2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠴᠢᠬᠤᠯᠠ ᠶᠡᠭᠡ ᠡᠭᠦᠯᠳᠡᠷ ᠢ ᠰᠢᠯᠢᠨ ᠰᠣᠩᠭᠤᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/1/24
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ᠄       ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠢ ᠰᠤᠳᠤᠯᠤᠨ ᠨᠡᠭᠡᠭᠡᠵᠦ ᠳᠡᠯᠭᠡᠷᠡᠭᠦᠯᠦᠨ ᠬᠡᠷᠡᠭᠯᠡᠬᠦ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠴᠢᠭ ᠤᠨ ᠠᠵᠢᠯ ᠢ ᠨᠠᠶᠢᠳᠠᠪᠤᠷᠢᠵᠢᠭᠤᠯᠵᠤ᠂ ᠶᠡᠭᠡ ᠲᠠᠯᠠᠪᠠᠶ ᠪᠠᠷ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠳᠤᠮᠳᠠᠬᠢ ᠰᠢᠯᠢᠳᠡᠭ ᠡᠭᠦᠯᠳᠡᠷ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠂ ᠡᠷᠳᠡᠨᠢ ᠰᠢᠰᠢ᠂ ᠰᠢᠷ᠎ᠠ ᠪᠤᠷᠴᠠᠭ ᠤᠨ ᠭᠤᠣᠯ ᠪᠣᠯᠬᠤ ᠠᠮᠤ ᠲᠣᠰᠣᠨ ᠤ ᠲᠠᠷᠢᠮᠠᠯ ᠢᠶᠠᠷ ᠭᠤᠣᠯᠳᠠᠯᠭ᠎ᠠ ᠪᠣᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠴᠢᠬᠤᠯᠠ ᠶᠡᠭᠡ ᠲᠥᠷᠥᠯ ᠵᠦᠢᠯ ᠢ ᠰᠢᠯᠢᠨ ᠰᠣᠩᠭᠤᠬᠤ ᠠᠵᠢᠯ ᠢ ᠥᠷᠨᠢᠭᠦᠯᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃       ᠨᠢᠭᠡ᠂ ᠮᠡᠳᠡᠭᠦᠯᠬᠦ ᠬᠡᠪᠴᠢᠶ᠎ᠡ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠠᠷᠢᠬᠤ ᠳᠤ ᠲᠣᠬᠢᠷᠠᠬᠤ ᠡᠷᠳᠡᠨᠢ ᠰᠢᠰᠢ᠂ ᠰᠢᠷ᠎ᠠ ᠪᠤᠷᠴᠠᠭ ᠤᠨ ᠲᠦᠷᠦᠯ ᠵᠦᠢᠯ᠃       ᠬᠤᠶᠠᠷ᠂ ᠲᠦᠷᠦᠯ ᠵᠦᠢᠯ ᠤᠨ ᠨᠥᠬᠦᠴᠡᠯ      ︵ᠨᠢᠭᠡ︶ ᠲᠥᠷᠥᠯ ᠵᠦᠢᠯ ᠤᠨ ᠱᠠᠭᠠᠷᠳᠠᠯᠭ᠎ᠠ᠃ 2012 ᠣᠨ ᠤ 1 ᠰᠠᠷ᠎ᠠ ᠶᠢᠨ 1 ᠤ ᠡᠳᠦᠷ ᠠᠴᠠ ᠬᠤᠶᠢᠰᠢ ᠤᠯᠤᠰ ᠪᠤᠶᠤ ᠮᠤᠵᠢ ᠶᠢᠨ ᠱᠠᠲᠤᠨ ᠤ ᠬᠢᠨᠠᠨ ᠲᠣᠭᠲᠠᠭᠠᠯᠲᠠ ᠶᠢ ᠥᠩᠭᠡᠷᠡᠭᠡᠭᠡᠳ᠂ ᠮᠠᠨ ᠤ ᠣᠷᠣᠨ ᠳᠤ ᠳᠡᠯᠭᠡᠷᠡᠭᠦᠯᠬᠦ ᠲᠠᠯᠠᠪᠠᠢ ᠪᠠᠷ ᠶᠡᠭᠡ᠂ ᠲᠠᠯᠠᠪᠠᠢ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠪᠠᠷ ᠥᠨᠳᠥᠷ᠂ ᠳᠡᠯᠭᠡᠷᠡᠭᠦᠯᠬᠦ ᠲᠠᠯᠳᠠ ᠬᠦᠴᠦᠨ ᠢᠶᠠᠷ ᠶᠡᠭᠡ᠂ ᠴᠢᠨᠠᠷ ᠰᠠᠶᠢᠲᠠᠢ ᠲᠤᠰᠬᠠᠢ ᠬᠡᠷᠡᠭᠯᠡᠭᠡᠨ ᠤ ᠴᠢᠨᠠᠷ ᠢᠶᠠᠷ ᠰᠠᠶᠢᠨ᠂ ᠵᠢᠴᠢ ᠲᠠᠷᠢᠶᠠᠯᠠᠩ ᠤᠨ ᠦᠢᠯᠡᠳᠪᠦᠷᠢᠯᠡᠯ ᠤᠨ ᠪᠠᠴᠢᠮ ᠬᠡᠷᠡᠭᠰᠡᠬᠦ ᠲᠦᠷᠦᠯ ᠵᠦᠢᠯ᠃ ᠡᠩ ᠲᠡᠷᠢᠭᠦᠨ ᠳᠤ ᠳᠡᠮᠵᠢᠭᠰᠡᠨ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠬᠤ ᠵᠡᠷᠭᠡ ᠤᠯᠤᠰ ᠤᠨ ᠦᠷ᠎ᠡ ᠶᠢᠨ ᠦᠢᠯᠡᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠷᠭᠡ ᠶᠢᠨ ᠰᠣᠩᠭᠤᠨ ᠪᠣᠶᠢᠵᠢᠭᠤᠯᠬᠤ ᠲᠥᠷᠥᠯ ᠵᠦᠢᠯ᠂ ᠤᠯᠤᠰ ᠤᠨ ᠲᠠᠷᠢᠮᠠᠯ ᠤᠨ ᠰᠢᠯᠢᠳᠡᠭ ᠡᠭᠦᠯᠳᠡᠷ ᠢ ᠳᠡᠯᠭᠡᠷᠡᠭᠦᠯᠬᠦ ᠭᠠᠷᠴᠠᠭ ᠳᠤ ᠵᠢᠭᠰᠠᠭᠠᠭᠳᠠᠭᠰᠠᠨ ᠲᠥᠷᠥᠯ ᠵᠦᠢᠯ᠂ ᠥᠪᠡᠷᠲᠡᠭᠡᠨ ᠵᠠᠰᠠᠬᠤ ᠣᠷᠣᠨ ᠤ ᠭᠤᠣᠯ ᠳᠡᠯᠭᠡᠷᠡᠭᠦᠯᠬᠦ ᠲᠥᠷᠥᠯ ᠵᠦᠢᠯ᠂ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠨᠢᠯᠴᠠᠭᠤᠯᠬᠤ ᠲᠥᠷᠥᠯ ᠵᠦᠢᠯ᠂ ᠥᠪᠡᠷᠲᠡᠭᠡᠨ ᠵᠠᠰᠠᠬᠤ ᠣᠷᠣᠨ ᠤ ᠥᠨᠳᠥᠷ ᠤᠨᠠᠯᠲᠠ ᠲᠠᠢ ᠲᠥᠷᠥᠯ ᠵᠦᠢᠯ ᠤᠨ ᠤᠷᠤᠯᠳᠤᠭᠠᠨ ᠳᠤ ᠱᠠᠩᠨᠠᠯ ᠣᠯᠣᠭᠰᠠᠨ ᠲᠥᠷᠥᠯ ᠵᠦᠢᠯ᠃       ︵ᠬᠤᠶᠠᠷ︶ ᠤᠨᠠᠯᠲᠠ ᠶᠢᠨ ᠬᠡᠮᠵᠢᠶ᠎ᠡ ᠶᠢᠨ ᠱᠠᠭᠠᠷᠳᠠᠯᠭ᠎ᠠ᠃ ᠡᠷᠳᠡᠨᠢ ᠰᠢᠰᠢ ᠶᠢ ᠨᠢᠭᠲᠠ ᠪᠥᠭᠡᠳ ᠣᠶᠢᠴᠢᠬᠤ ᠶᠢ ᠳᠠᠭᠠᠭᠠᠬᠤ ᠮᠠᠰᠢᠨ ᠢᠶᠠᠷ ᠬᠤᠷᠢᠶᠠᠬᠤ ᠳᠤ ᠲᠣᠬᠢᠷᠠᠮᠵᠢᠲᠠᠢ ᠡᠭᠦᠯᠳᠡᠷ ᠢᠶᠠᠷ ᠭᠤᠣᠯ ᠪᠣᠯᠭᠠᠵᠤ᠂ ᠲᠤᠶᠢᠯ ᠤᠨ ᠡᠷᠲᠡ ᠪᠣᠯᠪᠠᠰᠤᠷᠠᠬᠤ᠂ ᠡᠷᠲᠡ ᠪᠣᠯᠪᠠᠰᠤᠷᠠᠬᠤ ᠡᠭᠦᠯᠳᠡᠷ ᠢ ᠬᠢᠨᠠᠨ ᠲᠣᠭᠲᠠᠭᠠᠬᠤ ᠳᠤ ᠲᠠᠯᠠᠪᠠᠶ ᠨᠢᠭᠡᠴᠢ ᠶᠢᠨ ᠤᠨᠠᠯᠲᠠ ᠶᠢ 670 ᠺᠢᠯᠣᠭ᠍ᠷᠠᠮ/ᠮᠦ ᠠᠴᠠ ᠳᠣᠣᠷ᠎ᠠ ᠪᠠᠶᠢᠯᠭᠠᠵᠤ ᠪᠣᠯᠬᠤ ᠦᠭᠡᠢ︔ ᠳᠤᠮᠳᠠ ᠵᠡᠷᠭᠡ ᠶᠢᠨ ᠡᠷᠲᠡ ᠪᠣᠯᠪᠠᠰᠤᠷᠠᠬᠤ᠂ ᠳᠤᠮᠳᠠ ᠵᠡᠷᠭᠡ ᠶᠢᠨ ᠪᠣᠯᠪᠠᠰᠤᠷᠠᠬᠤ᠂ ᠳᠤᠮᠳᠠ ᠵᠡᠷᠭᠡ ᠶᠢᠨ ᠣᠷᠣᠢ ᠪᠣᠯᠪᠠᠰᠤᠷᠠᠬᠤ ᠡᠭᠦᠯᠳᠡᠷ ᠢ ᠬᠢᠨᠠᠨ ᠲᠣᠭᠲᠠᠭᠠᠬᠤ ᠲᠠᠯᠠᠪᠠᠶ ᠨᠢᠭᠡᠴᠢ ᠶᠢᠨ ᠤᠨᠠᠯᠲᠠ ᠶᠢ ᠲᠣᠰ ᠲᠣᠰ 800 ᠺᠢᠯᠣᠭ᠍ᠷᠠᠮ/ᠮᠦ᠂ 850 ᠺᠢᠯᠣᠭ᠍ᠷᠠᠮ/ᠮᠦ᠂ 820 ᠺᠢᠯᠣᠭ᠍ᠷᠠᠮ/ᠮᠦ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠰᠢᠷ᠎ᠠ ᠪᠤᠷᠴᠠᠭ ᠢ ᠲᠣᠰᠣ ᠶᠡᠬᠡᠲᠡᠢ ᠥᠨᠳᠥᠷ ᠤᠨᠠᠯᠲᠠ ᠲᠠᠢ ︵ᠤᠭᠤᠷᠠᠭ ᠶᠡᠬᠡᠲᠡᠢ︶ ᠲᠥᠷᠥᠯ ᠵᠦᠢᠯ ᠢᠶᠠᠷ ᠭᠤᠣᠯ ᠪᠣᠯᠭᠠᠵᠤ᠂ ᠡᠷᠲᠡ ᠪᠣᠯᠪᠠᠰᠤᠷᠠᠬᠤ᠂ ᠳᠤᠮᠳᠠ ᠡᠷᠲᠡ ᠪᠣᠯᠪᠠᠰᠤᠷᠠᠬᠤ᠂ ᠣᠷᠣᠢ ᠪᠣᠯᠪᠠᠰᠤᠷᠠᠬᠤ ᠲᠥᠷᠥᠯ ᠵᠦᠢᠯ ᠢ ᠬᠢᠨᠠᠨ ᠲᠣᠭᠲᠠᠭᠠᠬᠤ ᠳᠤ ᠲᠣᠰ ᠲᠣᠰ 175 ᠺᠢᠯᠣᠭ᠍ᠷᠠᠮ/ᠮᠦ᠂ 205 ᠺᠢᠯᠣᠭ᠍ᠷᠠᠮ/ᠮᠦ᠂ 205 ᠺᠢᠯᠣᠭ᠍ᠷᠠᠮ/ᠮᠦ᠂ 205 ᠺᠢᠯᠣᠭ᠍ᠷᠠᠮ/ᠮᠦ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠲᠣᠰᠣ ᠶᠡᠬᠡᠲᠡᠢ ᠰᠢᠷ᠎ᠠ ᠪᠤᠷᠴᠠᠭ ᠤᠨ ᠲᠥᠷᠥᠯ ᠵᠦᠢᠯ ᠳᠤ ᠪᠦᠳᠦᠭᠦᠯᠢᠭ ᠥᠭᠡᠬᠦ ᠶᠢᠨ ᠠᠭᠤᠯᠤᠭᠳᠠᠴᠠ ᠶᠢ 21.5%  ᠠᠴᠠ ᠳᠡᠭᠡᠭᠰᠢ ︵ᠪᠠᠭᠲᠠᠨ᠎ᠠ︶᠂ ᠤᠭᠤᠷᠠᠭ ᠶᠡᠬᠡᠲᠡᠢ ᠲᠥᠷᠥᠯ ᠵᠦᠢᠯ ᠤᠨ ᠪᠦᠳᠦᠭᠦᠯᠢᠭ ᠤᠭᠤᠷᠠᠭ ᠤᠨ ᠠᠭᠤᠯᠤᠭᠳᠠᠴᠠ 43%  ᠠᠴᠠ ᠳᠡᠭᠡᠭᠰᠢ ︵ᠪᠠᠭᠲᠠᠨ᠎ᠠ︶ ᠪᠠᠶᠢᠬᠤ ᠶᠢ ᠱᠠᠭᠠᠷᠳᠠᠨ᠎ᠠ᠃ ᠳᠡᠭᠡᠷᠡᠬᠢ ᠲᠠᠯᠠᠪᠠᠢ ᠨᠢᠭᠡᠴᠢ ᠶᠢᠨ ᠤᠨᠠᠯᠲᠠ᠂ ᠪᠦᠳᠦᠭᠦᠯᠢᠭ ᠥᠭᠡᠬᠦ᠂ ᠪᠦᠳᠦᠭᠦᠯᠢᠭ ᠤᠭᠤᠷᠠᠭ ᠤᠨ ᠠᠭᠤᠯᠤᠭᠳᠠᠴᠠ ᠵᠡᠷᠭᠡ ᠭᠦᠢᠴᠡᠳᠬᠡᠬᠦ ᠲᠤᠭ᠎ᠠ ᠶᠢ ᠲᠦᠷᠦᠯ ᠵᠦᠢᠯ ᠢ ᠬᠢᠨᠠᠨ ᠲᠣᠭᠲᠠᠭᠠᠭᠰᠠᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃       ︵ᠭᠤᠷᠪᠠ︶ ᠳᠡᠯᠭᠡᠷᠡᠭᠦᠯᠬᠦ ᠲᠠᠯᠠᠪᠠᠶ᠃ ᠡᠷᠳᠡᠨᠢ ᠰᠢᠰᠢ ᠶᠢ 5 ᠵᠢᠯ ᠠᠴᠠ ᠳᠡᠭᠡᠭᠰᠢ ᠬᠢᠨᠠᠨ ᠲᠣᠭᠲᠠᠭᠠᠵᠤ ᠳᠡᠯᠭᠡᠷᠡᠭᠦᠯᠦᠭᠰᠡᠨ ᠡᠭᠦᠯᠳᠡᠷ ᠤᠨ 2024 ᠣᠨ ᠳᠤ ᠳᠡᠯᠭᠡᠷᠡᠭᠦᠯᠦᠭᠰᠡᠨ ᠲᠠᠯᠠᠪᠠᠶ ᠨᠢ 10 ᠲᠦᠮᠡᠨ ᠮᠦ ᠠᠴᠠ ᠳᠡᠭᠡᠭᠰᠢ ᠪᠣᠯᠣᠭᠰᠠᠨ︔ ᠰᠢᠷ᠎ᠠ ᠪᠤᠷᠴᠠᠭ ᠢ 5 ᠵᠢᠯ ᠠᠴᠠ ᠳᠡᠭᠡᠭᠰᠢ ᠳᠡᠯᠭᠡᠷᠡᠭᠦᠯᠦᠭᠰᠡᠨ ᠲᠦᠷᠦᠯ ᠵᠦᠢᠯ ᠢ ᠬᠢᠨᠠᠨ ᠲᠣᠭᠲᠠᠭᠠᠵᠤ᠂ 2024 ᠣᠨ ᠳᠤ ᠳᠡᠯᠭᠡᠷᠡᠭᠦᠯᠦᠭᠰᠡᠨ ᠲᠠᠯᠠᠪᠠᠢ 5 ᠲᠦᠮᠡᠨ ᠮᠦ ᠠᠴᠠ ᠳᠡᠭᠡᠭᠰᠢ ᠪᠣᠯᠣᠭᠰᠠᠨ︔ 5 ᠵᠢᠯ ᠤᠨ ᠳᠣᠲᠣᠷᠠᠬᠢ ᠦᠢᠯᠡᠳᠪᠦᠷᠢᠯᠡᠯ ᠤᠨ ᠳᠤᠮᠳᠠ ᠰᠢᠯᠢᠳᠡᠭ ᠢᠯᠡᠷᠡᠯ ᠲᠠᠢ ᠡᠷᠳᠡᠨᠢ ᠰᠢᠰᠢ ᠰᠢᠷ᠎ᠠ ᠪᠤᠷᠴᠠᠭ ᠤᠨ ᠲᠥᠷᠥᠯ ᠵᠦᠢᠯ ᠪᠠ ᠭᠧᠨ ᠰᠢᠯᠵᠢᠭᠦᠯᠦᠭᠰᠡᠨ ᠲᠥᠷᠥᠯ ᠵᠦᠢᠯ ᠢ ᠳᠡᠯᠭᠡᠷᠡᠭᠦᠯᠬᠦ ᠲᠠᠯᠠᠪᠠᠶ ᠶᠢ ᠬᠢᠨᠠᠨ ᠲᠣᠭᠲᠠᠭᠠᠵᠤ ᠳᠡᠯᠭᠡᠷᠡᠭᠦᠯᠬᠦ ᠳᠤ ᠴᠢᠩᠭ᠎ᠠ ᠱᠠᠭᠠᠷᠳᠠᠯᠭ᠎ᠠ ᠲᠠᠯᠪᠢᠬᠤ ᠦᠭᠡᠢ᠃ ᠳᠡᠯᠭᠡᠷᠡᠭᠦᠯᠬᠦ ᠲᠠᠯᠠᠪᠠᠶ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠡᠭᠦᠯᠳᠡᠷ ᠢ ᠳᠡᠯᠭᠡᠷᠡᠭᠦᠯᠬᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠠᠷ ᠭᠤᠣᠯᠳᠠᠯᠭ᠎ᠠ ᠲᠠᠢ ᠯᠠᠪᠯᠠᠯᠲᠠ ᠪᠣᠯᠭᠠᠬᠤ ᠶᠢᠨ ᠬᠠᠮᠲᠤ᠂ ᠭᠤᠶᠤᠴᠢᠯᠠᠨ ᠮᠡᠳᠡᠭᠦᠯᠦᠭᠰᠡᠨ ᠡᠭᠦᠯᠳᠡᠷ ᠤᠨ ᠣᠨ ᠤ ᠳᠡᠯᠭᠡᠷᠡᠭᠦᠯᠬᠦ ᠪᠠᠶᠢᠳᠠᠯ ︵ᠡᠭᠦᠯᠳᠡᠷ ᠤᠨ ᠣᠨ ᠤ ᠪᠣᠷᠣᠯᠠᠭᠤᠯᠤᠯᠲᠠ ᠶᠢᠨ ᠲᠤᠭ᠎ᠠ ᠬᠡᠮᠵᠢᠶ᠎ᠡ᠂ ᠮᠦ ᠬᠡᠷᠡᠭᠯᠡᠬᠦ ᠦᠷ᠎ᠡ ᠶᠢᠨ ᠬᠡᠮᠵᠢᠶ᠎ᠡ ᠵᠡᠷᠭᠡ ᠶᠢ ᠦᠨᠳᠦᠰᠦᠯᠡᠨ ᠲᠣᠭᠠᠴᠠᠭ᠎ᠠ ᠬᠢᠨ᠎ᠡ︶ ᠢ ᠨᠢᠭᠡᠳᠦᠯᠲᠡᠢ ᠲᠥᠯᠥᠪᠯᠡᠨ ᠪᠣᠳᠣᠯᠬᠢᠯᠠᠨ᠎ᠠ᠃       ᠭᠤᠷᠪᠠ᠂ ᠮᠡᠳᠡᠭᠦᠯᠬᠦ ᠲᠠᠰ ᠳᠠᠷᠠᠭᠠᠯᠠᠯ      ︵ᠨᠢᠭᠡ︶ ᠥᠪᠡᠷ ᠢᠶᠠᠨ ᠮᠡᠳᠡᠭᠦᠯᠦᠨ᠎ᠡ᠃ ᠰᠠᠶᠢᠨ ᠳᠤᠷ᠎ᠠ ᠠᠴᠠ ᠪᠠᠨ ᠮᠡᠳᠡᠭᠦᠯᠬᠦ ᠵᠠᠷᠴᠢᠮ ᠢ ᠠᠪᠴᠤ᠂ ᠮᠡᠳᠡᠭᠦᠯᠬᠦ ᠨᠥᠬᠦᠴᠡᠯ ᠳᠤ ᠨᠡᠶᠢᠴᠡᠬᠦ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠴᠥᠮ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠮᠡᠳᠡᠭᠦᠯᠵᠦ ᠪᠣᠯᠬᠤ ᠪᠥᠭᠡᠳ ᠬᠠᠮᠲᠤᠷᠠᠨ ᠮᠡᠳᠡᠭᠦᠯᠦᠭᠰᠡᠨ ᠴᠦ ᠪᠣᠯᠣᠨ᠎ᠠ᠂ ᠳᠠᠩᠰᠠᠯᠠᠭᠤᠯᠤᠭᠰᠠᠨ ᠭᠠᠵᠠᠷ ᠨᠢ ᠮᠠᠨ ᠤ ᠣᠷᠣᠨ ᠳᠤ ᠪᠠᠶᠢᠬᠤ ᠦᠭᠡᠢ ᠲᠠᠷᠢᠮᠠᠯ ᠤᠨ ᠦᠢᠯᠡᠰ ᠤᠨ ᠠᠵᠤ ᠠᠬᠤᠶᠢᠯᠠᠯ ᠤᠨ ᠮᠡᠳᠡᠭᠦᠯᠬᠦ ᠶᠢ ᠵᠥᠪᠰᠢᠶᠡᠷᠡᠵᠦ᠂ ᠮᠡᠳᠡᠭᠦᠯᠬᠦ ᠭᠤᠣᠯ ᠴᠣᠭᠴᠠ ᠱᠠᠭᠠᠷᠳᠠᠯᠭ᠎ᠠ ᠶᠣᠰᠣᠭᠠᠷ ᠮᠡᠳᠡᠭᠦᠯᠬᠦ ᠬᠦᠰᠦᠨᠦᠭᠲᠦ ︵ᠳᠠᠭᠠᠯᠳᠤᠭᠤᠯᠤᠯ 1︶ ᠶᠢ ᠲᠠᠭᠯᠠᠨ ᠪᠢᠴᠢᠬᠦ ᠶᠢᠨ ᠬᠠᠮᠲᠤ ᠭᠡᠷᠡᠴᠢᠯᠡᠬᠦ ᠮᠠᠲ᠋ᠧᠷᠢᠶᠠᠯ ︵ᠳᠠᠭᠠᠯᠳᠤᠭᠤᠯᠤᠯ 2︶ ᠢ ᠦᠨᠡᠨ ᠮᠥᠨ ᠢᠶᠠᠷ ᠨᠢ ᠬᠠᠩᠭᠠᠬᠤ ᠬᠡᠷᠡᠭᠲᠡᠢ᠃       ︵ᠬᠤᠶᠠᠷ︶ ᠬᠤᠲᠠ ᠰᠢᠶᠠᠨ ᠠᠴᠠ ᠲᠠᠨᠢᠯᠴᠠᠭᠤᠯᠤᠨ᠎ᠠ᠃ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠲᠠᠨᠢᠯᠴᠠᠭᠤᠯᠭ᠎ᠠ ᠪᠠᠷ᠂ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠩᠬ᠎ᠠ ᠬᠢᠨᠠᠭᠰᠠᠨ ᠤ ᠳᠠᠷᠠᠭ᠎ᠠ᠂ 2025 ᠣᠨ ᠤ 2 ᠰᠠᠷ᠎ᠠ ᠶᠢᠨ 20 ᠤ ᠡᠳᠦᠷ ᠠᠴᠠ ᠡᠮᠦᠨ᠎ᠡ ᠠᠶᠢᠮᠠᠭ ᠬᠤᠲᠠ ᠶᠢᠨ ᠠᠩᠬ᠎ᠠ ᠬᠢᠨᠠᠭᠰᠠᠨ ᠰᠠᠨᠠᠯ ᠵᠢᠴᠢ ᠠᠵᠤ ᠠᠬᠤᠶᠢᠯᠠᠯ ᠤᠨ ᠮᠡᠳᠡᠭᠦᠯᠦᠭᠰᠡᠨ ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠵᠦ᠂ ᠡᠯᠧᠺᠲᠷᠣᠨ ᠬᠡᠪᠯᠡᠯ ᠢ ᠵᠢᠭᠠᠨ ᠲᠣᠭᠲᠠᠭᠠᠭᠰᠠᠨ ᠢᠮᠧᠯ ᠳᠤ ᠶᠠᠪᠤᠭᠤᠯᠤᠨ᠎ᠠ᠃       ︵ᠭᠤᠷᠪᠠ︶ ᠢᠯᠡ ᠪᠠᠷ ᠬᠢᠨᠠᠨ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠰᠢᠯᠭᠠᠷᠠᠭᠤᠯᠵᠤ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠢ ᠰᠢᠯᠢᠳᠡᠭ ᠢ ᠨᠢ ᠰᠣᠩᠭᠤᠨ ᠰᠣᠩᠭᠤᠬᠤ ᠶᠢᠨ ᠬᠠᠮᠲᠤ ᠨᠡᠶᠢᠭᠡᠮ ᠳᠤ ᠢᠯᠡ ᠪᠣᠯᠭᠠᠨ᠎ᠠ᠃       ᠳᠥᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠲᠣᠰ ᠤᠳᠠᠭᠠᠨ ᠤ ᠴᠢᠬᠤᠯᠠ ᠶᠡᠭᠡ ᠲᠥᠷᠥᠯ ᠵᠦᠢᠯ ᠢ ᠰᠢᠯᠢᠨ ᠰᠣᠩᠭᠤᠭᠰᠠᠨ ᠦᠷ᠎ᠡ ᠳ᠋ᠦᠩ ᠪᠣᠯ 2025 ᠣᠨ ᠤ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠢ ᠰᠤᠳᠤᠯᠤᠨ ᠨᠡᠭᠡᠭᠡᠵᠦ ᠳᠡᠯᠭᠡᠷᠡᠭᠦᠯᠦᠨ ᠬᠡᠷᠡᠭᠯᠡᠬᠦ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠠᠵᠢᠯ ᠤᠨ ᠴᠢᠬᠤᠯᠠ ᠯᠠᠪᠯᠠᠬᠤ ᠦᠨᠳᠦᠰᠦᠯᠡᠯ ᠪᠣᠯᠣᠨ᠎ᠠ᠂ ᠡᠯ᠎ᠡ ᠠᠶᠢᠮᠠᠭ ᠬᠤᠲᠠ ᠨᠠᠷᠢᠨ ᠬᠢᠨᠠᠮᠠᠭᠠᠢ ᠬᠠᠨᠳᠤᠵᠤ᠂ ᠴᠢᠩᠭ᠎ᠠ ᠬᠢᠨᠠᠨ ᠬᠠᠷᠭᠤᠭᠤᠯᠵᠤ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃       ︵ᠬᠤᠶᠠᠷ︶ ᠢᠳᠡᠪᠬᠢᠲᠡᠢ ᠪᠠᠷ ᠤᠬᠠᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ ᠢᠳᠡᠪᠬᠢᠲᠡᠢ ᠪᠠᠷ ᠤᠬᠠᠭᠤᠯᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ᠂ ᠦᠷ᠎ᠡ ᠶᠢᠨ ᠦᠢᠯᠡᠰ ᠤᠨ ᠠᠵᠤ ᠠᠬᠤᠶᠢᠯᠠᠯ ᠤᠨ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ᠂ ᠮᠠᠨ ᠤ ᠣᠷᠣᠨ ᠤ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢ ᠪᠠ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃       ᠬᠠᠷᠢᠯᠴᠠᠬᠤ ᠬᠥᠮᠥᠨ᠄ ᠪᠠᠢ ᠢᠦᠢ ᠲᠢᠩ      ᠤᠲᠠᠰᠤ᠄ 18848114650      ᠢᠮᠧᠯ᠄ nmgnmtzyc@163.com      ᠳᠠᠭᠠᠯᠳᠤᠭᠤᠯᠤᠯ᠄ 1. 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠰᠢᠯᠢᠨ ᠰᠤᠩᠭᠤᠯᠳᠠ ᠳᠤ ᠮᠡᠳᠡᠭᠦᠯᠬᠦ ᠬᠦᠰᠦᠨᠦᠭᠲᠦ       2. ᠮᠡᠳᠡᠭᠦᠯᠬᠦ ᠮᠠᠲ᠋ᠧᠷᠢᠶᠠᠯ ᠤᠨ ᠨᠠᠷᠢᠨ ᠬᠠᠭᠤᠳᠠᠰᠤ                                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                                ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ                                                    2025 ᠣᠨ ᠤ 1 ᠰᠠᠷ᠎ᠠ ᠶᠢᠨ 23 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号