ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠪᠦᠭᠦ ᠤᠯᠤᠰ ᠤᠨ ᠲᠠᠷᠢᠶᠠᠯᠠᠩ ᠤᠨ ᠮᠡᠷᠭᠡᠵᠢᠯ ᠢ | ᠳᠡᠯᠭᠡᠷᠡᠭᠦᠯᠬᠦ ᠦᠢᠯᠡᠴᠢᠯᠡᠭᠡᠨ ᠤ ᠲᠥᠪ ᠣᠶᠢᠷ᠎ᠠ ᠳᠤ 2024 ᠣᠨ ᠤ ᠰᠢᠷ᠎ᠠ ᠪᠤᠷᠴᠠᠭ ᠪᠠ ᠰᠢᠯᠢᠮᠳᠡᠭ ᠤᠨ ᠶᠡᠭᠡ | ᠬᠡᠪᠴᠢᠶᠡᠨ ᠤ ᠥᠨᠳᠥᠷ ᠤᠨᠠᠯᠲᠠ ᠶᠢᠨ ᠨᠡᠶᠢᠲᠡᠯᠢᠭ ᠵᠢᠱᠢᠶ᠎ᠡ ᠶᠢ ᠨᠡᠶᠢᠲᠡᠯᠡᠵᠦ᠂ ᠮᠠᠨ ᠤ ᠣᠷᠣᠨ ᠤ 5 ᠵᠢᠱᠢᠶ᠎ᠡ ᠰᠢᠷ᠎ᠠ | ᠪᠤᠷᠴᠠᠭ ᠳᠠᠷᠢᠬᠤ ᠬᠠᠪᠤᠷ ᠤᠨ ᠲᠠᠷᠢᠶᠠᠯᠠᠭ᠎ᠠ ᠶᠢᠨ ᠵᠠᠭᠪᠤᠷ ᠤᠨ ᠥᠨᠳᠥᠷ ᠤᠨᠠᠯᠲᠠ ᠶᠢᠨ ᠨᠡᠶᠢᠲᠡᠯᠢᠭ ᠵᠢᠱᠢᠶ᠎ᠡ ᠳᠤ | ᠰᠣᠩᠭᠤᠭᠳᠠᠪᠠ᠃ ᠡᠭᠦᠨ ᠳᠤ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠢᠨᠳᠡᠷ ᠪᠠᠯᠭᠠᠰᠤ ᠶᠢᠨ ᠳ᠋ᠦᠩ ᠹᠠᠩ | ᠬᠤᠩ ᠲᠣᠰᠬᠤᠨ ᠤ ᠰᠢᠷ᠎ᠠ ᠪᠤᠷᠴᠠᠭ ᠤᠨ ᠥᠨᠳᠥᠷ ᠤᠨᠠᠯᠲᠠ ᠶᠢᠨ ᠨᠡᠶᠢᠲᠡᠯᠢᠭ ᠵᠢᠱᠢᠶ᠎ᠡ ᠨᠢ 321.7 ᠺᠢᠯᠣᠭ᠍ᠷᠠᠮ | ᠤᠨ ᠮᠦ ᠨᠢᠭᠡᠴᠢ ᠶᠢᠨ ᠤᠨᠠᠯᠲᠠ ᠪᠠᠷ ᠲᠣᠰ ᠳᠤᠭᠤᠶᠢᠯᠠᠩ ᠳᠠᠭᠠᠨ ᠳᠥᠷᠪᠡᠳᠦᠭᠡᠷ ᠲᠤ ᠣᠷᠣᠵᠠᠢ᠃ | 2024 ᠣᠨ ᠳᠤ ᠪᠦᠭᠦ ᠣᠷᠣᠨ ᠳᠤ ᠰᠢᠷ᠎ᠠ ᠪᠤᠷᠴᠠᠭ ᠤᠨ ᠥᠨᠳᠥᠷ ᠤᠨᠠᠯᠲᠠ ᠶᠢᠨ ᠨᠡᠶᠢᠲᠡᠯᠢᠭ ᠵᠢᠱᠢᠶ᠎ᠡ | ᠲᠠᠰᠤᠷᠠᠯᠲᠠ ᠦᠭᠡᠢ ᠢᠯᠡᠷᠡᠵᠦ ᠪᠠᠶᠠᠷᠯᠠᠭᠤᠰᠢᠲᠠᠢ ᠦᠷ᠎ᠡ ᠪᠦᠲᠦᠭᠡᠯ ᠣᠯᠪᠠ᠃ ᠡᠭᠦᠨ ᠳᠤ ᠬᠢᠩᠭᠠᠨ ᠠᠶᠢᠮᠠᠭ ᠤᠨ | ᠵᠠᠯᠠᠶᠢᠳ ᠬᠤᠰᠢᠭᠤᠨ ᠤ ᠢᠨᠳᠡᠷ ᠪᠠᠯᠭᠠᠰᠤ ᠶᠢᠨ ᠳ᠋ᠦᠩ ᠹᠠᠩ ᠬᠤᠩ ᠲᠣᠰᠬᠤᠨ ᠤ ᠵᠠᠭᠤᠨ ᠮᠦ ᠰᠢᠷ᠎ᠠ ᠪᠤᠷᠴᠠᠭ ᠤᠨ | ᠵᠢᠱᠢᠶ᠎ᠡ ᠦᠵᠡᠭᠦᠯᠭᠦ ᠲᠠᠷᠢᠶᠠᠨ ᠭᠠᠵᠠᠷ ᠲᠤ ᠥᠨᠳᠥᠷ ᠳᠠᠯᠠᠩ ᠭᠠᠷᠭᠠᠨ ᠨᠢᠭᠲᠠ ᠳᠠᠷᠢᠵᠤ ᠭᠦᠶᠦᠬᠡᠨ ᠪᠤᠯᠠᠵᠤ | ᠳᠤᠰᠤᠯᠭᠠᠨ ᠤᠰᠤᠯᠠᠬᠤ ᠮᠡᠷᠭᠡᠵᠢᠯ ᠪᠠ ᠰᠢᠷ᠎ᠠ ᠪᠤᠷᠴᠠᠭ ᠤᠨ ᠴᠢᠨᠠᠷ ᠢ ᠳᠡᠭᠡᠭᠰᠢᠯᠡᠭᠦᠯᠦᠨ ᠠᠽᠣᠲ ᠢ | ᠲᠣᠭᠲᠠᠪᠤᠷᠢᠵᠢᠭᠤᠯᠵᠤ ᠪᠣᠬᠢᠷᠳᠤᠯ ᠦᠭᠡᠢ ᠤᠨᠠᠯᠲᠠ ᠶᠢ ᠨᠡᠮᠡᠭᠳᠡᠭᠦᠯᠬᠦ ARC ᠡᠪᠴᠡᠯᠳᠦᠯ ᠤᠨ ᠵᠠᠩᠭᠢᠯᠠᠭ᠎ᠠ ᠶᠢᠨ | ᠮᠡᠷᠭᠡᠵᠢᠯ ᠢ ᠬᠡᠷᠡᠭᠯᠡᠵᠦ᠂ ᠮᠦ ᠨᠢᠭᠡᠴᠢ ᠶᠢᠨ ᠤᠨᠠᠯᠲᠠ ᠨᠢ 321.7 ᠺᠢᠯᠣᠭ᠍ᠷᠠᠮ ᠳᠤ ᠬᠦᠷᠴᠦ᠂ ᠮᠠᠨ ᠤ ᠣᠷᠣᠨ ᠤ | ᠰᠢᠷ᠎ᠠ ᠪᠤᠷᠴᠠᠭ ᠤᠨ ᠥᠨᠳᠥᠷ ᠤᠨᠠᠯᠲᠠ ᠶᠢᠨ ᠲᠡᠮᠳᠡᠭᠯᠡᠯ ᠢ ᠰᠢᠨᠡᠳᠭᠡᠪᠡ︔ ᠥᠪᠦᠷ ᠮᠣᠩᠭᠤᠯ ᠤᠨ ᠶᠡᠭᠡ ᠬᠢᠩᠭᠠᠨ | ᠳᠠᠪᠠᠭ᠎ᠠ ᠶᠢᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ︵ᠪᠦᠯᠦᠭᠯᠡᠯ︶ ᠶᠢᠨ ᠬᠢᠵᠠᠭᠠᠷᠲᠤ ᠺᠤᠮᠫᠠᠨᠢ ᠶᠢᠨ ᠭᠠᠨ ᠾᠧ | ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠤᠪᠢᠶᠠᠷᠢ ᠺᠤᠮᠫᠠᠨᠢ ᠶᠢᠨ 6 ᠳ᠋ᠤᠭᠠᠷ ᠠᠩᠭᠢ ᠶᠢᠨ 9 ᠳ᠋ᠦ᠋ᠭᠡᠷ ᠨᠣᠮᠧᠷᠲᠤ | ᠭᠠᠵᠠᠷ ᠤᠨ ᠵᠠᠭᠤᠨ ᠮᠦ ᠶᠢᠨ ᠰᠢᠷ᠎ᠠ ᠪᠤᠷᠴᠠᠭ ᠤᠨ ᠵᠢᠱᠢᠶ᠎ᠡ ᠦᠵᠡᠭᠦᠯᠭᠦ ᠲᠠᠷᠢᠶᠠᠨ ᠭᠠᠵᠠᠷ ᠲᠤ ᠥᠨᠳᠥᠷ ᠳᠠᠯᠠᠩ | ᠭᠠᠷᠭᠠᠨ ᠳᠠᠷᠢᠬᠤ ᠮᠡᠷᠭᠡᠵᠢᠯ ᠢ ᠬᠡᠷᠡᠭᠯᠡᠵᠦ᠂ ᠮᠦ ᠨᠢᠭᠡᠴᠢ ᠶᠢᠨ ᠤᠨᠠᠯᠲᠠ ᠨᠢ 314.7 ᠺᠢᠯᠣᠭ᠍ᠷᠠᠮ ᠳᠤ ᠬᠦᠷᠴᠦ᠂ | ᠬᠥᠯᠥᠨ ᠪᠤᠶᠢᠷ ᠬᠤᠲᠠ ᠶᠢᠨ ᠰᠢᠷ᠎ᠠ ᠪᠤᠷᠴᠠᠭ ᠤᠨ ᠥᠨᠳᠥᠷ ᠤᠨᠠᠯᠲᠠ ᠶᠢᠨ ᠲᠡᠮᠳᠡᠭᠯᠡᠯ ᠢ ᠰᠢᠨᠡᠳᠬᠡᠪᠡ᠃ | ᠡᠨᠡ ᠵᠢᠯ ᠪᠦᠭᠦ ᠣᠷᠣᠨ ᠳᠤ ᠰᠢᠷ᠎ᠠ ᠪᠤᠷᠴᠠᠭ ᠢ ᠥᠨᠳᠥᠷ ᠳᠠᠯᠠᠩ ᠭᠠᠷᠭᠠᠨ ᠲᠠᠷᠢᠬᠤ᠂ ᠥᠨᠳᠥᠷ ᠳᠠᠯᠠᠩ | ᠭᠠᠷᠭᠠᠨ ᠨᠢᠭᠲᠠ ᠳᠠᠷᠢᠵᠤ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠵᠡᠷᠭᠡ ᠥᠨᠳᠥᠷ ᠤᠨᠠᠯᠲᠠ ᠲᠠᠢ ᠥᠨᠳᠥᠷ | ᠪᠦᠲᠦᠮᠵᠢᠲᠡᠶ ᠲᠠᠷᠢᠬᠤ ᠮᠡᠷᠭᠡᠵᠢᠯ ᠢ 440 ᠲᠦᠮᠡ ᠭᠠᠷᠤᠢ ᠮᠦ ᠲᠥᠪᠯᠡᠷᠡᠭᠦᠯᠦᠨ ᠳᠡᠯᠭᠡᠷᠡᠭᠦᠯᠵᠦ᠂ ᠮᠡᠷᠭᠡᠵᠢᠯ ᠤᠨ | ᠬᠠᠮᠤᠷᠬᠤ ᠬᠡᠪᠴᠢᠶ᠎ᠡ ᠶᠢ ᠥᠷᠭᠡᠳᠬᠡᠬᠦ ᠪᠠᠷ ᠳᠠᠮᠵᠢᠨ ᠮᠡᠷᠭᠡᠵᠢᠯ ᠤᠨ ᠪᠣᠳᠠᠲᠠᠶᠢᠵᠢᠬᠤ ᠨᠣᠷᠮ᠎ᠠ ᠶᠢ ᠳᠡᠭᠡᠭᠰᠢᠯᠡᠭᠦᠯᠦᠨ᠂ | ᠶᠡᠭᠡ ᠲᠠᠯᠠᠪᠠᠶ ᠪᠠᠷ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠶᠢ ᠠᠬᠢᠭᠤᠯᠵᠠᠢ᠃ ᠪᠦᠭᠦ ᠣᠷᠣᠨ ᠳᠤ ᠰᠢᠷ᠎ᠠ | ᠪᠤᠷᠴᠠᠭ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠵᠢᠱᠢᠶ᠎ᠡ ᠦᠵᠡᠭᠦᠯᠭᠦ ᠣᠷᠣᠨ ᠢ 174.3 ᠲᠦᠮᠡᠨ | ᠮᠦ ᠪᠠᠶᠢᠭᠤᠯᠵᠤ᠂ ᠵᠠᠭᠤᠨ ᠮᠦ ᠶᠢᠨ 558 ᠬᠡᠰᠡᠭ ᠲᠠᠷᠢᠶ᠎ᠠ᠂ ᠮᠢᠩᠭᠠᠨ ᠮᠦ ᠶᠢᠨ 237 ᠬᠡᠰᠡᠭ ᠲᠠᠷᠢᠶ᠎ᠠ ᠪᠣᠯᠣᠨ | ᠲᠦᠮᠡᠨ ᠮᠦ ᠶᠢᠨ 7 ᠬᠡᠰᠡᠭ ᠲᠠᠷᠢᠶ᠎ᠠ ᠶᠢ ᠪᠠᠭᠲᠠᠭᠠᠵᠤ᠂ ᠨᠡᠶᠢᠲᠡᠯᠢᠭ ᠵᠢᠱᠢᠶ᠎ᠡ ᠶᠢᠨ ᠬᠥᠲᠥᠯᠥᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠤᠨ᠂ ᠡᠷᠭᠢᠨ ᠲᠣᠭᠤᠷᠢᠨ ᠤ ᠰᠢᠷ᠎ᠠ ᠪᠤᠷᠴᠠᠭ ᠤᠨ ᠤᠨᠠᠯᠲᠠ ᠶᠢ ᠨᠡᠮᠡᠭᠳᠡᠭᠦᠯᠬᠦ ᠶᠢ | ᠨᠥᠯᠥᠭᠡᠯᠡᠨ ᠳᠠᠶᠢᠴᠢᠯᠠᠪᠠ᠃ ᠡᠭᠦᠨ ᠤ ᠬᠠᠮᠲᠤ ᠮᠡᠷᠭᠡᠵᠢᠯ ᠤᠨ ᠵᠢᠯᠣᠭᠤᠳᠤᠯᠭ᠎ᠠ ᠪᠠ ᠤᠬᠠᠭᠤᠯᠭ᠎ᠠ ᠪᠣᠯᠪᠠᠰᠤᠷᠠᠯ ᠢ | ᠴᠢᠩᠭᠠᠳᠬᠠᠨ ᠠᠯᠪᠠᠨ ᠰᠦᠯᠵᠢᠶ᠎ᠡ᠂ ᠵᠢᠷᠭᠢᠶ᠎ᠡ ᠶᠢᠨ ᠣᠯᠠᠨ ᠨᠡᠶᠢᠲᠡ ᠶᠢᠨ ᠲᠠᠪᠴᠠᠩ ᠵᠡᠷᠭᠡ ᠪᠠᠷ ᠲᠠᠷᠢᠬᠤ᠂ ᠬᠠᠮᠢᠶᠠᠷᠬᠤ | ᠮᠡᠷᠭᠡᠵᠢᠯ ᠢ ᠨᠡᠶᠢᠲᠡᠯᠡᠵᠦ᠂ ᠲᠠᠷᠢᠮᠠᠯ ᠤᠨ ᠡᠷᠦᠭᠡ ᠳᠤ ᠪᠦᠭᠦ ᠲᠠᠯ᠎ᠠ ᠪᠠᠷ ᠮᠡᠷᠭᠡᠵᠢᠯ ᠤᠨ ᠵᠢᠯᠣᠭᠤᠳᠤᠯᠭ᠎ᠠ ᠬᠠᠩᠭᠠᠭᠰᠠᠨ | ᠪᠠᠶᠢᠨ᠎ᠠ᠃ |