ᠵᠦᠩ ᠳ᠋ᠢ 606
ᠨᠡᠶᠢᠲᠡᠯᠡᠭᠰᠡᠨ ᠴᠠᠭ᠄
2025/1/27
      ᠡᠭᠦᠯᠳᠡᠷ ᠤᠨ ᠨᠡᠷᠡᠶᠢᠳᠦᠯ᠄ ᠵᠥᠩ ᠳ᠋ᠢ 606      ᠭᠤᠶᠤᠴᠢᠯᠠᠭᠰᠠᠨ ᠨᠢᠭᠡᠴᠢ᠄ ᠵᠥᠩ ᠳ᠋ᠢ ᠦᠷ᠎ᠡ ᠶᠢᠨ ᠦᠢᠯᠡᠰ ᠤᠨ ︵ᠪᠦᠯᠦᠭᠯᠡᠯ︶ ᠬᠢᠵᠠᠭᠠᠷᠲᠤ ᠺᠣᠮᠫᠠᠨᠢ      ᠰᠣᠩᠭᠤᠨ ᠪᠣᠶᠢᠵᠢᠭᠤᠯᠤᠭᠰᠠᠨ ᠨᠢᠭᠡᠴᠢ᠄ ᠵᠥᠩ ᠳ᠋ᠢ ᠦᠷ᠎ᠡ ᠶᠢᠨ ᠦᠢᠯᠡᠰ ᠤᠨ ︵ᠪᠦᠯᠦᠭᠯᠡᠯ︶ ᠬᠢᠵᠠᠭᠠᠷᠲᠤ ᠺᠣᠮᠫᠠᠨᠢ      ᠡᠭᠦᠯᠳᠡᠷ ᠤᠨ ᠢᠷᠡᠯᠲᠡ᠄ 1024 ᠪᠠᠷ ᠡᠬᠡ ᠦᠨᠳᠦᠰᠦ᠂ D117 ᠪᠠᠷ ᠡᠴᠢᠭᠡ  ᠪᠡᠶ᠎ᠡ ᠪᠣᠯᠭᠠᠵᠤ ᠡᠷᠯᠢᠰᠡᠵᠢᠭᠦᠯᠦᠨ ᠰᠣᠩᠭᠤᠨ ᠪᠣᠶᠢᠵᠢᠭᠤᠯᠵᠤ ᠪᠦᠲᠦᠭᠡᠭᠰᠡᠨ ᠪᠠᠶᠢᠨ᠎ᠠ᠃ ᠡᠬᠡ ᠦᠨᠳᠦᠰᠦ ᠨᠢ ︵ᠵᠠ 461 × ᠰᠧ 4444︶ / ᠵᠠ 461 ᠪᠠᠷ ᠰᠠᠭᠤᠷᠢ ᠮᠠᠲ᠋ᠧᠷᠢᠶᠠᠯ ᠪᠣᠯᠭᠠᠨ ᠰᠣᠩᠭᠤᠨ ᠪᠣᠶᠢᠵᠢᠭᠤᠯᠵᠤ ᠪᠦᠲᠦᠭᠡᠭᠰᠡᠨ ᠪᠠᠶᠢᠨ᠎ᠠ︔ ᠡᠴᠢᠭᠡ ᠪᠡᠶ᠎ᠡ ᠨᠢ ᠵᠠ 917 × H182 ᠰᠠᠭᠤᠷᠢ ᠮᠠᠲ᠋ᠧᠷᠢᠶᠠᠯ ᠪᠣᠯᠭᠠᠨ ᠰᠣᠩᠭᠤᠨ ᠪᠣᠶᠢᠵᠢᠭᠤᠯᠵᠤ ᠪᠦᠲᠦᠭᠡᠭᠰᠡᠨ ᠶᠤᠮ᠃      ᠰᠢᠨᠵᠢ ᠪᠠᠶᠢᠳᠠᠯ ᠤᠨ ᠳᠦᠷᠰᠦᠯᠡᠯ᠄      ᠨᠢᠯᠬ᠎ᠠ ᠴᠢᠬᠢ᠄ ᠨᠠᠪᠴᠢᠨ ᠤ ᠢᠯᠲᠠᠰᠤ ᠨᠢ ᠨᠣᠭᠤᠭᠠᠨ ᠪᠣᠷᠣ ᠥᠩᠭᠡᠲᠡᠢ᠂ ᠨᠠᠪᠴᠢᠨ ᠤ ᠳᠤᠭᠲᠤᠢ ᠨᠢ ᠪᠣᠷᠣ ᠥᠩᠭᠡᠲᠡᠢ᠃      ᠤᠷᠭᠤᠮᠠᠯ᠄ ᠬᠠᠭᠠᠰ ᠠᠪᠴᠠᠯᠳᠤᠩᠭᠤᠢ ᠬᠡᠯᠪᠡᠷᠢ ᠲᠠᠢ᠂ ᠡᠰᠢ ᠶᠢᠨ ᠥᠨᠳᠥᠷ ᠨᠢ 257cm᠂ ᠲᠦᠷᠦᠭᠦᠦ ᠶᠢᠨ ᠪᠠᠶᠢᠷᠢ ᠨᠢ 90cm᠂ 17.8 ᠨᠠᠪᠴᠢ  ᠲᠠᠢ᠃      ᠡᠷ᠎ᠡ ᠲᠦᠷᠦᠭᠦᠦ᠄ ᠨᠢᠭᠡᠳᠦᠭᠡᠷ ᠳᠡᠰ ᠤᠨ ᠰᠠᠯᠠᠭ᠎ᠠ ᠨᠢ 6︱8 ᠪᠠᠶᠢᠵᠤ᠂ ᠬᠠᠯᠢᠰᠤ ᠨᠢ ᠨᠣᠭᠤᠭᠠᠨ ᠥᠩᠭᠡ  ᠲᠠᠢ᠂ ᠴᠡᠴᠡᠭ ᠤᠨ ᠡᠮ ᠨᠢ ᠪᠣᠷᠣ ᠥᠩᠭᠡ  ᠲᠠᠢ᠃      ᠡᠮ᠎ᠡ ᠲᠦᠷᠦᠭᠦᠦ᠄ ᠴᠡᠴᠡᠭ ᠤᠨ ᠰᠢᠷᠬᠡᠭ ᠨᠢ ᠭᠦᠢᠬᠡᠨ ᠪᠣᠷᠣ ᠥᠩᠭᠡ ᠲᠠᠢ᠃      ᠵᠢᠮᠢᠰ ᠤᠨ ᠲᠦᠷᠦᠭᠦᠦ᠄ ᠤᠷᠲᠤ ᠱᠣᠷᠣᠯᠵᠢᠨ ᠬᠡᠯᠪᠡᠷᠢ ᠲᠠᠢ᠂ ᠲᠡᠩᠭᠡᠯᠢᠭ  ᠨᠢ ᠶᠠᠭᠠᠨ᠂ ᠲᠦᠷᠦᠭᠦᠦ ᠶᠢᠨ ᠣᠷᠳᠣ  ᠨᠢ 18.9cm᠂ ᠲᠦᠷᠦᠭᠦᠦ ᠶᠢᠨ ᠪᠦᠳᠦᠭᠦᠨ ᠨᠢ 5.0cm᠂ ᠮᠤᠬᠤᠷ ᠦᠵᠦᠭᠦᠷ  ᠨᠢ 0.1cm᠂ ᠲᠦᠷᠦᠭᠦᠦ ᠶᠢᠨ ᠮᠥᠷ ᠤᠨ ᠲᠤᠭ᠎ᠠ ᠨᠢ 14︱16᠂ ᠮᠥᠷ ᠪᠦᠷᠢ ᠶᠢᠨ ᠮᠥᠬᠦᠯᠢᠭ ᠤᠨ ᠲᠤᠭ᠎ᠠ ᠨᠢ 38.7᠂ ᠳᠠᠩ ᠲᠦᠷᠦᠭᠦᠦ ᠶᠢᠨ ᠮᠥᠬᠦᠯᠢᠭ ᠪᠦᠷᠢ ᠶᠢᠨ ᠬᠦᠨᠳᠦ ᠨᠢ 222.0g᠂ ᠦᠷ᠎ᠡ ᠭᠠᠷᠬᠤ ᠨᠣᠷᠮ᠎ᠠ ᠨᠢ 82.0% ᠪᠠᠶᠢᠳᠠᠭ᠃      ᠦᠷ᠎ᠡ ᠶᠢᠨ ᠮᠥᠬᠦᠯᠢᠭ᠄ ᠮᠣᠷᠢᠨ ᠰᠢᠳᠦᠨ ᠤ ᠬᠡᠯᠪᠡᠷᠢ  ᠲᠠᠢ᠂ ᠰᠢᠷ᠎ᠠ ᠥᠩᠭᠡᠲᠡᠢ᠂ ᠵᠠᠭᠤᠨ ᠮᠥᠬᠦᠯᠢᠭ ᠪᠦᠷᠢ ᠶᠢᠨ ᠬᠦᠨᠳᠦ ᠨᠢ 39g ᠪᠠᠶᠢᠳᠠᠭ᠃      ᠶᠠᠰᠤ ᠴᠢᠨᠠᠷ᠄ 2014 ᠣᠨ ᠤ ᠲᠠᠷᠢᠶᠠᠯᠠᠩ ᠤᠨ ᠶᠠᠮᠤᠨ ᠤ ᠠᠮᠤ ᠪᠤᠳᠠᠭ᠎ᠠ ᠵᠢᠴᠢ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠲᠥᠪ ︵ᠬᠠᠷᠪᠢᠨ︶ ᠤᠨ ᠬᠡᠮᠵᠢᠨ ᠲᠣᠭᠲᠠᠭᠠᠯᠲᠠ ᠳᠤ᠂ ᠪᠠᠭᠲᠠᠭᠠᠮᠵᠢ ᠶᠢᠨ ᠬᠦᠨᠳᠦ ᠨᠢ 763g / L᠂ ᠪᠦᠳᠦᠭᠦᠯᠢᠭ ᠤᠭᠤᠷᠠᠭ 10.56%᠂ ᠪᠦᠳᠦᠭᠦᠯᠢᠭ ᠥᠭᠡᠬᠦ3.71%᠂ ᠪᠦᠳᠦᠭᠦᠯᠢᠭ ᠴᠠᠷᠳᠠᠭᠤᠯ 74.33%᠂ ᠯᠢᠰᠢᠨ ᠰᠢᠪᠲᠦᠷᠲᠦ ᠬᠦᠴᠢᠯ 0.27% ᠪᠣᠯᠣᠨ᠎ᠠ᠃      ᠳᠠᠭᠠᠭᠠᠮᠠᠭᠠᠢ ᠴᠢᠨᠠᠷ᠄ 2014 ᠣᠨ ᠤ ᠭᠢᠷᠢᠨ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠬᠠᠮᠠᠭᠠᠯᠠᠯᠲᠠ ᠶᠢᠨ ᠭᠠᠵᠠᠷ ᠤᠨ ᠬᠥᠮᠥᠨ ᠤ ᠬᠦᠴᠦ ᠪᠠᠷ ᠳᠠᠷᠢᠵᠤ᠂ ᠬᠤᠷᠣᠬᠠᠢ ᠳᠤ ᠳᠠᠭᠠᠭᠠᠮᠠᠭᠠᠢ ᠴᠢᠨᠠᠷ ᠤᠨ ᠬᠢᠨᠠᠨ ᠲᠣᠭᠲᠠᠭᠠᠯᠲᠠ ᠳᠤ᠂ ᠲᠣᠮᠣ ᠲᠣᠯᠪᠣᠲᠤ ᠡᠪᠡᠳᠴᠢᠨ ︵7S︶᠂ ᠮᠤᠷᠤᠢ ᠰᠫᠣᠷᠲᠦ ᠡᠪᠡᠳᠴᠢᠨ ︵7S︶᠂ ᠰᠢᠷᠬᠡᠭ ᠬᠠᠷᠠᠯᠠᠬᠤ ᠡᠪᠡᠳᠴᠢᠨ ︵13.2%S︶᠂ ᠳᠤᠮᠳᠠ ᠵᠡᠷᠭᠡ ᠶᠢᠨ ᠡᠰᠢ ᠢᠯᠵᠢᠷᠡᠬᠦ ᠡᠪᠡᠳᠴᠢᠨ ︵19.4%MR︶᠂ ᠡᠷᠳᠡᠨᠢ ᠰᠢᠰᠢ ᠶᠢᠨ ᠮᠢᠩ ᠡᠷᠪᠡᠬᠡᠢ ︵6.3S︶ ᠮᠡᠳᠡᠷᠡᠳᠡᠭ᠃      ᠲᠤᠷᠰᠢᠯᠲᠠ ᠶᠢᠨ ᠪᠠᠶᠢᠳᠠᠯ᠄      2012 ᠣᠨ ᠳᠤ ᠳᠤᠮᠳᠠ ᠵᠡᠷᠭᠡ ᠶᠢᠨ ᠡᠷᠲᠡ ᠪᠣᠯᠪᠠᠰᠤᠷᠠᠬᠤ ᠳᠤᠭᠤᠶᠢᠯᠠᠩ ᠤᠨ ᠪᠡᠯᠡᠳᠬᠡᠯ ᠲᠤᠷᠰᠢᠯᠲᠠ ᠳᠤ ᠣᠷᠣᠯᠴᠠᠵᠤ᠂ ᠮᠦ ᠪᠦᠷᠢ ᠶᠢᠨ ᠳᠤᠮᠳᠠᠴᠢ ᠤᠨᠠᠯᠲᠠ 814.9kg ᠲᠤ ᠬᠦᠷᠴᠦ᠂ ᠵᠧ ᠳ᠋ᠠᠨ 39  ᠲᠠᠢ ᠬᠠᠷᠢᠴᠠᠭᠤᠯᠪᠠᠯ ᠤᠨᠠᠯᠲᠠ ᠨᠢ 11.4% ᠪᠠᠷ ᠨᠡᠮᠡᠭᠳᠡᠵᠡᠢ᠃ ᠦᠷᠡᠵᠢᠯ ᠤᠨ ᠳᠤᠮᠳᠠᠴᠢ ᠬᠤᠭᠤᠴᠠᠭ᠎ᠠ ᠨᠢ 125 ᠡᠳᠦᠷ ᠪᠠᠶᠢᠵᠤ᠂ ᠵᠧ ᠳ᠋ᠠᠨ 39  ᠲᠠᠢ ᠬᠠᠷᠢᠴᠠᠭᠤᠯᠪᠠᠯ 2 ᠡᠳᠦᠷ ᠣᠷᠣᠢ ᠪᠠᠶᠢᠳᠠᠭ᠃      2013 ᠣᠨ ᠳᠤ ᠳᠤᠮᠳᠠ ᠵᠡᠷᠭᠡ ᠶᠢᠨ ᠡᠷᠲᠡ ᠪᠣᠯᠪᠠᠰᠤᠷᠠᠬᠤ ᠳᠤᠭᠤᠶᠢᠯᠠᠩ ᠤᠨ ᠣᠷᠣᠨ ᠪᠦᠰᠡ ᠶᠢᠨ ᠲᠤᠷᠰᠢᠯᠲᠠ ᠳᠤ ᠣᠷᠣᠯᠴᠠᠵᠤ᠂ ᠮᠦ ᠪᠦᠷᠢ ᠶᠢᠨ ᠳᠤᠮᠳᠠᠴᠢ ᠤᠨᠠᠯᠲᠠ 816.4kg᠂ ᠳᠤᠭᠤᠶᠢᠯᠠᠩ ᠤᠨ ᠳᠤᠮᠳᠠᠴᠢ ᠬᠡᠮᠵᠢᠭᠳᠡᠯ ᠠᠴᠠ 2.3% ᠪᠠᠷ ᠨᠡᠮᠡᠭᠳᠡᠵᠡᠢ᠃ ᠦᠰᠦᠯᠳᠡ ᠪᠤᠶᠢᠵᠢᠯᠳᠠ ᠶᠢᠨ ᠳᠤᠮᠳᠠᠴᠢ ᠬᠤᠭᠤᠴᠠᠭ᠎ᠠ ᠨᠢ 118 ᠡᠳᠦᠷ ᠪᠠᠶᠢᠵᠤ᠂ ᠵᠢᠦ ᠢᠦᠢ 1034 ᠲᠠᠢ ᠬᠠᠷᠢᠴᠠᠭᠤᠯᠪᠠᠯ 1 ᠡᠳᠦᠷ ᠣᠷᠣᠢ ᠪᠠᠶᠢᠳᠠᠭ᠃      2014 ᠣᠨ ᠳᠤ ᠳᠤᠮᠳᠠ ᠵᠡᠷᠭᠡ ᠶᠢᠨ ᠡᠷᠲᠡ ᠪᠣᠯᠪᠠᠰᠤᠷᠠᠬᠤ ᠳᠤᠭᠤᠶᠢᠯᠠᠩ ᠤᠨ ᠦᠢᠯᠡᠳᠪᠦᠷᠢᠯᠡᠯ ᠤᠨ ᠲᠤᠷᠰᠢᠯᠲᠠ ᠳᠤ ᠣᠷᠣᠯᠴᠠᠵᠤ᠂ ᠮᠦ ᠪᠦᠷᠢ ᠶᠢᠨ ᠳᠤᠮᠳᠠᠴᠢ ᠤᠨᠠᠯᠲᠠ ᠨᠢ 851.8kg᠂ ᠵᠢᠦ ᠢᠦᠢ 1034 ᠲᠠᠢ ᠬᠠᠷᠢᠴᠠᠭᠤᠯᠪᠠᠯ ᠤᠨᠠᠯᠲᠠ ᠨᠢ 12.0% ᠢᠶᠠᠷ ᠨᠡᠮᠡᠭᠳᠡᠵᠡᠢ᠃ ᠦᠰᠦᠯᠳᠡ ᠪᠤᠶᠢᠵᠢᠯᠳᠠ ᠶᠢᠨ ᠳᠤᠮᠳᠠᠴᠢ ᠬᠤᠭᠤᠴᠠᠭ᠎ᠠ  ᠨᠢ 124 ᠡᠳᠦᠷ ᠪᠠᠶᠢᠵᠤ᠂ ᠬᠠᠷᠢᠴᠠᠭᠤᠯᠪᠠᠯ 1 ᠡᠳᠦᠷ ᠡᠷᠲᠡ ᠪᠠᠶᠢᠳᠠᠭ᠃      ᠲᠠᠷᠢᠵᠤ ᠪᠣᠶᠢᠵᠢᠭᠤᠯᠬᠤ ᠮᠡᠷᠭᠡᠵᠢᠯ ᠤᠨ ᠭᠤᠣᠯᠳᠠᠯᠭ᠎ᠠ᠄      ᠲᠠᠷᠢᠬᠤ ᠬᠤᠭᠤᠴᠠᠭ᠎ᠠ᠄ 5 ᠰᠠᠷ᠎ᠠ ᠶᠢᠨ ᠰᠢᠨᠡᠳ᠃      ᠨᠢᠭᠲᠠᠴᠠ᠄ ᠮᠦ ᠪᠦᠷᠢ ᠳᠤ 4000︱4500 ᠰᠠᠭᠤᠷᠢ ᠴᠢᠬᠢ᠃      ᠪᠣᠷᠳᠣᠭᠤᠷ ᠣᠷᠣᠭᠤᠯᠬᠤ᠄ ᠮᠦ ᠪᠦᠷᠢ ᠳᠤ ᠬᠤᠶᠠᠷ ᠠᠮᠮᠤᠨᠢ 20kg᠂ ᠨᠡᠮᠡᠯᠲᠡ ᠪᠣᠷᠳᠣᠭᠤᠷ ᠰᠢᠭᠡᠰᠦᠯᠢᠭ ᠡᠳ᠋ 20kg ᠣᠷᠤᠭᠤᠯᠤᠨ᠎ᠠ᠃      ᠠᠩᠬᠠᠷᠬᠤ ᠵᠦᠢᠯ᠄ ᠲᠣᠮᠣ ᠲᠣᠯᠪᠣᠲᠤ ᠡᠪᠡᠳᠴᠢᠨ᠂ ᠮᠤᠷᠤᠢ ᠰᠫᠣᠷᠲᠦ ᠡᠪᠡᠳᠴᠢᠨ᠂ ᠰᠢᠷᠬᠡᠭ ᠬᠠᠷᠠᠯᠠᠬᠤ ᠡᠪᠡᠳᠴᠢᠨ᠂ ᠡᠷᠳᠡᠨᠢ ᠰᠢᠰᠢ ᠶᠢᠨ ᠮᠢᠩ ᠬᠤᠷᠣᠬᠠᠢ ᠶᠢ ᠰᠡᠷᠭᠡᠶᠢᠯᠡᠨ ᠵᠠᠰᠠᠬᠤ ᠶᠢ ᠠᠩᠬᠠᠷᠤᠨ᠎ᠠ᠃      ᠲᠣᠬᠢᠷᠠᠮᠵᠢᠲᠠᠢ ᠭᠠᠵᠠᠷ ᠣᠷᠣᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ≥10℃ ᠤᠨ ᠠᠵᠢᠯᠯᠠᠭ᠎ᠠ ᠶᠢᠨ ᠬᠤᠷᠠᠮᠳᠤᠭᠰᠠᠨ ᠳᠤᠯᠠᠭᠠᠨ ᠤ ᠬᠡᠮᠵᠢᠶ᠎ᠡ 240℃ ᠠᠴᠠ ᠳᠡᠭᠡᠭᠰᠢᠬᠢ ᠭᠠᠵᠠᠷ ᠣᠷᠣᠨ ᠳᠤ ᠳᠠᠷᠢᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号