ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ
ᠨᠡᠶᠢᠲᠡᠯᠡᠭᠰᠡᠨ ᠴᠠᠭ᠄
2025/1/23
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ 2025 ᠣᠨ ᠤ 1 ᠰᠠᠷ᠎ᠠ ᠶᠢᠨ 23 ᠤ ᠡᠳᠦᠷ ᠤᠨ 15 ᠴᠠᠭ 00 ᠮᠢᠨᠦ᠋ᠲ ᠲᠤ ᠬᠠᠮᠲᠤᠷᠠᠨ ᠲᠥᠬᠦᠭᠡᠷᠦᠮᠵᠢᠲᠦ ᠲᠠᠷᠢᠶᠠᠯᠠᠩ ᠤᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ ᠶᠢ ᠮᠡᠳᠡᠭᠡᠯᠡᠪᠡ᠃        1 ᠰᠠᠷ᠎ᠠ ᠶᠢᠨ 24 ᠤ ᠡᠳᠦᠷ ᠤᠨ ᠰᠥᠨᠢ ᠠᠴᠠ 27 ᠤ ᠡᠳᠦᠷ ᠪᠣᠯᠲᠠᠯ᠎ᠠ᠂ ᠮᠠᠨ ᠤ ᠣᠷᠣᠨ ᠬᠦᠴᠦᠲᠡᠢ ᠬᠦᠢᠲᠡᠨ ᠠᠭᠠᠷ ᠤᠨ ᠨᠥᠯᠥᠭᠡ ᠶᠢ ᠭᠥᠷᠳᠡᠵᠦ᠂ ᠪᠥᠬᠦ ᠣᠷᠣᠨ ᠤ ᠶᠡᠬᠡᠩᠬᠢ ᠭᠠᠵᠠᠷ ᠲᠤ ᠪᠠᠷᠠᠭᠤᠨ ᠠᠴᠠ ᠵᠡᠭᠦᠨᠰᠢ ᠬᠦᠢᠲᠡᠨ ᠤᠷᠤᠰᠬᠠᠯ ᠪᠠ ᠶᠡᠭᠡ ᠬᠡᠪᠴᠢᠶᠡᠨ ᠤ ᠴᠠᠰᠤ ᠣᠷᠣᠨ᠎ᠠ᠃ ᠪᠠᠷᠠᠭᠤᠨ ᠬᠡᠰᠡᠭ ᠤᠨ ᠵᠡᠭᠦᠨ ᠪᠡᠶ᠎ᠡ᠂ ᠳᠤᠮᠳᠠ ᠬᠡᠰᠡᠭ ᠤᠨ ᠪᠠᠷᠠᠭᠤᠨ ᠪᠡᠶ᠎ᠡ ᠪᠠ ᠡᠮᠦᠨ᠎ᠡ ᠪᠡᠶ᠎ᠡ᠂ ᠵᠡᠭᠦᠨ ᠬᠡᠰᠡᠭ ᠤᠨ ᠵᠡᠭᠦᠨ ᠪᠡᠶ᠎ᠡ ᠶᠢᠨ ᠭᠠᠵᠠᠷ ᠣᠷᠣᠨ ᠳᠤᠳᠤᠮᠳᠠ  ᠠᠴᠠ ᠶᠡᠭᠡ ᠴᠠᠰᠤ ᠲᠠᠢ᠂ ᠬᠡᠰᠡᠭ ᠭᠠᠵᠠᠷ ᠲᠤ ᠶᠡᠭᠡ ᠰᠢᠷᠦᠭᠦᠨ ᠴᠠᠰᠤ ᠲᠠᠢ︔ ᠳᠤᠮᠳᠠ ᠪᠠᠷᠠᠭᠤᠨ ᠬᠡᠰᠡᠭ ᠤᠨ ᠶᠡᠬᠡᠩᠬᠢ ᠬᠡᠰᠡᠭ ᠪᠠ ᠵᠡᠭᠦᠨ ᠡᠮᠦᠨᠡᠲᠦ ᠬᠡᠰᠡᠭ ᠤᠨ ᠪᠠᠷᠠᠭᠤᠨᠳᠡᠬᠢ ᠭᠠᠵᠠᠷ ᠣᠷᠣᠨ ᠤ ᠠᠭᠠᠷ ᠤᠨ ᠳᠤᠯᠠᠭᠠᠨ 8~12℃ ᠳᠣᠷᠣᠭᠰᠢᠯᠠᠵᠤ᠂ ᠪᠠᠷᠠᠭᠤᠨ ᠬᠡᠰᠡᠭ ᠤᠨ ᠵᠡᠭᠦᠨ ᠪᠡᠶ᠎ᠡ ᠪᠠ ᠳᠤᠮᠳᠠ ᠬᠡᠰᠡᠭ ᠤᠨ ᠪᠠᠷᠠᠭᠤᠨᠳᠡᠬᠢ ᠭᠠᠵᠠᠷ ᠣᠷᠣᠨ ᠤ ᠠᠭᠠᠷ ᠤᠨ ᠳᠤᠯᠠᠭᠠᠨ 12~16℃ ᠳᠣᠷᠣᠭᠰᠢᠯᠠᠵᠤ᠂ ᠬᠡᠰᠡᠭ ᠭᠠᠵᠠᠷ ᠤᠨ ᠠᠭᠠᠷ ᠤᠨ ᠳᠤᠯᠠᠭᠠᠨ 16℃ ᠠᠴᠠ ᠳᠡᠭᠡᠭᠰᠢ ᠳᠣᠷᠣᠭᠰᠢᠯᠠᠨ᠎ᠠ︔ ᠪᠥᠬᠦ ᠣᠷᠣᠨ ᠤ ᠶᠡᠬᠡᠩᠬᠢ ᠭᠠᠵᠠᠷ ᠲᠤ 6᠂ 7 ᠲᠠᠰ ᠤᠨ ᠰᠠᠯᠬᠢ ᠰᠠᠯᠬᠢᠯᠠᠵᠤ᠂ ᠬᠡᠰᠡᠭ ᠭᠠᠵᠠᠷ ᠲᠤ 8 ᠲᠠᠰ ᠪᠤᠶᠤ 8 ᠲᠠᠰ  ᠠᠴᠠ ᠳᠡᠭᠡᠭᠰᠢ ᠰᠠᠯᠬᠢ ᠰᠠᠯᠬᠢᠯᠠᠨ᠎ᠠ᠃      ᠣᠶᠤᠨᠲᠤ ᠰᠦᠯᠵᠢᠶ᠎ᠡ ᠶᠢᠨ ᠤᠷᠢᠳᠴᠢᠯᠠᠭᠰᠠᠨ ᠮᠡᠳᠡᠭᠡ ᠶᠢᠨ ᠲᠤᠭ᠎ᠠ ᠪᠠᠷᠢᠮᠲᠠ ᠶᠢ ᠦᠨᠳᠦᠰᠦᠯᠡᠵᠦ᠂ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠭᠠᠮᠰᠢᠭ᠂ ᠰᠠᠯᠬᠢᠨ ᠤ ᠭᠠᠮᠰᠢᠭ ᠤᠨ ᠭᠦᠢᠴᠡᠳᠬᠡᠯ ᠲᠤᠭ᠎ᠠ ᠲᠠᠢ ᠤᠶᠠᠯᠳᠤᠭᠤᠯᠪᠠᠯ᠂ 24 ᠤ ᠡᠳᠦᠷ᠂ ᠬᠥᠯᠥᠨ ᠪᠤᠶᠢᠷ ᠬᠤᠲᠠ ᠶᠢᠨ ᠳᠤᠮᠳᠠ ᠬᠡᠰᠡᠭ ᠪᠠ ᠵᠡᠭᠦᠨ ᠬᠡᠰᠡᠭ᠂ ᠰᠢᠯᠢ ᠶᠢᠨ ᠭᠤᠣᠯ ᠠᠶᠢᠮᠠᠭ ᠤᠨ ᠡᠮᠦᠨ᠎ᠡ ᠬᠡᠰᠡᠭ᠂ ᠤᠯᠠᠭᠠᠨᠴᠠᠪ ᠬᠤᠲᠠ ᠶᠢᠨ ᠳᠤᠮᠳᠠ ᠡᠮᠦᠨ᠎ᠡ ᠬᠡᠰᠡᠭ ᠪᠠ ᠵᠡᠭᠦᠨ ᠬᠡᠰᠡᠭ᠂ ᠬᠥᠬᠡᠬᠤᠲᠠ ᠶᠢᠨ ᠬᠤᠶᠢᠲᠤ ᠬᠡᠰᠡᠭ᠂ ᠪᠤᠭᠤᠲᠤ ᠬᠤᠲᠠ ᠶᠢᠨ ᠳᠤᠮᠳᠠ ᠬᠡᠰᠡᠭ ᠤᠨ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠬᠦᠢᠲᠡᠨ ᠤ ᠭᠠᠮᠰᠢᠭ ᠤᠨ ᠥᠨᠳᠥᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ︔ ᠬᠥᠯᠥᠨ ᠪᠤᠶᠢᠷ ᠬᠤᠲᠠ ᠶᠢᠨ ᠵᠡᠭᠦᠨ ᠬᠡᠰᠡᠭ ᠪᠠ ᠳᠤᠮᠳᠠ ᠬᠡᠰᠡᠭ᠂ ᠤᠯᠠᠭᠠᠨᠴᠠᠪ ᠬᠤᠲᠠ ᠶᠢᠨ ᠳᠤᠮᠳᠠ ᠡᠮᠦᠨ᠎ᠡ ᠬᠡᠰᠡᠭ᠂ ᠬᠥᠬᠡᠬᠤᠲᠠ ᠶᠢᠨ ᠬᠤᠶᠢᠲᠤ ᠬᠡᠰᠡᠭ᠂ ᠪᠤᠭᠤᠲᠤ ᠬᠤᠲᠠ ᠶᠢᠨ ᠳᠤᠮᠳᠠ ᠬᠡᠰᠡᠭ ᠵᠡᠭᠦᠨ ᠬᠡᠰᠡᠭ᠂ ᠪᠠᠶᠠᠨᠨᠠᠭᠤᠷ ᠬᠤᠲᠠ ᠶᠢᠨ ᠡᠮᠦᠨ᠎ᠡ ᠬᠡᠰᠡᠭ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠭᠠᠮᠰᠢᠭ ᠤᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ︔ ᠬᠢᠩᠭᠠᠨ ᠠᠶᠢᠮᠠᠭ ᠤᠨ ᠶᠡᠬᠡᠩᠬᠢ ᠬᠡᠰᠡᠭ᠂ ᠲᠦᠩᠯᠢᠶᠣᠣ ᠬᠤᠲᠠ ᠶᠢᠨ ᠳᠤᠮᠳᠠ ᠪᠠ ᠵᠡᠭᠦᠨ ᠬᠡᠰᠡᠭ᠂ ᠤᠯᠠᠭᠠᠨᠬᠠᠳᠠ ᠬᠤᠲᠠ ᠶᠢᠨ ᠳᠤᠮᠳᠠ ᠬᠡᠰᠡᠭ ᠪᠠ ᠡᠮᠦᠨᠡᠲᠦ ᠬᠡᠰᠡᠭ᠂ ᠤᠯᠠᠭᠠᠨᠴᠠᠪ ᠬᠤᠲᠠ ᠶᠢᠨ ᠡᠮᠦᠨ᠎ᠡ ᠬᠡᠰᠡᠭ᠂ ᠬᠥᠬᠡᠬᠤᠲᠠ ᠶᠢᠨ ᠡᠮᠦᠨ᠎ᠡ ᠬᠡᠰᠡᠭ᠂ ᠪᠠᠶᠠᠨᠨᠠᠭᠤᠷ ᠬᠤᠲᠠ ᠶᠢᠨ ᠡᠮᠦᠨ᠎ᠡ ᠬᠡᠰᠡᠭ ᠤᠨ ᠬᠡᠰᠡᠭ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠭᠠᠮᠰᠢᠭ ᠤᠨ ᠳᠣᠣᠷ᠎ᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ ︵ᠵᠢᠷᠤᠭ 1︶᠃ 25︱27 ᠤ ᠡᠳᠦᠷ᠂ ᠰᠢᠯᠢ ᠶᠢᠨ ᠭᠤᠣᠯ ᠠᠶᠢᠮᠠᠭ ᠤᠨ ᠡᠮᠦᠨ᠎ᠡ ᠬᠡᠰᠡᠭ᠂ ᠤᠯᠠᠭᠠᠨᠴᠠᠪ ᠬᠤᠲᠠ ᠶᠢᠨ ᠳᠤᠮᠳᠠ ᠡᠮᠦᠨ᠎ᠡ ᠬᠡᠰᠡᠭ᠂ ᠬᠥᠬᠡᠬᠤᠲᠠ᠂ ᠪᠤᠭᠤᠲᠤ ᠬᠤᠲᠠ ᠶᠢᠨ ᠳᠤᠮᠳᠠ ᠡᠮᠦᠨ᠎ᠡ ᠬᠡᠰᠡᠭ᠂ ᠪᠠᠶᠠᠨᠨᠠᠭᠤᠷ ᠬᠤᠲᠠ ᠶᠢᠨ ᠡᠮᠦᠨ᠎ᠡ ᠬᠡᠰᠡᠭ᠂ ᠣᠷᠳᠣᠰ ᠬᠤᠲᠠ ᠶᠢᠨ ᠵᠡᠭᠦᠨ ᠡᠮᠦᠨ᠎ᠡ ᠬᠡᠰᠡᠭ ᠤᠨ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠭᠠᠮᠰᠢᠭ ᠤᠨ ᠥᠨᠳᠥᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ︔ ᠬᠥᠯᠥᠨ ᠪᠤᠶᠢᠷ ᠬᠤᠲᠠ ᠶᠢᠨ ᠵᠡᠭᠦᠨ ᠬᠡᠰᠡᠭ ᠪᠠ ᠳᠤᠮᠳᠠ ᠬᠡᠰᠡᠭ ᠤᠨ ᠬᠤᠶᠢᠭᠤᠷᠬᠢ᠂ ᠬᠢᠩᠭᠠᠨ ᠠᠶᠢᠮᠠᠭ ᠤᠨ ᠪᠠᠷᠠᠭᠤᠨ ᠬᠡᠰᠡᠭ᠂ ᠤᠯᠠᠭᠠᠨᠬᠠᠳᠠ ᠬᠤᠲᠠ ᠶᠢᠨ ᠪᠠᠷᠠᠭᠤᠨ ᠬᠡᠰᠡᠭ ᠤᠨ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠬᠦᠢᠲᠡᠨ ᠠᠭᠤᠷ ᠠᠮᠢᠰᠬᠤᠯ ᠤᠨ ᠭᠠᠮᠰᠢᠭ ᠤᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ︔ ᠬᠥᠯᠥᠨ ᠪᠤᠶᠢᠷ ᠬᠤᠳᠠ ᠶᠢᠨ ᠵᠡᠭᠦᠨ ᠬᠡᠰᠡᠭ ᠤᠨ ᠡᠮᠦᠨᠡᠭᠦᠷᠬᠢ᠂ ᠬᠢᠩᠭᠠᠨ ᠠᠶᠢᠮᠠᠭ ᠤᠨ ᠵᠡᠭᠦᠨ ᠬᠡᠰᠡᠭ᠂ ᠲᠦᠩᠯᠢᠶᠣᠣ ᠬᠤᠳᠠ ᠶᠢᠨ ᠶᠡᠬᠡᠩᠬᠢ ᠬᠡᠰᠡᠭ ᠪᠣᠯᠣᠨ ᠤᠯᠠᠭᠠᠨᠬᠠᠳᠠ ᠬᠤᠳᠠ ᠶᠢᠨ ᠵᠡᠭᠦᠨ ᠬᠡᠰᠡᠭ ᠤᠨ ᠭᠠᠵᠠᠷ ᠣᠷᠣᠨ ᠪᠣᠯ ᠲᠥᠬᠦᠭᠡᠷᠦᠮᠵᠢᠲᠦ  ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠭᠠᠮᠰᠢᠭ ᠤᠨ ᠳᠣᠣᠷ᠎ᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ ︵ᠵᠢᠷᠤᠭ 2︱ 4︶᠃ 25︱27 ᠤ ᠡᠳᠦᠷ᠂ ᠤᠯᠠᠭᠠᠨᠴᠠᠪ ᠬᠤᠲᠠ ᠶᠢᠨ ᠳᠤᠮᠳᠠ ᠬᠡᠰᠡᠭ ᠪᠠ ᠵᠡᠭᠦᠨ ᠬᠡᠰᠡᠭ᠂ ᠬᠥᠬᠡᠬᠤᠲᠠ ᠶᠢᠨ ᠬᠤᠶᠢᠲᠤ ᠬᠡᠰᠡᠭ᠂ ᠪᠤᠭᠤᠲᠤ ᠬᠤᠲᠠ ᠶᠢᠨ ᠡᠮᠦᠨ᠎ᠡ ᠬᠡᠰᠡᠭ ᠪᠠ ᠣᠷᠳᠣᠰ ᠬᠤᠲᠠ ᠶᠢᠨ ᠵᠡᠭᠦᠨ ᠡᠮᠦᠨ᠎ᠡ ᠬᠡᠰᠡᠭ ᠪᠣᠯ ᠲᠥᠬᠦᠭᠡᠷᠦᠮᠵᠢᠲᠦ ᠲᠠᠷᠢᠶᠠᠯᠠᠩ ᠤᠨ ᠰᠠᠯᠬᠢᠨ ᠤ ᠭᠠᠮᠰᠢᠭ ᠤᠨ ᠳᠣᠣᠷ᠎ᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ ︵ᠵᠢᠷᠤᠭ 5︱7︶᠃ 27 ᠤ ᠡᠳᠦᠷ᠂ ᠬᠥᠯᠥᠨ ᠪᠤᠶᠢᠷ ᠬᠤᠲᠠ ᠶᠢᠨ ᠵᠡᠭᠦᠨ ᠬᠡᠰᠡᠭ ᠤᠨ ᠡᠮᠦᠨᠡᠭᠦᠷᠬᠢ᠂ ᠬᠢᠩᠭᠠᠨ ᠠᠶᠢᠮᠠᠭ ᠤᠨ ᠵᠡᠭᠦᠨ ᠬᠡᠰᠡᠭ ᠪᠠ ᠲᠦᠩᠯᠢᠶᠣᠣ ᠬᠤᠲᠠ ᠶᠢᠨ ᠵᠡᠭᠦᠨ ᠬᠡᠰᠡᠭ ᠪᠣᠯ ᠲᠥᠬᠦᠭᠡᠷᠦᠮᠵᠢᠲᠦ ᠲᠠᠷᠢᠶᠠᠯᠠᠩ ᠤᠨ ᠶᠡᠭᠡ ᠴᠠᠰᠤᠨ ᠤ ᠭᠠᠮᠰᠢᠭ ᠤᠨ ᠳᠤᠮᠳᠠ᠂ ᠳᠣᠣᠷ᠎ᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ ︵ᠵᠢᠷᠤᠭ 8︶᠃ ᠳᠤᠯᠠᠭᠠᠨ ᠤ ᠬᠡᠮᠵᠢᠶ᠎ᠡ ᠶᠢ ᠪᠠᠭᠤᠷᠠᠬᠤ ᠶᠠᠪᠤᠴᠠ  ᠨᠢ ᠫᠧᠩ ᠳᠣᠲᠣᠷᠠᠬᠢ ᠳᠤᠯᠠᠭᠠᠨ ᠤ ᠬᠡᠮᠵᠢᠶ᠎ᠡ ᠶᠢ ᠠᠮᠠᠷᠬᠠᠨ ᠪᠠᠭᠤᠷᠠᠭᠤᠯᠵᠤ᠂ ᠲᠠᠷᠢᠮᠠᠯ ᠤᠨ ᠬᠡᠪ ᠤᠨ ᠥᠰᠦᠯᠲᠡ ᠪᠤᠶᠢᠵᠢᠯᠲᠠ ᠶᠢ ᠨᠥᠯᠥᠭᠡᠯᠡᠨ᠂ ᠲᠤᠶᠢᠯ ᠤᠨ ᠳᠣᠣᠷ᠎ᠠ ᠳᠤᠯᠠᠭᠠᠨ ᠳᠤ ᠲᠠᠷᠢᠮᠠᠯ ᠤᠨ ᠬᠥᠯᠳᠡᠬᠦ ᠭᠠᠮᠰᠢᠭ ᠢ ᠪᠣᠶ ᠪᠣᠯᠭᠠᠨ᠎ᠠ︔ ᠴᠠᠰᠤ ᠣᠷᠣᠬᠤ᠂ ᠶᠡᠭᠡ ᠰᠠᠯᠬᠢ ᠲᠠᠢ ᠴᠠᠭ ᠠᠭᠤᠷ ᠨᠢ ᠫᠧᠩ ᠤᠨ ᠵᠢᠶᠠᠰᠠ  ᠶᠢ ᠠᠮᠠᠷᠬᠠᠨ ᠡᠪᠳᠡᠨ ᠰᠦᠢᠳᠬᠡᠵᠦ᠂ ᠫᠧᠩ ᠤᠨ ᠪᠦᠷᠬᠦᠪᠴᠢ  ᠶᠢᠨ ᠤᠷᠠᠭᠳᠠᠯ ᠵᠡᠷᠭᠡ ᠲᠥᠬᠦᠭᠡᠷᠦᠮᠵᠢᠲᠦ ᠲᠠᠷᠢᠶᠠᠯᠠᠩ ᠤᠨ ᠲᠥᠬᠦᠭᠡᠷᠦᠮᠵᠢ  ᠶᠢ ᠡᠪᠳᠡᠨ ᠰᠦᠢᠳᠬᠡᠵᠦ᠂ ᠶᠡᠭᠡ ᠠᠴᠠ ᠰᠢᠷᠦᠭᠦᠨ ᠶᠡᠭᠡ ᠴᠠᠰᠤ ᠣᠷᠣᠬᠤ ᠠᠶᠤᠯ ᠶᠡᠬᠡᠲᠡᠢ ᠣᠷᠣᠨ ᠳᠤ ᠠᠮᠠᠷᠬᠠᠨ ᠫᠧᠩ ᠤᠨ ᠵᠢᠶᠠᠰᠠ  ᠶᠢ ᠳᠠᠷᠤᠵᠤ ᠨᠤᠷᠠᠭᠠᠬᠤ ᠪᠤᠶᠤ ᠡᠪᠳᠡᠨ ᠰᠦᠢᠳᠬᠡᠨ᠎ᠡ︔ ᠦᠷᠭᠦᠯᠵᠢᠯᠡᠭᠰᠡᠨ ᠪᠦᠷᠬᠦᠭ ᠴᠠᠰᠤ  ᠲᠠᠢ ᠨᠠᠷᠠ ᠴᠥᠭᠡᠨ ᠲᠤᠰᠳᠠᠭ ᠴᠠᠭ ᠠᠭᠤᠷ ᠨᠢ ᠫᠧᠩ ᠳᠣᠲᠣᠷᠠᠬᠢ ᠭᠡᠷᠡᠯ ᠤᠨ ᠲᠤᠰᠤᠯᠲᠠ ᠶᠢ ᠠᠮᠠᠷᠬᠠᠨ ᠭᠦᠢᠴᠡᠳ ᠦᠭᠡᠢ ᠪᠣᠯᠭᠠᠵᠤ᠂ ᠫᠧᠩ ᠳᠣᠲᠣᠷᠠᠬᠢ ᠲᠠᠷᠢᠮᠠᠯ ᠤᠨ ᠭᠡᠷᠡᠯ ᠤᠨ ᠨᠡᠶᠢᠯᠡᠯᠭᠡ ᠶᠢᠨ ᠬᠤᠷᠳᠤᠴᠠ ᠶᠢ ᠨᠥᠯᠥᠭᠡᠯᠡᠵᠦ᠂ ᠥᠰᠦᠯᠲᠡ ᠶᠢᠨ ᠬᠤᠷᠳᠤᠴᠠ ᠶᠢ ᠤᠳᠠᠭᠠᠰᠢᠷᠠᠭᠤᠯᠤᠨ᠎ᠠ᠃      ᠰᠡᠷᠭᠡᠶᠢᠯᠡᠬᠦ ᠠᠷᠭ᠎ᠠ ᠪᠣᠳᠣᠯᠭ᠎ᠠ᠄ ᠨᠢᠭᠡ ᠳᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠎ᠠ᠃ ᠲᠥᠬᠦᠭᠡᠷᠦᠮᠵᠢᠲᠦ ᠳᠤᠯᠠᠭᠠᠨ ᠫᠧᠩ ᠤᠨ ᠴᠠᠬᠢᠯᠭᠠᠨ ᠬᠡᠷᠡᠭᠯᠡᠬᠦ᠂ ᠰᠠᠯᠬᠢ ᠰᠡᠷᠭᠡᠶᠢᠯᠡᠬᠦ᠂ ᠬᠦᠨᠳᠦ ᠶᠢ ᠳᠠᠭᠠᠭᠠᠬᠤ ᠵᠡᠷᠭᠡ ᠠᠮᠤᠷ ᠲᠦᠪᠰᠢᠨ ᠪᠤᠰᠤ ᠲᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠤᠷᠢᠳᠴᠢᠯᠠᠨ ᠰᠠᠶᠢᠲᠤᠷ ᠬᠢᠵᠦ᠂ ᠫᠧᠩ ᠤᠨ ᠵᠢᠶᠠᠰᠠ᠂ ᠬᠡᠷᠡᠮ᠂ ᠡᠪᠬᠡᠮᠡᠯ ᠣᠷᠬᠢᠭᠤᠯ ᠮᠠᠰᠢᠨ ᠵᠡᠷᠭᠡ ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠪᠠ ᠪᠠᠬᠢᠵᠢᠭᠦᠯᠬᠦ ᠶᠢ ᠴᠢᠩᠭᠠᠳᠬᠠᠨ᠂ ᠴᠠᠰᠤ ᠰᠢᠭᠤᠷᠭ᠎ᠠ ᠲᠠᠢ ᠴᠠᠭᠠᠭᠤᠷ ᠤᠨ ᠪᠦᠷᠬᠦᠪᠴᠢ ᠶᠢ ᠱᠠᠭᠠᠯᠵᠤ ᠡᠪᠳᠡᠬᠦ᠂ ᠫᠧᠩ ᠤᠨ ᠵᠢᠶᠠᠰᠠ ᠶᠢ ᠡᠪᠳᠡᠬᠦ ᠠᠴᠠ ᠰᠡᠷᠭᠡᠶᠢᠯᠡᠨ᠎ᠡ᠃ ᠬᠤᠶᠠᠷ ᠲᠤ ᠬᠦᠢᠲᠡᠨ ᠢ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠠᠵᠢᠯ ᠢ ᠴᠢᠩᠭᠠᠳᠬᠠᠨ᠎ᠠ᠃ ᠣᠯᠠᠨ ᠳᠠᠪᠬᠤᠷ ᠪᠦᠷᠬᠦᠭᠡᠰᠦ ᠪᠠᠷ ᠬᠦᠢᠲᠡᠨ ᠢ ᠰᠡᠷᠭᠡᠶᠢᠯᠡᠬᠦ ᠵᠡᠷᠭᠡ ᠠᠷᠭ᠎ᠠ ᠮᠠᠶ᠋ᠢᠭ ᠢ ᠠᠪᠴᠤ ᠫᠧᠩ ᠳᠣᠲᠣᠷᠠᠬᠢ ᠢᠯᠴᠢ ᠶᠢᠨ ᠤᠷᠤᠰᠤᠭᠳᠠᠯ ᠢ ᠪᠠᠭᠠᠰᠬᠠᠵᠤ᠂ ᠫᠧᠩ ᠤᠨ ᠢᠯᠴᠢ ᠶᠢ ᠬᠠᠳᠠᠭᠠᠯᠠᠵᠤ ᠳᠤᠯᠠᠭᠠᠨ ᠢ ᠬᠠᠮᠠᠭᠠᠯᠠᠨ ᠬᠦᠢᠲᠡᠨ ᠢ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠬᠦᠢᠲᠡᠨ ᠤ ᠭᠠᠮᠰᠢᠭ ᠤᠨ ᠲᠦᠭᠰᠢᠭᠦᠷᠢ ᠶᠡᠬᠡᠲᠡᠢ ᠣᠷᠣᠨ ᠳᠤ ᠲᠦᠷ ᠴᠠᠭ ᠳᠤᠯᠠᠭᠠᠨ ᠤ ᠬᠡᠮᠵᠢᠶ᠎ᠡ ᠶᠢ ᠨᠡᠮᠡᠭᠳᠡᠭᠦᠯᠬᠦ ᠠᠷᠭ᠎ᠠ ᠮᠠᠶ᠋ᠢᠭ ᠢᠶᠠᠷ ᠲᠠᠷᠢᠮᠠᠯ ᠤᠨ ᠬᠤᠬᠢᠷᠠᠯ ᠠᠴᠠ ᠵᠠᠶᠢᠯᠠᠰᠬᠢᠵᠦ ᠪᠣᠯᠣᠨ᠎ᠠ᠃ ᠭᠤᠷᠪᠠ ᠳᠤ᠂ ᠭᠡᠷᠡᠯ ᠤᠨ ᠲᠤᠰᠤᠯᠲᠠ ᠶᠢᠨ ᠨᠥᠬᠦᠴᠡᠯ ᠢ ᠴᠢᠩᠭᠠᠳᠬᠠᠨ᠎ᠠ᠃ ᠴᠠᠰᠤ ᠣᠷᠣᠭᠰᠠᠨ ᠭᠠᠵᠠᠷ ᠣᠷᠣᠨ ᠫᠧᠩ ᠤᠨ ᠪᠦᠷᠬᠦᠪᠴᠢ ᠶᠢ ᠴᠠᠭ ᠲᠤᠬᠠᠢ  ᠳᠤᠨᠢ ᠴᠡᠪᠡᠷᠯᠡᠵᠦ᠂ ᠫᠧᠩ ᠤᠨ ᠳᠣᠲᠣᠷᠠᠬᠢ ᠭᠡᠷᠡᠯ ᠲᠤᠰᠬᠤ ᠣᠷᠴᠢᠨ ᠲᠣᠭᠤᠷᠢᠨ ᠢ ᠰᠠᠶᠢᠵᠢᠷᠠᠭᠤᠯᠤᠨ᠂ ᠳᠤᠯᠠᠭᠠᠨ ᠤ ᠬᠡᠮᠵᠢᠶ᠎ᠡ ᠶᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ ᠳᠤᠯᠠᠭᠠᠨ ᠢ ᠬᠠᠮᠠᠭᠠᠯᠠᠬᠤ ᠪᠦᠲᠡᠭᠡᠯᠭᠡ ᠶᠢ ᠴᠠᠭ ᠲᠤᠬᠠᠢ  ᠳᠤᠨᠢ ᠲᠣᠬᠢᠷᠠᠭᠤᠯᠤᠨ ᠡᠷᠲᠡ ᠠᠴᠠ ᠰᠡᠬᠦᠵᠦ᠂ ᠭᠡᠷᠡᠯ ᠲᠤᠰᠬᠤ ᠴᠠᠭ ᠬᠤᠭᠤᠴᠠᠭ᠎ᠠ ᠶᠢ ᠤᠷᠲᠤᠳᠬᠠᠬᠤ ᠬᠡᠷᠡᠭᠲᠡᠢ᠃ ᠳᠥᠷᠪᠡ ᠳᠤ ᠤᠰᠤ ᠪᠣᠷᠳᠣᠭᠤᠷ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠡᠵᠡᠮᠳᠡᠨ᠎ᠡ᠃ ᠴᠠᠭ ᠲᠤᠬᠠᠢ ᠳᠤᠨᠢ ᠰᠠᠯᠬᠢ ᠨᠠᠪᠲᠠᠷᠡᠭᠦᠯᠵᠦ᠂ ᠫᠧᠩ ᠳᠣᠲᠣᠷᠠᠬᠢ ᠴᠢᠭᠢᠭ ᠤᠨ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠬᠡᠷᠡᠭᠲᠡᠢ︔ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠬᠤᠭᠤᠴᠠᠭᠠᠨ ᠳᠤ ᠢᠯᠵᠢᠮᠡᠭ ᠬᠦᠴᠢᠯ ᠪᠤᠶᠤ ᠳᠠᠯᠠᠢ ᠶᠢᠨ ᠵᠠᠮᠠᠭ ᠤᠨ ᠬᠦᠴᠢᠯ ᠤᠨ ᠪᠣᠷᠳᠣᠭᠤᠷ ᠢ ᠨᠡᠬᠡᠨ ᠣᠷᠣᠭᠤᠯᠵᠤ᠂ ᠤᠷᠭᠤᠮᠠᠯ ᠤᠨ ᠦᠨᠳᠦᠰᠦ ᠶᠢᠨ ᠰᠢᠰᠲ᠋ᠧᠮ ᠤᠨ ᠥᠰᠦᠯᠲᠡ ᠶᠢ ᠠᠬᠢᠭᠤᠯᠤᠨ᠂ ᠦᠨᠳᠦᠰᠦ ᠶᠢᠨ ᠰᠢᠰᠲ᠋ᠧᠮ ᠤᠨ ᠰᠦᠯᠦ ᠬᠥᠪᠳᠥ ᠶᠢᠨ ᠡᠳ᠋ ᠤᠨ ᠳᠣᠲᠣᠭᠠᠳᠤ ᠡᠰᠲ᠋ᠧᠷ ᠵᠡᠷᠭᠡ ᠤᠷᠭᠤᠮᠠᠯ ᠤᠨ ᠥᠰᠦᠯᠲᠡ ᠶᠢ ᠲᠣᠬᠢᠷᠠᠭᠤᠯᠬᠤ ᠡᠳ᠋ ᠢ ᠰᠦᠷᠴᠢᠨ ᠣᠷᠣᠭᠤᠯᠵᠤ᠂ ᠤᠷᠭᠤᠮᠠᠯ ᠤᠨ ᠬᠦᠢᠲᠡᠨ ᠢ ᠰᠡᠷᠭᠡᠶᠢᠯᠡᠵᠦ ᠬᠥᠯᠳᠡᠬᠦ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠨ᠎ᠡ᠃
1.png
      ᠵᠢᠷᠤᠭ 1  1 ᠰᠠᠷ᠎ᠠ ᠶᠢᠨ 24 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠭᠠᠮᠰᠢᠭ ᠤᠨ ᠲᠦᠭᠰᠢᠭᠦᠷᠢ  ᠶᠢ ᠤᠷᠢᠳᠴᠢᠯᠠᠨ ᠰᠡᠷᠡᠮᠵᠢᠯᠡᠭᠦᠯᠬᠦ ᠳᠡᠰ ᠤᠨᠲᠠᠷᠬᠠᠯᠲᠠ ᠶᠢᠨ ᠵᠢᠷᠤᠭ
2.png
      ᠵᠢᠷᠤᠭ 2  1 ᠰᠠᠷ᠎ᠠ ᠶᠢᠨ 25 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
3.png
      ᠵᠢᠷᠤᠭ 3  1 ᠰᠠᠷ᠎ᠠ ᠶᠢᠨ 26 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠳᠡᠰ ᠤᠨ ᠲᠠᠷᠬᠠᠯᠲᠠ ᠶᠢᠨ ᠵᠢᠷᠤᠭ
4.png
      ᠵᠢᠷᠤᠭ 4  1 ᠰᠠᠷ᠎ᠠ ᠶᠢᠨ 27 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠭᠠᠮᠰᠢᠭ ᠤᠨ ᠲᠦᠭᠰᠢᠭᠦᠷᠢ ᠶᠢ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
5.png
      ᠵᠢᠷᠤᠭ 5  1 ᠰᠠᠷ᠎ᠠ ᠶᠢᠨ 25 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠰᠠᠯᠬᠢᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
6.png
      ᠵᠢᠷᠤᠭ 6  1 ᠰᠠᠷ᠎ᠠ ᠶᠢᠨ 26 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠰᠠᠯᠬᠢᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ‌‍ᠶᠢᠨ ᠵᠢᠷᠤᠭ
7.png
      ᠵᠢᠷᠤᠭ 7   1 ᠰᠠᠷ᠎ᠠ ᠶᠢᠨ 27 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠰᠠᠯᠬᠢᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
8.png
      ᠵᠢᠷᠤᠭ 8  1 ᠰᠠᠷ᠎ᠠ ᠶᠢᠨ 27 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠶᠡᠭᠡ ᠴᠠᠰᠤᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠳᠡᠰ ᠤᠨ ᠲᠠᠷᠬᠠᠯᠲᠠ ᠶᠢᠨ ᠵᠢᠷᠤᠭ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号