ᠠᠮᠤ ᠪᠤᠳᠠᠭᠠᠨ ᠤ ᠡᠯᠪᠡᠭ ᠬᠤᠷᠢᠶᠠᠯᠲᠠ ︱ ᠠᠩᠬ᠎ᠠ ᠤᠳᠠᠭ᠎ᠠ 11 ᠳ᠋ᠦᠩᠰᠢᠭᠤᠷ ᠵᠢᠩ ᠢ ᠳᠠᠪᠠᠪᠠ︕ ᠰᠢᠯᠢ ᠶᠢᠨ ᠭᠤᠣᠯ ᠠᠶᠢᠮᠠᠭ ᠤᠨ ᠠᠮᠤ ᠪᠤᠳᠠᠭᠠᠨ ᠤ ᠤᠨᠠᠯᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2025/1/6
      2024 ᠣᠨ ᠳᠤ᠂ ᠰᠢᠯᠢ ᠶᠢᠨ ᠭᠤᠣᠯ ᠠᠶᠢᠮᠠᠭ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠭᠤᠣᠯ ᠪᠣᠯᠬᠤ ᠠᠮᠤ ᠳᠤᠰᠤᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠰᠠᠶᠢᠨ︾ ᠰᠢᠰᠲ᠋ᠧᠮ ᠤᠨ ᠴᠤᠭᠯᠠᠷᠠᠯ ᠢ ᠠᠬᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠬᠦ ᠶᠢ ᠠᠬᠢᠭᠤᠯᠪᠠ᠃ ᠪᠦᠷᠢᠳᠬᠡᠯ ᠢ ᠦᠨᠳᠦᠰᠦᠯᠡᠪᠡᠯ᠂ 2024 ᠣᠨ ᠳᠤ ᠪᠥᠬᠦ ᠠᠶᠢᠮᠠᠭ ᠤᠨ ᠠᠮᠤ ᠪᠤᠳᠠᠭ᠎ᠠ ᠳᠠᠷᠢᠬᠤ ᠲᠠᠯᠠᠪᠠᠶ 235.04 ᠲᠦᠮᠡᠨ ᠮᠦ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.58% ᠪᠠᠷ ᠨᠡᠮᠡᠭᠳᠡᠪᠡ︔ ᠠᠮᠤ ᠪᠤᠳᠠᠭᠠᠨ ᠤ ᠤᠨᠠᠯᠲᠠ 11.59 ᠳ᠋ᠦᠩᠰᠢᠭᠤᠷ ᠵᠢᠩ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.69% ᠨᠡᠮᠡᠭᠳᠡᠪᠡ︔ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠮᠦ ᠪᠦᠷᠢ 246.52 ᠺᠢᠯᠣᠭ᠍ᠷᠠᠮ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.78% ᠨᠡᠮᠡᠭᠳᠡᠵᠡᠢ᠃ ᠠᠮᠤ ᠪᠤᠳᠠᠭᠠᠨ ᠤ ᠭᠠᠷᠤᠯᠲᠠ ᠵᠢᠷᠭᠤᠭᠠᠨ ᠵᠢᠯ ᠳᠠᠷᠠᠭᠠᠯᠠᠨ ᠨᠡᠮᠡᠭᠳᠡᠵᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ︕      ᠰᠠᠶᠢᠨ ᠲᠠᠷᠢᠶᠠᠨ ᠭᠠᠵᠠᠷ ᠢ ᠪᠠᠶᠢᠭᠤᠯᠵᠤ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠰᠠᠭᠤᠷᠢ ᠲᠤᠯᠭᠠᠭᠤᠷᠢᠯᠠᠯ ᠢ ᠪᠠᠬᠢᠵᠢᠭᠦᠯᠵᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ 2024 ᠣᠨ ᠳᠤ 19.29 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠡᠭᠦᠨ ᠳᠤ 17.29 ᠲᠦᠮᠡᠨ ᠮᠦ ᠶᠢ ᠰᠢᠨ᠎ᠡ ᠪᠠᠷ ᠪᠠᠶᠢᠭᠤᠯᠵᠤ᠂ 2 ᠲᠦᠮᠡᠨ ᠮᠦ ᠶᠢ ᠥᠭᠡᠷᠡᠴᠢᠯᠡᠨ ᠳᠡᠭᠡᠭᠰᠢᠯᠡᠭᠦᠯᠵᠦ᠂ ᠪᠥᠬᠦ ᠠᠶᠢᠮᠠᠭ ᠤᠨ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠨᠡᠶᠢᠲᠡ 95.19 ᠲᠦᠮᠡᠨ ᠮᠦ ᠳᠤ ᠬᠦᠷᠴᠡᠢ᠃ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠨ ᠳᠡᠭᠡᠭᠰᠢᠯᠡᠭᠦᠯᠬᠦ ᠶᠢ ᠴᠢᠩᠭᠠᠳᠬᠠᠵᠤ᠂ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ ᠲᠠᠯᠠᠪᠠᠶ ᠶᠢ 90 ᠲᠦᠮᠡᠨ ᠮᠦ᠂ ᠣᠷᠭᠠᠨᠢᠭ ᠪᠣᠷᠳᠣᠭᠤᠷ ᠢ ᠲᠠᠷᠢᠶᠠᠨ ᠭᠠᠵᠠᠷ ᠲᠤ ᠪᠤᠴᠠᠭᠠᠬᠤ ᠲᠠᠯᠠᠪᠠᠶ ᠶᠢ 96 ᠲᠦᠮᠡᠨ ᠮᠦ᠂ ᠲᠠᠷᠢᠶᠠᠨ ᠭᠠᠵᠠᠷ ᠢ ᠭᠦᠨ ᠰᠤᠯᠠᠷᠠᠭᠤᠯᠬᠤ ︵ᠭᠦᠨ ᠬᠠᠭᠠᠯᠪᠤᠷᠢᠯᠠᠬᠤ︶ ᠲᠠᠯᠠᠪᠠᠶ ᠶᠢ 203 ᠲᠦᠮᠡᠨ ᠮᠦ᠂ ᠪᠤᠬᠢᠷᠳᠤᠯ ᠦᠭᠡᠢ ᠪᠤᠷᠳᠤᠭᠤᠷ ᠲᠠᠷᠢᠬᠤ ᠲᠠᠯᠠᠪᠠᠢ ᠶᠢ 2.27 ᠲᠦᠮᠡᠨ ᠮᠦ᠂ ᠡᠭᠡᠯᠵᠢᠯᠡᠨ ᠳᠠᠷᠢᠬᠤ ᠪᠠ ᠥᠨᠵᠢᠭᠦᠯᠦᠨ ᠳᠠᠷᠢᠬᠤ ᠲᠠᠯᠠᠪᠠᠶ ᠶᠢ 44.14 ᠲᠦᠮᠡᠨ ᠮᠦ᠂ ᠨᠡᠶᠢᠲᠡ ᠲᠠᠯᠠᠪᠠᠶ ᠶᠢ 435.41 ᠲᠦᠮᠡᠨ ᠮᠦ ᠪᠣᠯᠭᠠᠪᠠ᠃ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠠᠯᠠᠪᠠᠶ 102 ᠲᠦᠮᠡᠨ ᠮᠦ ᠶᠢ ᠳᠡᠯᠭᠡᠷᠡᠭᠦᠯᠵᠦ᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠲᠠᠯᠠᠪᠠᠶ 158 ᠲᠦᠮᠡᠨ ᠮᠦ ᠶᠢ ᠥᠷᠨᠢᠭᠦᠯᠵᠦ᠂ 60 ᠲᠦᠮᠡᠨ ᠮᠦ ᠶᠢ ᠨᠢᠭᠡᠳᠦᠯᠲᠡᠢ ᠰᠡᠷᠭᠡᠶᠢᠯᠡᠨ ᠨᠢᠭᠡᠳᠦᠯᠳᠡᠢ ᠵᠠᠰᠠᠵᠤ᠂ ︽ᠭᠤᠷᠪᠠᠨ ᠰᠢᠨ᠎ᠡ ᠮᠡᠷᠭᠡᠵᠢᠯ︾ ᠢ 2 ᠲᠦᠮᠡᠨ ᠮᠦ ᠳᠤ ᠬᠦᠷᠭᠡᠵᠡᠢ᠃      ᠰᠠᠶᠢᠨ ᠡᠭᠦᠯᠳᠡᠷ ᠢ ᠪᠣᠶᠢᠵᠢᠭᠤᠯᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠦᠨᠳᠦᠰᠦᠨ ᠲᠤᠯᠭᠠᠭᠤᠷᠢᠯᠠᠯ ᠢ ᠪᠠᠬᠢᠵᠢᠭᠦᠯᠵᠡᠢ᠃ ᠡᠭᠦᠯᠳᠡᠷ ᠪᠣᠶᠢᠵᠢᠭᠤᠯᠬᠤ ᠲᠠᠯ᠎ᠠ ᠪᠠᠷ᠂ ︽ᠺᠦᠨ ᠶᠤᠸᠠᠨ 9 ᠳ᠋ᠦ᠋ᠭᠡᠷ︾ ᠨᠢ ᠥᠪᠡᠷᠲᠡᠭᠡᠨ ᠵᠠᠰᠠᠬᠤ ᠣᠷᠣᠨ ᠤ ᠭᠤᠣᠯ ᠳᠡᠯᠭᠡᠷᠡᠭᠦᠯᠬᠦ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠳᠤᠣᠷᠣᠵᠤ᠂ ᠲᠠᠢ ᠾᠧ 6 ᠳ᠋ᠤᠭᠠᠷ᠂ ᠲᠠᠢ ᠾᠧ 9 ᠳ᠋ᠦ᠋ᠭᠡᠷ ᠨᠢ 2024 ᠣᠨ ᠤ ᠤᠯᠤᠰ  ᠤᠨ ᠲᠦᠷᠦᠯ ᠵᠦᠢᠯ ︵ᠲᠥᠮᠥᠰᠥ︶ ᠤᠨ ᠬᠢᠨᠠᠨ ᠲᠤᠭᠳᠠᠭᠠᠯ  ᠢ ᠥᠩᠭᠡᠷᠡᠭᠦᠯᠪᠡ᠃ ᠦᠷ᠎ᠡ ᠪᠣᠶᠢᠵᠢᠭᠤᠯᠬᠤ ᠲᠠᠯ᠎ᠠ ᠪᠠᠷ᠂ ᠲᠥᠮᠥᠰᠥ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ 5 ᠲᠦᠮᠡᠨ ᠮᠦ᠂ ᠲᠥᠮᠥᠰᠥ ᠲᠠᠷᠢᠬᠤ ᠠᠵᠤ ᠠᠬᠤᠶᠢᠯᠠᠯ ᠢ 22 ᠪᠠᠶᠢᠭᠤᠯᠵᠤ᠂ ᠲᠥᠮᠥᠰᠥ ᠶᠢᠨ ᠤᠤᠯ ᠡᠭᠦᠯᠳᠡᠷ ︵ᠪᠢᠴᠢᠯ ᠬᠡᠯᠪᠡᠷᠢ ᠶᠢᠨ ᠲᠥᠮᠥᠰᠥ︶ ᠤᠨ ᠦᠢᠯᠡᠳᠪᠦᠷᠢᠯᠡᠬᠦ ᠴᠢᠳᠠᠪᠤᠷᠢ ᠶᠢ 3.6 ᠳ᠋ᠦᠩᠰᠢᠭᠤᠷ ᠮᠥᠬᠦᠯᠢᠭ ᠪᠣᠯᠭᠠᠵᠤ᠂ ᠤᠤᠯ ᠡᠭᠦᠯᠳᠡᠷ ᠤᠨ ᠭᠠᠷᠤᠯᠲᠠ ᠶᠢ 20 ᠲᠦᠮᠡᠨ ᠲᠣᠨ ᠳᠤ ᠬᠦᠷᠦᠭᠦᠯᠵᠦ᠂ ᠬᠤᠣᠷ ᠦᠭᠡᠶᠢᠳᠡᠭᠦᠯᠦᠭᠰᠡᠨ ᠲᠥᠮᠥᠰᠥ ᠲᠠᠷᠢᠬᠤ ᠲᠠᠯᠠᠪᠠᠶ ᠪᠠ ᠭᠠᠷᠤᠯᠲᠠ ᠨᠢ ᠴᠥᠮ ᠪᠥᠬᠦ ᠣᠷᠣᠨ ᠤ ᠬᠤᠶᠠᠳᠤᠭᠠᠷ ᠲᠤ ᠣᠷᠣᠵᠠᠢ᠃ ᠦᠷ᠎ᠡ ᠬᠡᠷᠡᠭᠯᠡᠬᠦ ᠲᠠᠯ᠎ᠠ ᠪᠠᠷ᠂ ᠬᠤᠶᠠᠷ ᠵᠢᠯ ᠳᠠᠷᠠᠭᠠᠯᠠᠨ 2 ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠢ ᠪᠠᠶᠢᠭᠤᠯᠵᠤ᠂ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ 98% ᠳᠤ ᠬᠥᠷᠪᠡ᠃      ᠰᠠᠶᠢᠨ ᠲᠣᠬᠢᠶᠠᠯ ᠢ ᠠᠰᠢᠭᠯᠠᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠲᠤᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠪᠠᠲᠤᠳᠬᠠᠵᠠᠢ᠃ ᠲᠠᠷᠢᠶᠠᠯᠠᠩ ᠤᠨ ᠮᠧᠬᠠᠨᠢᠭ ᠬᠤᠳᠠᠯᠳᠤᠨ ᠠᠪᠬᠤ ᠨᠥᠬᠦᠪᠦᠷᠢ ᠶᠢ ᠨᠠᠶᠢᠳᠠᠪᠤᠷᠢᠵᠢᠭᠤᠯᠵᠠᠢ᠃ 2024 ᠣᠨ ᠳᠤ ᠲᠠᠷᠢᠶᠠᠯᠠᠩ ᠤᠨ ᠮᠠᠰᠢᠨ ᠪᠠᠭᠠᠵᠢ ᠶᠢ 3320 ᠢᠵᠢ ᠰᠢᠨ᠎ᠡ ᠪᠠᠷ ᠨᠡᠮᠡᠭᠳᠡᠭᠦᠯᠦᠨ᠂ 2261 ᠲᠦᠮᠡᠨ ᠲᠥᠭᠦᠷᠢᠭ ᠤᠨ ᠨᠥᠬᠦᠪᠦᠷᠢ ᠥᠭᠴᠦ᠂ 768 ᠵᠢᠵᠢᠭ ᠬᠡᠯᠪᠡᠷᠢ ᠶᠢᠨ ᠠᠴᠢᠶᠠᠯᠠᠬᠤ ᠮᠠᠰᠢᠨ ᠳᠤ ᠨᠥᠬᠦᠪᠦᠷᠢ ᠥᠭᠴᠦ᠂ 1111 ᠲᠦᠮᠡᠨ ᠲᠥᠭᠦᠷᠢᠭ ᠤᠨ ᠨᠥᠬᠦᠪᠦᠷᠢ ᠥᠭᠴᠡᠢ᠃ ᠵᠢᠱᠢᠯᠲᠡ ᠪᠠᠷ 2024 ᠣᠨ ᠳᠤ ᠲᠠᠷᠢᠶᠠᠯᠠᠵᠤ ᠬᠤᠷᠢᠶᠠᠬᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ 94.22% ᠬᠦᠷᠴᠦ᠂ ᠠᠳᠠᠯᠢ ᠬᠤᠭᠤᠴᠠᠭᠠᠨ ᠤ ᠬᠢ ᠠᠴᠠ 0.84 ᠵᠠᠭᠤᠨ ᠤ ᠨᠢᠭᠡᠴᠢ ᠳᠡᠭᠡᠭᠰᠢᠯᠡᠵᠡᠢ᠃ ᠠᠮᠤ ᠪᠤᠳᠠᠭ᠎ᠠ ᠠᠷᠪᠢᠯᠠᠵᠤ ᠬᠤᠬᠢᠷᠠᠯ ᠢ ᠪᠠᠭᠠᠰᠬᠠᠬᠤ ᠶᠢ ᠨᠠᠶᠢᠳᠠᠪᠤᠷᠢᠵᠢᠭᠤᠯᠵᠠᠢ᠃ ︽ᠬᠤᠬᠢᠷᠠᠯ ᠢ ᠪᠠᠭᠠᠰᠬᠠᠬᠤ ᠪᠣᠯ ᠣᠷᠣᠯᠭ᠎ᠠ ᠶᠢ ᠨᠡᠮᠡᠭᠳᠡᠭᠦᠯᠬᠦ ᠶᠠᠪᠤᠳᠠᠯ ᠮᠥᠨ︾ ᠭᠡᠬᠦ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠮᠠᠰᠢᠨ ᠢᠶᠠᠷ ᠬᠤᠷᠢᠶᠠᠵᠤ ᠬᠤᠬᠢᠷᠠᠯ ᠢ ᠪᠠᠭᠠᠰᠬᠠᠬᠤ ᠲᠤᠰᠬᠠᠢ ᠰᠡᠳᠦᠪᠲᠦ ᠬᠤᠷᠠᠯᠳᠤᠭᠠᠨ ᠢ 5 ᠤᠳᠠᠭ᠎ᠠ ᠬᠤᠷᠠᠯᠳᠤᠭᠤᠯᠵᠤ᠂ ᠲᠠᠷᠢᠶᠠᠯᠠᠩ ᠤᠨ ᠮᠠᠰᠢᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠢ 6 ᠬᠤᠭᠤᠴᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ 356 ᠬᠥᠮᠥᠨ ᠤᠳᠠᠭ᠎ᠠ ᠪᠣᠯᠪᠠᠰᠤᠷᠠᠭᠤᠯᠵᠠᠢ᠂ ᠡᠭᠦᠨ ᠳᠤ ᠮᠠᠰᠢᠨᠴᠢ ᠶᠢ 141 ᠬᠥᠮᠥᠨ ᠤᠳᠠᠭ᠎ᠠ ᠪᠣᠯᠪᠠᠰᠤᠷᠠᠭᠤᠯᠵᠤ᠂ ᠲᠤᠰᠬᠠᠢ ᠮᠡᠷᠭᠡᠵᠢᠯ ᠤᠨ ᠠᠵᠢᠯᠲᠠᠨ ᠢ 230 ᠭᠠᠷᠤᠢ ᠬᠥᠮᠥᠨ ᠤᠳᠠᠭ᠎ᠠ ᠵᠣᠬᠢᠶᠠᠨ ᠪᠠᠶᠢᠭᠤᠯᠵᠤ ᠰᠢᠶᠠᠩ ᠪᠠᠯᠭᠠᠰᠤᠨ ᠳᠤ ᠭᠦᠨᠵᠡᠭᠡᠶᠢᠷᠡᠭᠦᠯᠦᠨ ᠮᠠᠰᠢᠨ ᠢᠶᠠᠷ ᠬᠤᠷᠢᠶᠠᠵᠤ ᠬᠤᠬᠢᠷᠠᠯ ᠢ ᠪᠠᠭᠠᠰᠬᠠᠬᠤ ᠵᠢᠯᠣᠭᠤᠳᠤᠯᠭ᠎ᠠ ᠶᠢ ᠥᠷᠨᠢᠭᠦᠯᠪᠡ᠃ ᠨᠠᠮᠤᠷ ᠤᠨ ᠬᠤᠷᠢᠶᠠᠯᠲᠠ ᠳᠤ ᠨᠡᠶᠢᠲᠡ 5501 ᠮᠠᠰᠢᠨ ᠮᠧᠬᠠᠨᠢᠭ ᠢ ᠣᠷᠣᠭᠤᠯᠵᠤ᠂ 380 ᠲᠦᠮᠡᠨ ᠮᠦ ᠮᠠᠰᠢᠨ ᠢᠶᠠᠷ ᠬᠤᠷᠢᠶᠠᠬᠤ ᠶᠢ ᠪᠡᠶᠡᠯᠡᠭᠦᠯᠪᠡ᠃ 2024 ᠣᠨ ᠳᠤ ᠪᠤᠭᠤᠳᠠᠢ ᠶᠢᠨ ᠮᠠᠰᠢᠨ ᠢᠶᠠᠷ ᠬᠤᠷᠢᠶᠠᠭᠰᠠᠨ ᠳᠤᠮᠳᠠᠴᠢ ᠬᠤᠬᠢᠷᠠᠯ ᠤᠨ ᠨᠣᠷᠮ᠎ᠠ 0.86% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.99 ᠵᠠᠭᠤᠨ ᠤ ᠨᠢᠭᠡᠴᠢ ᠪᠠᠭᠠᠰᠴᠠᠢ᠃      ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠢ ᠰᠠᠶᠢᠲᠤᠷ ᠠᠬᠢᠭᠤᠯᠬᠤ ᠠᠷᠭ᠎ᠠ ᠶᠢ ᠪᠠᠲᠤᠳᠬᠠᠪᠠ᠃ ᠨᠢᠭᠡ ᠳᠤ᠂ ᠲᠦᠷᠦᠯ ᠵᠦᠢᠯ ᠢ ᠪᠣᠳᠠᠲᠠᠢ ᠪᠠᠷ ᠠᠳᠬᠤᠵᠤ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢ ᠶᠡᠬᠡᠪᠡᠷ ᠠᠬᠢᠭᠤᠯᠵᠠᠢ᠃ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ 3 ᠲᠥᠷᠥᠯ ᠵᠦᠢᠯ ᠢ ᠥᠷᠨᠢᠭᠦᠯᠵᠦ᠂ ᠵᠠᠭᠤᠨ ᠮᠦ ᠶᠢᠨ ᠲᠠᠷᠢᠶ᠎ᠠ ᠶᠢ 10᠂ ᠮᠢᠩᠭᠠᠨ ᠬᠠᠪᠳᠠᠭᠠᠢ ᠳᠥᠷᠪᠡᠯᠵᠢᠨ ᠮᠧᠲᠷ ᠮᠦ ᠶᠢᠨ 34᠂ ᠲᠦᠮᠡᠨ ᠮᠦ ᠶᠢᠨ ᠬᠠᠪᠲᠠᠭᠠᠢ ᠬᠡᠰᠡᠭ ᠢ 6 ᠠᠮᠵᠢᠯᠲᠠ ᠲᠠᠢ ᠪᠠᠶᠢᠭᠤᠯᠵᠤ᠂ ᠨᠡᠶᠢᠲᠡ ᠲᠠᠯᠠᠪᠠᠶ ᠨᠢ 11.346 ᠲᠦᠮᠡᠨ ᠮᠦ ᠳᠤ ᠬᠥᠷᠪᠡ᠃ ᠲᠤᠯᠤᠨ ᠨᠤᠤᠷ ᠰᠢᠶᠠᠨ ᠤ ᠲᠥᠮᠥᠰᠥ ᠶᠢᠨ ᠲᠠᠯᠠᠪᠠᠢ ᠨᠢᠭᠡᠴᠢ ᠶᠢᠨ ᠤᠨᠠᠯᠲᠠ 6312.6 ᠺᠢᠯᠣᠭ᠍ᠷᠠᠮ/ ᠮᠦ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠲᠥᠮᠥᠰᠥ ᠶᠢᠨ ᠲᠠᠯᠠᠪᠠᠢ ᠨᠢᠭᠡᠴᠢ ᠶᠢᠨ ᠤᠨᠠᠯᠲᠠ ᠶᠢᠨ ᠬᠤᠶᠠᠳᠤᠭᠠᠷ ᠲᠤ ᠣᠷᠣᠵᠤ᠂ 55 ᠲᠦᠮᠡᠨ ᠮᠦ ᠶᠢ ᠨᠥᠯᠥᠭᠡᠯᠡᠨ ᠳᠠᠶᠢᠴᠢᠯᠠᠪᠠ᠃ ᠠᠮᠤ ᠪᠤᠳᠠᠭ᠎ᠠ ᠨᠡᠮᠡᠭᠳᠡᠭᠦᠯᠬᠦ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠵᠢᠱᠢᠶ᠎ᠡ ᠦᠵᠡᠭᠦᠯᠬᠦ ᠣᠷᠣᠨ ᠢ 3 ᠪᠠᠶᠢᠭᠤᠯᠵᠤ᠂ ᠲᠠᠯᠠᠪᠠᠶ ᠨᠢ 3600 ᠮᠦ ᠪᠠᠶᠢᠵᠤ᠂ 5 ᠰᠢᠶᠠᠩ ᠪᠠᠯᠭᠠᠰᠤ ᠶᠢ ᠬᠠᠮᠤᠷᠤᠨ᠂ ᠬᠤᠷᠠᠮᠠᠯ ᠮᠡᠷᠭᠡᠵᠢᠯ ᠤᠨ ᠵᠠᠭᠪᠤᠷ ᠢ 5 ᠢᠵᠢ ᠰᠢᠯᠢᠳᠡᠭᠵᠢᠭᠦᠯᠵᠦ᠂ ᠶᠡᠷᠦᠩᠬᠡᠢ ᠭᠠᠷᠤᠯᠲᠠ ᠨᠢ 41 ᠲᠣᠨ ᠨᠡᠮᠡᠭᠳᠡᠵᠦ᠂ ᠨᠥᠯᠥᠭᠡᠯᠡᠨ ᠳᠠᠶᠢᠴᠢᠯᠠᠬᠤ ᠲᠠᠯᠠᠪᠠᠶ ᠨᠢ 33 ᠲᠦᠮᠡᠨ ᠮᠦ ᠪᠠᠶᠢᠵᠤ᠂ ᠨᠥᠯᠥᠭᠡᠯᠡᠨ ᠳᠠᠶᠢᠴᠢᠯᠠᠬᠤ ᠣᠷᠣᠨ ᠤ ᠭᠠᠷᠤᠯᠲᠠ ᠨᠢ 1.15 ᠲᠦᠮᠡᠨ ᠲᠣᠨ ᠨᠡᠮᠡᠭᠳᠡᠪᠡ᠃ ᠲᠠᠶᠢᠹᠤᠰᠧ ᠬᠤᠰᠢᠭᠤᠨ ᠤ ᠤᠯᠠᠭᠠᠨ ᠲᠤᠭ ᠪᠠᠯᠭᠠᠰᠤᠨ ᠤ ᠣᠯᠣᠰᠣ ᠮᠦ ᠪᠦᠷᠢ ᠶᠢᠨ ᠳᠤᠮᠳᠠᠴᠢ ᠤᠨᠠᠯᠲᠠ 99.95 ᠺᠢᠯᠣᠭ᠍ᠷᠠᠮ/ᠮᠦ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠬᠤᠮᠠ ᠶᠢᠨ ᠲᠠᠯᠠᠪᠠᠢ ᠨᠢᠭᠡᠴᠢ ᠶᠢᠨ ᠤᠨᠠᠯᠲᠠ ᠶᠢᠨ ᠨᠢᠭᠡᠳᠦᠭᠡᠷ ᠲᠤ ᠣᠷᠣᠪᠠ᠃ ᠬᠤᠶᠠᠷ ᠲᠤ ᠲᠣᠭᠲᠠᠴᠠ ᠶᠢ ᠲᠡᠭᠦᠯᠳᠡᠷᠵᠢᠭᠦᠯᠦᠨ ᠲᠧᠭᠨᠢᠭ ᠮᠡᠷᠭᠡᠵᠢᠯ ᠢ ᠳᠡᠯᠭᠡᠷᠡᠭᠦᠯᠬᠦ ᠠᠵᠢᠯ ᠢ ᠶᠡᠭᠡ ᠪᠠᠷ ᠥᠷᠨᠢᠭᠦᠯᠵᠡᠢ᠃ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠵᠢᠭᠠᠨ ᠵᠢᠯᠤᠭᠤᠳᠬᠤ ᠳᠤᠭᠤᠶᠢᠯᠠᠩ ᠢ ᠢᠳᠡᠪᠬᠢᠲᠡᠢ ᠲᠡᠮᠡᠴᠡᠨ ᠣᠯᠣᠭᠰᠠᠨ ᠰᠠᠭᠤᠷᠢᠨ ᠳᠡᠭᠡᠷ᠎ᠡ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠰᠢᠰᠲ᠋ᠧᠮᠵᠢ᠂ ᠰᠢᠨᠵᠢᠯᠡᠬᠦ ᠤᠬᠠᠭᠠᠨ ᠮᠡᠷᠭᠡᠵᠢᠯ ᠤᠨ ︽ᠭᠤᠷᠪᠠᠨ ᠣᠷᠣᠨ ᠤ ᠴᠢᠳᠠᠪᠤᠷᠢᠲᠠᠨ︾ ᠤ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠰᠬᠠᠢ ᠮᠡᠷᠭᠡᠵᠢᠯᠲᠡᠨ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠠᠵᠢᠯᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠭᠠᠨ ᠵᠢᠯᠣᠭᠤᠳᠤᠭᠴᠢ ᠵᠡᠷᠭᠡ ᠮᠡᠷᠭᠡᠵᠢᠯ ᠤᠨ ᠬᠦᠴᠦᠨ ᠢ ᠲᠠᠲᠠᠵᠤ᠂ ︽ᠲᠠᠷᠢᠶᠠᠨ ᠭᠠᠵᠠᠷ ᠢ ᠬᠠᠮᠢᠶᠠᠷᠬᠤ ᠬᠥᠮᠥᠨ ᠲᠠᠢ᠂ ᠲᠣᠰᠬᠤᠨ ᠳᠤ ᠳᠠᠭᠠᠭᠠᠴᠢᠯᠠᠭᠤᠯᠬᠤ ᠬᠥᠮᠥᠨ ᠲᠠᠢ᠂ ᠰᠢᠶᠠᠩ ᠪᠠᠯᠭᠠᠰᠤ ᠳᠤ ᠬᠠᠷᠢᠯᠴᠠᠬᠤ ᠬᠥᠮᠥᠨ ᠲᠠᠢ︾ ᠭᠤᠷᠪᠠᠨ ᠱᠠᠲᠤᠨ ᠤ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠴᠡᠭ ᠲᠤ ᠰᠠᠭᠤᠵᠤ ᠬᠡᠰᠡᠭ ᠢ ᠳᠠᠭᠠᠭᠠᠴᠢᠯᠠᠭᠤᠯᠤᠨ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡᠨ ᠢ ᠥᠷᠨᠢᠭᠦᠯᠵᠡᠢ᠃ 2024 ᠣᠨ ᠤ ᠪᠦᠬᠦ ᠵᠢᠯ ᠳᠤ 15 ᠤᠳᠠᠭ᠎ᠠ ᠶᠢᠨ ᠪᠣᠯᠪᠠᠰᠤᠷᠠᠯ ᠦᠵᠡᠭᠦᠯᠭᠡ ᠶᠢᠨ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠪᠣᠯᠪᠠᠰᠤᠷᠠᠯ ᠦᠵᠡᠭᠦᠯᠭᠡ ᠶᠢᠨ ᠬᠥᠮᠥᠨ ᠤ ᠲᠤᠭ᠎ᠠ 1300 ᠭᠠᠷᠤᠢ ᠪᠣᠯᠪᠠ᠃      ᠰᠠᠶᠢᠨ ᠳᠦᠷᠢᠮ ᠢ ᠪᠠᠶᠢᠭᠤᠯᠵᠤ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠲᠣᠭᠲᠠᠴᠠ ᠶᠢᠨ ᠲᠤᠯᠭᠠᠭᠤᠷᠢᠯᠠᠯ ᠢ ᠪᠠᠲᠤᠳᠬᠠᠵᠠᠢ᠃ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠪᠠᠲᠤᠯᠠᠭ᠎ᠠ ᠶᠢ ᠴᠢᠩᠭᠠᠳᠬᠠᠵᠤ᠂ ᠴᠠᠭ ᠠᠭᠤᠷ᠂ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠡᠷᠲᠡᠬᠡᠨ ᠨᠡᠶᠢᠲᠡᠯᠡᠵᠦ᠂ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠬᠠᠨᠳᠤᠯᠭᠠᠲᠤ ᠴᠢᠨᠠᠷᠲᠠᠢ ᠵᠢᠯᠣᠭᠤᠳᠤᠯᠭ᠎ᠠ ᠶᠢ ᠥᠷᠨᠢᠭᠦᠯᠵᠡᠢ᠃ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠬᠡᠪᠡᠷ ᠲᠦᠯᠬᠢᠨ ᠠᠬᠢᠭᠤᠯᠵᠠᠢ᠃ ᠦᠢᠯᠡᠴᠢᠯᠡᠭᠡᠨ ᠢᠶᠠᠷ ᠳᠠᠶᠢᠴᠢᠯᠠᠬᠤ ᠬᠡᠯᠪᠡᠷᠢ ᠶᠢᠨ ᠬᠡᠪᠴᠢᠶᠡᠲᠦ ᠡᠵᠡᠩᠨᠡᠯᠲᠡ ᠶᠢ ᠬᠥᠭᠵᠢᠭᠦᠯᠵᠦ᠂ ᠪᠥᠬᠦ ᠵᠢᠯ ᠳᠤ ︽ᠨᠢᠭᠡᠳᠦᠯᠲᠡᠢ ᠳᠠᠷᠢᠵᠤ ︵ᠲᠡᠵᠢᠭᠡᠬᠦ︶ ᠬᠠᠮᠲᠤ ᠪᠠᠷ ᠪᠠᠶᠠᠵᠢᠬᠤ︾ ᠵᠠᠭᠪᠤᠷ ᠪᠦᠬᠦᠢ 5 ᠭᠠᠴᠠᠭ᠎ᠠ ᠲᠣᠰᠬᠤᠨ ᠢ ᠬᠡᠷᠡᠭᠵᠢᠭᠦᠯᠵᠦ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠶᠢ 70 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ 5099 ᠦᠢᠯᠡᠴᠢᠯᠡᠭᠡᠨ ᠤ ᠵᠢᠵᠢᠭ ᠲᠠᠷᠢᠶᠠᠴᠢᠨ ᠡᠷᠦᠬᠡ ᠶᠢ ᠰᠢᠨ᠎ᠡ ᠪᠠᠷ ᠨᠡᠮᠡᠭᠳᠡᠭᠦᠯᠵᠡᠢ᠃      ᠳᠠᠷᠠᠭᠠᠴᠢ ᠶᠢᠨ ᠠᠯᠬᠤᠮ ᠳᠤ ᠰᠢᠯᠢ ᠶᠢᠨ ᠭᠤᠣᠯ ᠠᠶᠢᠮᠠᠭ ᠠᠮᠤ ᠪᠤᠳᠠᠭ᠎ᠠ ᠪᠣᠯᠣᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠬᠠᠩᠭᠠᠯᠭ᠎ᠠ ᠶᠢ ᠪᠠᠲᠤᠯᠠᠬᠤ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠰᠠᠭᠤᠷᠢ ᠪᠦᠲᠦᠭᠡᠨ ᠪᠠᠶᠢᠭᠤᠯᠤᠯᠲᠠ᠂ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ᠂ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ᠂ ᠠᠵᠤ ᠦᠢᠯᠡᠰ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠰᠢᠨ᠎ᠡ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠵᠦ᠂ ᠠᠮᠤ ᠪᠤᠳᠠᠭ᠎ᠠ ᠶᠢ ᠬᠡᠵᠢᠶ᠎ᠡ ᠴᠦ ᠦᠢᠯᠡᠳᠪᠦᠷᠢᠯᠡᠵᠦ ᠳᠡᠶᠢᠯᠬᠦ᠂ ᠬᠠᠩᠭᠠᠵᠤ ᠳᠡᠶᠢᠯᠬᠦ᠂ ᠬᠠᠩᠭᠠᠵᠤ ᠳᠡᠶᠢᠯᠬᠦ ᠶᠢ ᠪᠠᠲᠤᠯᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号