ᠰᠢ ᠶᠢᠨ ᠫᠢᠩ ᠭᠠᠮᠰᠢᠭᠳᠠᠭᠰᠠᠨ ᠤᠯᠠᠨ ᠲᠦᠮᠡᠨ ᠤ ᠭᠡᠷ ᠲᠤ ᠣᠴᠢᠵᠤ᠄ ᠲᠠ ᠨᠠᠷ ᠤᠨ ᠬᠦᠰᠡᠯ ᠲᠠᠷᠤᠢ ᠪᠢᠳᠡᠨ ᠤ ᠬᠦᠰᠡᠯ ᠮᠥᠨ
ᠨᠡᠶᠢᠲᠡᠯᠡᠭᠰᠡᠨ ᠴᠠᠭ᠄
2025/1/24
      22 ᠤᠨ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠯᠢᠶᠣᠤᠨᠢᠩ ᠤᠨ ᠬᠤ᠋ ᠯᠦ ᠳ᠋ᠤᠤ ᠬᠤᠲᠠ ᠶᠢᠨ ᠰᠦᠢ ᠵᠥᠩ ᠰᠢᠶᠠᠨ ᠤ ᠵᠦ ᠵᠢᠶᠠ ᠭᠸᠦ ᠲᠣᠰᠬᠤᠨ ᠳᠤ ᠬᠦᠷᠴᠦ᠂ ᠨᠢᠳᠤᠨᠤᠨ ᠤ ᠦᠶᠡᠷ ᠤᠨ ᠭᠠᠮᠰᠢᠭ ᠤᠨ ᠳᠠᠷᠠᠭᠠᠬᠢ ᠲᠤᠬᠠᠶ ᠶᠢᠨ ᠭᠠᠵᠠᠷ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠰᠡᠷᠭᠦᠯᠲᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤ ᠨᠢ ᠣᠶᠢᠯᠠᠭᠠᠪᠠ᠃ ᠲᠣᠰᠬᠤᠨ ᠤ ᠠᠷᠠᠳ ᠸᠠᠩ ᠪᠦᠦ ᠸᠧᠶ ᠶᠢᠨ ᠭᠡᠷ ᠲᠤ᠂ ᠰᠢ ᠶᠢᠨ ᠫᠢᠩ ᠭᠡᠷ ᠤᠨ ᠳᠣᠲᠣᠨ᠎ᠠ ᠭᠠᠳᠠᠨ᠎ᠠ᠂ ᠭᠡᠷ ᠪᠠᠶᠢᠰᠢᠩ ᠤᠨ ᠪᠦᠲᠦᠴᠡ ᠪᠠ ᠶᠠᠰᠤ ᠴᠢᠨᠠᠷ ᠢ ᠨᠠᠷᠢᠨ ᠪᠠᠶᠢᠴᠠᠭᠠᠨ ᠦᠵᠡᠵᠦ᠂ ᠨᠢᠭᠡ ᠭᠡᠷ ᠤᠨ ᠬᠥᠮᠦᠰ ᠲᠠᠢ ᠨᠢ ᠵᠣᠭᠤᠭᠳᠠᠵᠤ᠂ ︽ᠭᠡᠷ ᠪᠠᠶᠢᠰᠢᠩ ᠤᠰᠤᠨ ᠳᠤ ᠳᠡᠪᠲᠦᠭᠡᠳ ᠬᠡᠳᠦᠢ ᠶᠠᠭᠤᠮ᠎ᠠ ᠬᠤᠬᠢᠷᠠᠭᠰᠠᠨ︾᠂ ︽ᠰᠢᠨ᠎ᠡ ᠭᠡᠷ ᠪᠠᠷᠢᠬᠤ ᠳᠤ ᠵᠠᠰᠠᠭ ᠤᠨ ᠣᠷᠳᠣᠨ ᠬᠡᠳᠦᠢ ᠨᠥᠬᠦᠪᠦᠷᠢᠯᠡᠵᠦ᠂ ᠥᠪᠡᠷ ᠢᠶᠠᠨ ᠬᠡᠳᠦᠢ ᠵᠠᠷᠤᠴᠠᠭᠤᠯᠪᠠ︾᠂ ︽ᠭᠡᠷ ᠪᠦᠯᠢ ᠶᠢᠨ ᠣᠷᠣᠯᠭ᠎ᠠ ᠨᠢ ᠭᠤᠣᠯᠳᠠᠭᠤ ᠶᠠᠭᠤᠨ ᠳᠤ ᠲᠦᠰᠢᠭᠯᠡᠳᠡᠭ︾᠂ ︽ᠵᠠᠯᠠᠭᠤᠴᠤᠳ ᠬᠠᠮᠢᠭ᠎ᠠ ᠠᠵᠢᠯᠯᠠᠵᠤ ᠪᠠᠶᠢᠬᠤ︾ ᠶᠢ ᠬᠠᠯᠠᠮᠵᠢᠯᠠᠨ ᠠᠰᠠᠭᠤᠪᠠ᠃ ᠸᠠᠩ ᠪᠦᠦ ᠸᠧᠢ ᠰᠡᠳᠬᠢᠯ ᠳᠣᠭᠳᠣᠯᠤᠮ᠎ᠠ ᠪᠠᠷ ᠶᠡᠷᠦᠩᠬᠡᠢ ᠱᠦᠵᠢ ᠳᠤ᠂ ᠡᠶᠢᠮᠦ ᠠᠭᠤᠵᠢᠭᠤ ᠭᠡᠷ ᠲᠤ ᠡᠳᠦᠢ ᠲᠦᠷᠭᠡᠨ ᠰᠠᠭᠤᠵᠤ ᠳᠡᠶᠢᠯᠦᠨ᠎ᠡ ᠭᠡᠵᠦ ᠪᠣᠳᠣᠵᠤ ᠣᠯᠤᠭᠰᠠᠨ ᠦᠭᠡᠢ᠂ ᠶᠡᠷᠦᠩᠬᠡᠢ ᠱᠦᠵᠢ ᠳᠤ ᠲᠠᠯᠠᠷᠬᠠᠵᠤ ᠪᠠᠶᠢᠨ᠎ᠠ᠂ ᠨᠠᠮ ᠤᠨ ᠰᠠᠶᠢᠨ ᠲᠦᠷᠦ ᠶᠢᠨ ᠪᠤᠳᠤᠯᠭ᠎ᠠ ᠳᠤ ᠲᠠᠯᠠᠷᠬᠠᠵᠤ ᠪᠠᠶᠢᠨ᠎ᠠ ᠭᠡᠵᠡᠢ᠃ ᠰᠢ ᠶᠢᠨ ᠫᠢᠩ᠂ ᠠᠷᠠᠳ ᠲᠦᠮᠡᠨ ᠢ ᠳᠡᠭᠡᠳᠦᠯᠡᠵᠦ᠂ ᠭᠠᠮᠰᠢᠭᠳᠠᠭᠰᠠᠨ ᠤᠯᠠᠨ ᠲᠦᠮᠡᠨ ᠢ ᠬᠠᠪᠰᠤᠷᠬᠤ ᠪᠣᠯ ᠨᠠᠮ ᠪᠠ ᠵᠠᠰᠠᠭ ᠤᠨ ᠣᠷᠳᠣᠨ ᠤ ᠬᠢᠪᠡᠰᠦ ᠵᠣᠬᠢᠬᠤ ᠶᠠᠪᠤᠳᠠᠯ ᠶᠤᠮ᠃ ᠲᠠ ᠨᠠᠷ ᠤᠨ ᠬᠦᠰᠡᠯ ᠳᠠᠷᠤᠢ ᠪᠢᠳᠡᠨ ᠤ ᠬᠦᠰᠡᠯ ᠮᠥᠨ᠂ ᠤᠯᠠᠨ ᠢᠶᠠᠷ ᠢᠶᠠᠨ ᠬᠠᠮᠲᠤ ᠪᠠᠷ ᠴᠢᠷᠮᠠᠶᠢᠵᠤ ᠪᠠᠶᠢᠭᠠᠳ ᠵᠣᠯ ᠵᠢᠷᠭᠠᠯᠲᠤ ᠠᠮᠢᠳᠤᠷᠠᠯ ᠢᠶᠠᠨ ᠨᠡᠩ ᠰᠠᠶᠢᠬᠠᠨ ᠥᠩᠭᠡᠷᠡᠭᠡᠶ᠎ᠡ ᠭᠡᠪᠡ᠃ ︵ᠦᠰᠦᠭ ᠪᠢᠴᠢᠭ ᠤᠨ ᠰᠤᠷᠪᠤᠯᠵᠢᠯᠠᠭᠴᠢ᠄ ᠵᠠᠩ ᠰᠢᠶᠤᠤ ᠰᠦᠩ᠂ ᠵᠦ ᠵᠢᠢ ᠴᠠᠢ᠂ ᠭᠡᠷᠡᠯ ᠵᠢᠷᠤᠭ ᠤᠨ ᠰᠤᠷᠪᠤᠯᠵᠢᠯᠠᠭᠴᠢ᠄ ᠰᠢᠶᠧ ᠬᠤᠸᠠᠨ ᡂᠢ᠂ᠳ᠋ᠢᠩ ᠬᠠᠢ ᠲᠤᠤ︶
1.jpg
2.jpg
3.jpg
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号