ᠲᠤᠰᠠᠭᠠᠷᠯᠠᠬᠤ ᠠᠷᠭ᠎ᠠ ᠬᠡᠮᠵᠢᠶ᠎ᠡ ᠠᠪᠴᠤ ᠬᠦᠯᠡᠮᠵᠢ ᠳᠤ ᠣᠷᠣᠵᠤ ᠭᠠᠷᠬᠤ ᠬᠥᠮᠥᠰ ᠢ ᠴᠢᠩᠭ᠎ᠠ ᠬᠢᠵᠠᠭᠠᠷᠯᠠᠵᠤ᠂ | ᠬᠦᠯᠡᠮᠵᠢ ᠶᠢᠨ ᠡᠭᠦᠳᠡᠨ ᠡᠮᠦᠨ᠎ᠡ ᠠᠷᠢᠭᠤᠳᠬᠠᠬᠤ ᠳᠡᠪᠢᠰᠬᠡᠷ ᠲᠠᠯᠪᠢᠵᠤ᠂ ᠬᠦᠯᠡᠮᠵᠢ ᠳᠤ ᠣᠷᠣᠵᠤ ᠠᠵᠢᠯ ᠤᠨ | ᠬᠤᠪᠴᠠᠰᠤ ᠪᠠᠨ ᠰᠣᠯᠢᠵᠤ᠂ ᠬᠥᠮᠥᠨ ᠢ ᠳᠠᠭᠠᠵᠤ ᠬᠠᠯᠳᠠᠪᠤᠷᠢᠯᠠᠬᠤ ᠶᠢ ᠬᠤᠷᠢᠭᠯᠠᠬᠤ ᠬᠡᠷᠡᠭᠲᠡᠢ︔ ᠪᠠᠭᠠᠵᠢ ᠬᠡᠷᠡᠭᠰᠡᠯ ᠢ | ᠲᠤᠰᠬᠠᠢ ᠰᠠᠷᠠᠪᠴᠢᠨ ᠳᠤ ᠳᠠᠯᠪᠢᠨ ᠲᠤᠰᠬᠠᠢ ᠬᠡᠷᠡᠭᠯᠡᠵᠦ᠂ ᠰᠣᠯᠪᠢᠴᠠᠨ ᠬᠠᠯᠳᠠᠪᠤᠷᠢᠯᠠᠬᠤ ᠠᠴᠠ ᠵᠠᠶᠢᠯᠠᠰᠬᠢᠬᠦ | ᠬᠡᠷᠡᠭᠲᠡᠢ᠃ | ᠲᠥᠷᠥᠯᠬᠢ ᠳᠠᠶᠢᠰᠤᠨ ᠢ ᠠᠰᠢᠭᠯᠠᠨ ᠤᠯᠠᠭᠠᠨ ᠠᠭᠠᠯᠵᠢ ᠶᠢ ᠡᠵᠡᠮᠳᠡᠬᠦ᠃ ᠡᠭᠦᠰᠦᠯᠲᠡ ᠶᠢᠨ ᠡᠬᠢᠨ ᠤ | ᠬᠤᠭᠤᠴᠠᠭᠠᠨ ᠳᠤ ᠲᠥᠷᠥᠯᠬᠢ ᠳᠠᠶᠢᠰᠤᠨ ᠢ ᠠᠰᠢᠭᠯᠠᠨ ᠳᠦᠷᠰᠦ ᠶᠢᠨ ᠰᠦᠷᠦᠭ ᠤᠨ ᠲᠤᠭ᠎ᠠ ᠬᠡᠮᠵᠢᠶ᠎ᠡ ᠶᠢ ᠡᠵᠡᠮᠳᠡᠨ᠂ | ᠴᠡᠴᠡᠭᠯᠡᠬᠦ ᠠᠴᠠ ᠵᠢᠮᠢᠰᠯᠡᠬᠦ ᠬᠤᠭᠤᠴᠠᠭᠠᠨ ᠳᠤ ᠪᠠᠷᠢᠵᠤ ᠢᠳᠡᠬᠦ ᠬᠠᠴᠢᠭ ᠲᠠᠯᠪᠢᠨ ᠭᠠᠷᠭᠠᠳᠠᠭ᠃ ᠪᠠᠷᠢᠵᠤ ᠢᠳᠡᠬᠦ | ᠬᠠᠴᠢᠭ ᠲᠠᠯᠪᠢᠬᠤ ᠠᠴᠠ ᠡᠮᠦᠨ᠎ᠡ ᠤᠯᠠᠭᠠᠨ ᠠᠭᠠᠯᠵᠢ ᠶᠢᠨ ᠲᠤᠭ᠎ᠠ ᠶᠢ ᠠᠯᠢ ᠴᠢᠳᠠᠬᠤ ᠪᠠᠷ ᠪᠠᠭᠠᠰᠬᠠᠵᠤ᠂ 1% ᠶᠢᠨ | ᠭᠠᠰᠢᠭᠤᠨ ᠬᠤᠵᠢᠷ•ᠪᠠᠷᠤᠷ᠎ᠠ ᠶᠢᠨ ᠡᠳ᠋ ᠪᠤᠶᠤ 10% ᠶᠢᠨ ᠠᠸᠢᠼᠢᠨ ᠤ ᠤᠰᠤᠨ ᠤ ᠲᠠᠷᠠᠬᠠᠢ ᠮᠥᠬᠦᠯᠢᠭ ᠡᠮ | ᠢᠶᠠᠷ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠵᠤ᠂ ᠡᠮ ᠬᠡᠷᠡᠭᠯᠡᠭᠰᠡᠨ ᠤ ᠳᠠᠷᠠᠭ᠎ᠠ 5~10 ᠡᠳᠦᠷ᠂ ᠠᠰᠢᠭᠲᠤ | ᠬᠤᠣᠷᠳᠠᠯ ᠤᠨ ᠬᠠᠷᠢᠴᠠᠯ 1:10 ᠠᠴᠠ 1:30 ᠶᠢᠨ ᠬᠤᠭᠤᠷᠣᠨᠳᠤ ᠪᠠᠷᠢᠵᠤ ᠢᠳᠡᠬᠦ ᠬᠠᠴᠢᠭ ᠢ ᠲᠠᠯᠪᠢᠨ | ᠭᠠᠷᠭᠠᠪᠠᠯ ᠬᠤᠣᠷᠳᠠᠯ ᠤᠨ ᠬᠠᠴᠢᠭ ᠢ ᠨᠡᠯᠢᠶᠡᠳ ᠰᠠᠶᠢᠨ ᠡᠵᠡᠮᠰᠢᠵᠦ ᠴᠢᠳᠠᠨ᠎ᠠ᠃ | ᠠᠮᠢᠳᠤ ᠪᠣᠳᠠᠰ ᠤᠨ ᠲᠠᠷᠢᠶᠠᠨ ᠡᠮ ᠢ ᠬᠡᠷᠡᠭᠯᠡᠬᠦ᠃ 99% ᠶᠢᠨ ᠡᠷᠦᠳᠡᠰᠦ ᠶᠢᠨ ᠲᠣᠰᠣ ᠶᠢ ᠤᠰᠤᠨ ᠳᠤ | 150~200 ᠳᠠᠬᠢᠨ ᠢᠶᠠᠷ ᠰᠢᠩᠭᠡᠷᠡᠭᠦᠯᠦᠨ ᠬᠡᠷᠡᠭᠯᠡᠵᠦ᠂ ᠪᠦᠬᠦ ᠲᠠᠷᠢᠶᠠᠨ ᠳᠤ ᠪᠦᠬᠦ ᠲᠠᠯ᠎ᠠ ᠪᠠᠷ ᠮᠠᠨᠠᠨᠳᠤᠭᠤᠯᠤᠨ | ᠰᠦᠷᠴᠢᠵᠦ᠂ 3 ~ 5 ᠡᠳᠦᠷ ᠤᠨ ᠳᠠᠷᠠᠭ᠎ᠠ ᠬᠤᠶᠠᠳᠠᠭᠢ ᠤᠳᠠᠭ᠎ᠠ ᠰᠦᠷᠴᠢᠵᠦ ᠪᠣᠯᠣᠨ᠎ᠠ᠃ ᠡᠰᠡᠬᠦᠯ᠎ᠡ 10% ᠶᠢᠨ | ᠠᠸᠧᠢ ᠪᠠᠺᠲ᠋ᠧᠷᠢ ᠶᠢᠨ ᠡᠳ᠋ ᠤᠨ ᠤᠰᠤᠨ ᠤ ᠲᠠᠷᠬᠠᠮᠠᠯ ᠮᠥᠬᠦᠯᠢᠭ ᠤᠨ ᠨᠠᠶᠢᠷᠠᠯᠭ᠎ᠠ ᠶᠢ 8000 ᠳᠠᠬᠢᠨ ᠠᠴᠠ | 10000 ᠳᠠᠬᠢᠨ ᠢᠶᠠᠷ ᠮᠠᠨᠠᠨᠳᠤᠭᠤᠯᠤᠨ ᠰᠦᠷᠴᠢᠵᠦ᠂ 7 ᠡᠳᠦᠷ ᠲᠤ ᠨᠢᠭᠡ ᠤᠳᠠᠭ᠎ᠠ ᠰᠡᠷᠭᠡᠶᠢᠯᠡᠨ ᠵᠠᠰᠠᠵᠤ᠂ ᠬᠤᠶᠠᠷ | ᠵᠦᠢᠯ ᠤᠨ ᠡᠮ ᠢ ᠡᠭᠡᠯᠵᠢᠯᠡᠨ ᠬᠡᠷᠡᠭᠯᠡᠪᠡᠯ ᠦᠷ᠎ᠡ ᠳ᠋ᠦᠩ ᠨᠢ ᠨᠡᠩ ᠰᠠᠶᠢᠨ ᠪᠠᠶᠢᠳᠠᠭ᠃ | ᠬᠢᠮᠢ ᠶᠢᠨ ᠲᠠᠷᠢᠶᠠᠯᠠᠩ ᠤᠨ ᠡᠮ ᠢ ᠬᠡᠷᠡᠭᠯᠡᠬᠦ᠃ 8% ᠶᠢᠨ ᠠᠸᠢ•ᠳ᠋ᠢᠨ ᠰᠦᠨ ᠲᠣᠰᠣ ᠶᠢ 1500 | ᠳᠠᠬᠢᠨ ᠢᠶᠠᠷ ᠮᠠᠨᠠᠨᠳᠤᠭᠤᠯᠤᠨ ᠰᠦᠷᠴᠢᠬᠦ ᠪᠤᠶᠤ 5% ᠶᠢᠨ ᠲᠢᠶᠠᠲ᠋ᠢᠨ ᠤ ᠰᠦᠨ ᠲᠣᠰᠣ ᠶᠢ 1500 ᠳᠠᠬᠢᠨ ᠢᠶᠠᠷ | ᠮᠠᠨᠠᠨᠳᠤᠭᠤᠯᠤᠨ ᠰᠦᠷᠴᠢᠵᠦ᠂ 7 ᠡᠳᠦᠷ ᠲᠤ ᠨᠢᠭᠡ ᠤᠳᠠᠭ᠎ᠠ ᠰᠡᠷᠭᠡᠶᠢᠯᠡᠨ ᠵᠠᠰᠠᠵᠤ᠂ ᠬᠤᠶᠠᠷ ᠵᠦᠢᠯ ᠤᠨ ᠡᠮ ᠢ | ᠡᠭᠡᠯᠵᠢᠯᠡᠨ ᠬᠡᠷᠡᠭᠯᠡᠪᠡᠯ ᠦᠷ᠎ᠡ ᠳ᠋ᠦᠩ ᠨᠢ ᠨᠡᠩ ᠰᠠᠶᠢᠨ ᠪᠠᠶᠢᠳᠠᠭ᠃ |