ ᠶᠢᠨ ᠮᠡᠳᠡᠭᠡ ᠵᠠᠩᠭᠢ ᠶᠢ ᠲᠠᠭᠯᠠᠨ ᠮᠡᠳᠡᠭᠦᠯᠦᠭᠰᠡᠨ ᠨᠢ ᠣᠨᠣᠪᠴᠢᠲᠠᠶ᠂ ᠶᠠᠰᠤ ᠴᠢᠨᠠᠷ ᠢ ᠡᠵᠡᠮᠳᠡᠬᠦ ᠪᠠ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ 7 ᠬᠤᠰᠢᠭᠤ ᠰᠢᠶᠠᠨ ︵ᠬᠤᠲᠠ︶ ᠤ ᠰᠢᠯᠭᠠᠨ ᠠᠪᠬᠤ ᠦᠨᠡᠯᠡᠯᠲᠡ ᠶᠢᠨ ᠲᠠᠰ ᠨᠢ ᠴᠥᠮ ︽ᠰᠢᠯᠢᠳᠡᠭ︾᠂ ᠰᠢᠯᠭᠠᠨ ᠠᠪᠬᠤ ᠳᠤ ᠬᠢᠷᠢ ᠲᠡᠩᠴᠡᠬᠦ ᠶᠢ ᠰᠠᠨᠠᠯ ᠨᠢᠭᠡᠲᠡᠢ ᠵᠥᠪᠰᠢᠶᠡᠷᠡᠪᠡ᠃
22.png
 
33.png
      ᠲᠣᠰ ᠤᠳᠠᠭ᠎ᠠ ᠶᠢᠨ ᠰᠢᠯᠭᠠᠨ ᠠᠪᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠨᠢ ᠰᠢᠯᠢ ᠶᠢᠨ ᠭᠤᠣᠯ ᠠᠶᠢᠮᠠᠭ ᠤᠨ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠣᠯᠣᠭᠰᠠᠨ ᠢ ᠬᠠᠷᠠᠭᠤᠯᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠠᠶᠢᠮᠠᠭ ᠤᠨ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠠᠴᠠ ᠡᠯ᠎ᠡ ᠬᠤᠰᠢᠭᠤ ᠰᠢᠶᠠᠨ ︵ᠬᠤᠲᠠ︶ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠰᠠᠨᠠᠯ ᠢ ᠦᠨᠳᠦᠰᠦᠯᠡᠨ᠂ ᠴᠡᠭ ᠢᠶᠠᠷ ᠨᠡᠶᠢᠳᠡᠮ ᠢ ᠳᠠᠶᠢᠴᠢᠯᠠᠨ ᠴᠡᠭᠴᠡᠯᠡᠨ ᠰᠠᠶᠢᠵᠢᠷᠠᠭᠤᠯᠵᠤ᠂ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠰᠠᠭᠤᠷᠢ ᠲᠤᠭ᠎ᠠ ᠪᠠᠷᠢᠮᠲᠠ ᠶᠢ ᠤᠯᠠᠮ ᠨᠢᠭᠡ ᠠᠯᠬᠤᠮ ᠪᠠᠲᠤᠳᠬᠠᠬᠤ ᠶᠢ ᠰᠢᠪᠠᠳᠠᠨ᠎ᠠ᠃ ᠡᠭᠦᠨ ᠤ ᠬᠠᠮᠲᠤ᠂ ᠳᠣᠲᠣᠭᠠᠳᠤ ᠠᠵᠢᠯ ᠲᠥᠷᠥᠯ ᠤᠨ ᠰᠢᠯᠭᠠᠨ ᠪᠠᠶᠢᠴᠠᠭᠠᠵᠤ ᠰᠢᠨᠵᠢᠯᠡᠨ ᠰᠢᠯᠭᠠᠬᠤ ᠪᠠ ᠦᠷ᠎ᠡ ᠪᠦᠲᠦᠭᠡᠯ ᠢ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠬᠡᠨ ᠠᠬᠢᠭᠤᠯᠵᠤ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃
 
ᠢᠷᠡᠯᠲᠡ᠄ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号