︽ᠲᠠᠶᠢᠰᠠᠨ ᠳᠤ ᠭᠠᠷᠪᠠᠯ ᠶᠠᠷᠢᠬᠤ ᠳᠤ ᠪᠠᠨ ᠴᠢᠳᠠᠮᠠᠭᠠᠢ᠂ ᠰᠢᠷᠡᠭᠡ ᠡᠯᠢᠭᠡᠳᠡᠬᠦ ᠳᠤ ᠪᠢᠴᠢᠬᠦ ᠳᠤ ᠪᠠᠨ ᠴᠢᠳᠠᠮᠠᠭᠠᠢ᠂ | ᠤᠴᠢᠷ ᠶᠠᠪᠤᠳᠠᠯ ᠲᠣᠬᠢᠶᠠᠯᠳᠤᠪᠠᠯ ᠬᠢᠬᠦ ᠳᠤ ᠪᠠᠨ ᠴᠢᠳᠠᠮᠠᠭᠠᠢ᠂ ᠳᠠᠷᠤᠭᠠᠰᠤ ᠶᠢ ᠡᠭᠦᠷᠭᠡᠯᠡᠬᠦ ᠳᠤ ᠴᠢᠳᠠᠮᠠᠭᠠᠢ︾ ᠰᠢᠨ᠎ᠡ | ᠴᠠᠭ ᠦᠶ᠎ᠡ ᠶᠢᠨ ᠬᠠᠮ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠺᠠᠳ᠋ᠷ ᠢ ᠬᠥᠮᠥᠵᠢᠭᠦᠯᠬᠦ ᠶᠢᠨ ᠲᠥᠯᠥᠭᠡ᠂ | 1 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠢᠨ ᠲᠠᠷᠢᠶᠠᠯᠠᠩ ᠮᠠᠯ ᠠᠵᠤ ᠠᠬᠤᠢ ᠶᠢᠨ ᠶᠡᠭᠡ ᠬᠢᠴᠢᠶᠡᠯ ᠤᠨ | ᠲᠠᠩᠬᠢᠮ ᠤᠨ ︽ᠰᠤᠷᠤᠯᠴᠠᠬᠤ ᠰᠡᠳᠬᠢᠬᠦ ᠰᠤᠳᠤᠯᠬᠤ ᠦᠢᠯᠡᠳᠦᠯᠭᠡᠵᠢᠭᠦᠯᠬᠦ ᠥᠭᠡᠷᠡᠴᠢᠯᠡᠬᠦ︾ ᠴᠠᠭᠠᠨ ᠰᠠᠷ᠎ᠠ ᠶᠢᠨ | ᠶᠠᠷᠢᠶ᠎ᠠ ᠢᠯᠡᠳᠬᠡᠯ ᠤᠨ ᠠᠵᠢᠯᠯᠠᠭ᠎ᠠ ᠶᠢ ᠡᠷᠬᠢᠯᠡᠪᠡ᠃ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ | ᠵᠧᠩ ᠹᠧᠩ ᠵᠦᠩ ᠠᠵᠢᠯᠯᠠᠭ᠎ᠠ ᠳᠤ ᠣᠷᠣᠯᠴᠠᠭᠰᠠᠨ ᠪᠥᠭᠡᠳ ᠦᠨᠡᠯᠡᠯᠲᠡ ᠬᠢᠵᠦ᠂ ᠲᠢᠩᠬᠢᠮ ᠤᠨ ᠰᠢᠰᠲ᠋ᠧᠮ ᠤᠨ ᠡᠯ᠎ᠡ | ᠪᠠᠶᠢᠭᠤᠯᠤᠯᠭ᠎ᠠ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠣᠨ ᠪᠠᠶᠢᠭᠤᠯᠤᠯᠭ᠎ᠠ ᠶᠢᠨ ᠪᠦᠬᠦ ᠠᠯᠪᠠᠳᠠᠨ | ᠨᠡᠶᠢᠳᠡ 100 ᠭᠠᠷᠤᠢ ᠺᠠᠳ᠋ᠷ ᠠᠵᠢᠯᠯᠠᠭ᠎ᠠ ᠳᠤ ᠣᠷᠣᠯᠴᠠᠪᠠ᠃ | | | | ᠠᠵᠢᠯᠯᠠᠭ᠎ᠠ ᠨᠢ ᠲᠠᠷᠢᠶᠠᠯᠠᠩ ᠮᠠᠯ ᠠᠵᠤ ᠠᠬᠤᠢ ᠶᠢᠨ ᠶᠡᠭᠡ ᠬᠢᠴᠢᠶᠡᠯ ᠤᠨ ᠲᠠᠩᠬᠢᠮ ᠤᠨ ᠲᠠᠪᠴᠠᠩ ᠢᠶᠠᠷ | ᠳᠡᠮᠵᠢᠨ᠂ ︽ᠰᠢᠢᠳᠪᠦᠷᠢ ᠶᠢ ᠰᠤᠷᠤᠯᠴᠠᠵᠤ ᠥᠭᠡᠷᠡᠴᠢᠯᠡᠯᠲᠡ ᠶᠢ ᠠᠬᠢᠭᠤᠯᠵᠤ ᠬᠥᠭᠵᠢᠯᠲᠡ ᠶᠢ ᠶᠠᠷᠢᠯᠴᠠᠬᠤ︾ ᠪᠠ | ︽ᠵᠠᠭᠤᠨ ᠠᠰᠠᠭᠤᠳᠠᠯ ᠵᠠᠭᠤᠨ ᠪᠠᠶᠢᠴᠠᠭᠠᠨ ᠰᠣᠳᠤᠯᠤᠯᠲᠠ ᠵᠠᠭᠤᠨ ᠠᠷᠭ᠎ᠠ ᠬᠡᠮᠵᠢᠶ᠎ᠡ︾ ︽ᠵᠠᠭᠤᠨ ᠣᠶᠤᠨ ᠵᠠᠭᠤᠨ | ᠬᠤᠯᠪᠤᠯᠴᠠᠭ᠎ᠠ︾ ᠵᠡᠷᠭᠡ ᠠᠵᠢᠯ ᠢ ᠤᠶᠠᠯᠳᠤᠭᠤᠯᠵᠤ᠂ ᠲᠢᠩᠬᠢᠮ ᠤᠨ ᠰᠢᠰᠲ᠋ᠧᠮ ᠠᠴᠠ ᠢᠷᠡᠭᠰᠡᠨ 14 ᠵᠠᠯᠠᠭᠤ ᠺᠠᠳ᠋ᠷ | ᠣᠷᠭᠢᠯᠤᠮ᠎ᠠ ᠬᠠᠯᠠᠭᠤᠨ ᠰᠡᠳᠬᠢᠯᠭᠡ᠂ ᠠᠮᠢᠳᠤᠯᠢᠭ ᠰᠠᠶᠢᠬᠠᠨ ᠦᠭᠡ ᠬᠡᠯᠡ᠂ ᠠᠮᠢᠳᠤᠯᠢᠭ ᠰᠠᠶᠢᠬᠠᠨ ᠬᠡᠷᠡᠭ ᠤᠨ | ᠵᠢᠱᠢᠶ᠎ᠡ ᠪᠠᠷ ᠥᠪᠡᠷ ᠥᠪᠡᠷ ᠤᠨ ᠭᠤᠣᠯ ᠰᠡᠳᠦᠪ ᠤᠨ ᠢᠶᠠᠨ ᠲᠣᠭᠤᠷᠢᠨ ᠳᠤ ᠠᠵᠢᠯ ᠤᠨ ᠪᠠᠶᠢᠷᠢ ᠶᠢᠨ ᠡᠭᠦᠷᠭᠡ | ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠲᠠᠢ ᠪᠠᠨ ᠤᠶᠠᠯᠳᠤᠭᠤᠯᠤᠨ ᠭᠤᠶᠢᠳᠠ | ᠰᠠᠶᠢᠬᠠᠨ ᠶᠠᠷᠢᠶ᠎ᠠ ᠢᠯᠡᠳᠬᠡᠯ ᠬᠢᠵᠦ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠤᠨ ᠰᠢᠯᠢᠳᠡᠭ ᠵᠠᠯᠠᠭᠤ ᠺᠠᠳ᠋ᠷᠴᠤᠳ ᠤᠨ ᠯᠠᠪᠳᠠᠭᠤᠨ ᠪᠠᠲᠤᠲᠠᠢ ᠦᠨᠳᠦᠰᠦᠨ ᠪᠣᠯᠪᠠᠰᠤᠷᠠᠯ ᠪᠠ ᠴᠠᠭᠠᠷᠠᠭᠰᠠᠨ | ᠬᠡᠪ ᠴᠢᠨᠠᠷ ᠢ ᠭᠦᠢᠴᠡᠳ ᠢᠯᠡᠷᠡᠭᠦᠯᠪᠡ᠃ | ᠵᠧᠩ ᠹᠧᠩ ᠵᠥᠩ ᠦᠨᠡᠯᠡᠯᠲᠡ ᠬᠢᠬᠦ ᠳᠡᠭᠡᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠳᠡᠭᠡᠳᠦ ᠬᠡᠮᠵᠢᠶ᠎ᠡ ᠪᠠᠷ | ᠨᠤᠲᠠᠯᠠᠵᠤ᠂ ᠶᠠᠷᠢᠶ᠎ᠠ ᠲᠠᠯᠪᠢᠭᠰᠠᠨ ᠺᠠᠳ᠋ᠷᠴᠤᠳ ᠠᠵᠢᠯ ᠤᠨ ᠭᠤᠣᠯ ᠱᠤᠭᠤᠮ ᠤᠨ ᠲᠣᠭᠤᠷᠢᠨ ᠳᠤ᠂ ᠥᠷᠭᠡᠨ ᠤᠯᠠᠨ | ᠮᠠᠯᠴᠢᠨ ᠲᠠᠷᠢᠶᠠᠴᠢᠨ ᠳᠤ ᠨᠠᠷᠢᠨ ᠬᠢᠨᠠᠮᠠᠭᠠᠢ ᠦᠢᠯᠡᠴᠢᠯᠡᠬᠦ ᠦᠨᠡᠨᠴᠢ ᠰᠡᠳᠬᠢᠯ᠂ ᠪᠠᠶᠢᠴᠠᠭᠠᠨ ᠰᠤᠳᠤᠯᠤᠯᠲᠠ ᠶᠢᠨ | ᠠᠰᠠᠭᠤᠳᠠᠯ ᠢ ᠣᠨᠣᠪᠴᠢᠲᠠᠢ ᠡᠷᠢᠬᠦ᠂ ᠪᠠᠶᠢᠴᠠᠭᠠᠨ ᠰᠤᠳᠤᠯᠤᠯᠲᠠ ᠶᠢᠨ ᠠᠵᠢᠯ ᠢ ᠪᠣᠳᠠᠲᠠᠢ ᠬᠢᠬᠦ᠂ ᠠᠷᠭ᠎ᠠ ᠪᠣᠳᠣᠯᠭ᠎ᠠ ᠶᠢ | ᠰᠠᠶᠢᠲᠤᠷ ᠳᠤᠷᠠᠳᠬᠤ ᠶᠢ ᠢᠯᠡᠷᠡᠭᠦᠯᠵᠦ᠂ ᠤᠯᠠᠨ ᠢᠶᠠᠷ ᠢᠶᠠᠨ ᠦᠨᠳᠦᠰᠦᠨ ᠱᠠᠲᠤᠨ ᠳᠤ ︽ᠬᠠᠯᠠᠭᠤᠨ ᠠᠭᠤᠷ | ᠠᠮᠢᠰᠬᠤᠯ︾᠂ ︽ᠰᠢᠭᠦᠳᠡᠷᠢ︾᠂ ︽ᠨᠤᠲᠤᠭ ᠤᠨ ᠠᠭᠤᠷ ᠠᠮᠢᠰᠬᠤᠯ︾ ᠨᠠᠭᠠᠯᠳᠤᠭᠰᠠᠨ ᠪᠠᠶᠢᠳᠠᠯ ᠢ ᠠᠪᠴᠢᠷᠠᠵᠤ᠂ ᠪᠠᠭ᠎ᠠ | ᠬᠡᠪᠴᠢᠶ᠎ᠡ ᠪᠠᠷ ᠭᠠᠷᠳᠠᠨ ᠬᠢᠵᠦ᠂ ᠪᠦᠬᠦ ᠲᠠᠯ᠎ᠠ ᠶᠢᠨ᠂ ᠬᠥᠳᠡᠯᠦᠩᠭᠦᠢ ᠰᠡᠳᠬᠢᠬᠦᠢ ᠪᠠᠷ ᠦᠨᠡᠨᠬᠦ ᠬᠦᠴᠢᠷ ᠠᠰᠠᠭᠤᠳᠠᠯ ᠢ | ᠰᠢᠢᠳᠪᠦᠷᠢᠯᠡᠬᠦ᠂ ᠪᠣᠭᠤᠮᠢ ᠶᠢ ᠡᠪᠳᠡᠬᠦ᠂ ᠬᠢᠯᠠᠰ ᠴᠡᠭ ᠢ ᠢᠯᠡᠷᠡᠭᠦᠯᠬᠦ ᠦᠢᠯᠡᠳᠦᠯ ᠦᠵᠡᠭᠦᠯᠵᠦ᠂ ︽ᠦᠨᠡᠨ ᠪᠣᠳᠠᠲᠠᠢ︾ | ᠪᠠᠶᠢᠬᠤ ᠪᠠᠷ ᠤᠯᠠᠨ ᠲᠦᠮᠡᠨ ᠤ ︽ᠬᠠᠯᠠᠭᠤᠨ ᠰᠡᠳᠬᠢᠯ︾ ᠢ ᠰᠣᠯᠢᠵᠤ ᠠᠪᠴᠢᠷᠠᠬᠤ ᠬᠡᠷᠡᠭᠲᠡᠢ᠃ ᠶᠠᠷᠢᠶ᠎ᠠ ᠢᠯᠡᠳᠬᠡᠯ | ᠬᠢᠬᠦ ᠨᠢ ᠺᠠᠳ᠋ᠷᠴᠤᠳ ᠤᠨ ᠳᠠᠪᠲᠠᠨ ᠪᠣᠯᠪᠠᠰᠤᠷᠠᠬᠤ ᠰᠠᠶᠢᠨ ᠲᠣᠬᠢᠶᠠᠯ ᠮᠥᠨ᠂ ᠦᠨᠳᠦᠰᠦᠨ ᠱᠠᠲᠤ ᠨᠢ | ᠺᠠᠳ᠋ᠷᠴᠤᠳ ᠤᠨ ᠳᠠᠪᠲᠠᠨ ᠪᠣᠯᠪᠠᠰᠤᠷᠠᠬᠤ ᠲᠣᠮᠣ ᠲᠠᠪᠴᠠᠩ ᠮᠥᠨ᠂ ᠦᠷᠭᠦᠯᠵᠢᠯᠡᠨ ᠲᠠᠷᠢᠶᠠᠯᠠᠩ ᠮᠠᠯ ᠠᠵᠤ | ᠠᠬᠤᠢ ᠶᠢᠨ ᠶᠡᠭᠡ ᠬᠢᠴᠢᠶᠡᠯ ᠤᠨ ᠲᠠᠩᠬᠢᠮ ᠤᠨ ᠲᠠᠪᠴᠠᠩ ᠢᠶᠠᠷ ᠳᠠᠮᠵᠢᠭᠤᠯᠤᠨ ᠠᠵᠢᠯᠯᠠᠭ᠎ᠠ ᠪᠠᠨ ᠪᠠᠶᠢᠩᠭᠤᠵᠢᠭᠤᠯᠤᠨ | ᠥᠷᠨᠢᠭᠦᠯᠵᠦ᠂ ᠰᠢᠯᠢᠳᠡᠭ ᠵᠠᠯᠠᠭᠤ ᠺᠠᠳ᠋ᠷᠴᠤᠳ ᠢ ᠢᠯᠡᠷᠡᠭᠦᠯᠵᠦ᠂ ᠬᠥᠮᠥᠵᠢᠭᠦᠯᠬᠦ ᠪᠠ ᠰᠣᠩᠭᠤᠨ ᠬᠡᠷᠡᠭᠯᠡᠬᠦ ᠬᠡᠷᠡᠭᠲᠡᠢ | ᠭᠡᠵᠦ ᠵᠢᠭᠠᠵᠤ ᠭᠠᠷᠭᠠᠪᠠ᠃ |