︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠵᠡᠷᠭᠡ | ᠬᠤᠯᠪᠣᠭᠳᠠᠯ ᠪᠦᠬᠦᠢ ᠲᠣᠭᠲᠠᠭᠠᠯ ᠪᠠ ︽ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ | ᠰᠢᠯᠭᠠᠯᠲᠠ ᠶᠢᠨ ᠵᠥᠪᠯᠡᠯ︾ ︵ᠲᠠᠷᠢᠶᠠᠯᠠᠩ ᠡᠮᠴᠢ ᠰᠢᠯᠭᠠᠯᠲᠠ ᠠᠯᠪᠠᠨ ᠵᠠᠷ ᠤᠨ 35 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2025 ᠣᠨ ᠤ ᠪᠥᠬᠦ ᠤᠯᠤᠰ ᠤᠨ ᠠᠵᠢᠯ ᠡᠷᠭᠢᠯᠡᠬᠦ ᠮᠠᠯ ᠤᠨ | ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠵᠤ ᠪᠠᠶᠢᠨ᠎ᠠ᠃ | ᠨᠢᠭᠡ᠂ ᠰᠢᠯᠭᠠᠯᠲᠠ ᠶᠢᠨ ᠲᠥᠷᠥᠯ ᠵᠦᠢᠯ | ᠮᠠᠯ ᠡᠮᠨᠡᠯᠭᠡ ᠶᠢᠨ ᠶᠡᠷᠦᠩᠬᠡᠢ ᠰᠠᠯᠠᠭᠠᠨ ᠤ ᠲᠥᠷᠥᠯ᠂ ᠤᠰᠤᠨ ᠤ ᠠᠮᠢᠲᠠᠨ ᠤ ᠲᠥᠷᠥᠯ᠃ | ᠬᠤᠶᠠᠷ᠂ ᠨᠡᠷ᠎ᠡ ᠮᠡᠳᠡᠭᠦᠯᠬᠦ ᠨᠥᠬᠦᠴᠡᠯ | ︵ᠨᠢᠭᠡ︶ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠠᠴᠠ ᠳᠡᠭᠡᠭᠰᠢ ᠰᠤᠷᠤᠯᠭ᠎ᠠ ᠶᠢᠨ | ᠨᠠᠮᠲᠠᠷ ᠲᠠᠢ ᠬᠥᠮᠥᠰ ᠪᠤᠶᠤ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ | ᠰᠣᠷᠣᠭᠴᠢ᠂ ᠲᠤᠰᠬᠠᠢ ᠮᠡᠷᠭᠡᠵᠢᠯ ᠨᠢ ᠮᠠᠯ ᠡᠮᠨᠡᠯᠭᠡ ᠶᠢᠨ ᠶᠡᠷᠦᠩᠬᠡᠢ ᠰᠠᠯᠠᠭ᠎ᠠ ᠶᠢᠨ ᠲᠥᠷᠥᠯ ᠤᠨ ᠨᠡᠷ᠎ᠡ ᠮᠡᠳᠡᠭᠦᠯᠬᠦ | ᠲᠤᠰᠬᠠᠢ ᠮᠡᠷᠭᠡᠵᠢᠯ ᠤᠨ ᠭᠠᠷᠴᠠᠭᠯᠠᠯ ︵ᠳᠠᠭᠠᠯᠳᠤᠭᠤᠯᠤᠯ 1︶ ᠲᠤ ᠨᠡᠶᠢᠴᠡᠪᠡᠯ᠂ ᠮᠠᠯ ᠡᠮᠨᠡᠯᠭᠡ ᠶᠢᠨ ᠶᠡᠷᠦᠩᠬᠡᠢ | ᠰᠠᠯᠠᠭ᠎ᠠ ᠶᠢᠨ ᠲᠥᠷᠥᠯ ᠤᠨ ᠰᠢᠯᠭᠠᠯᠲᠠ ᠳᠤ ᠨᠡᠷ᠎ᠡ ᠮᠡᠳᠡᠭᠦᠯᠦᠨ ᠣᠷᠣᠯᠴᠠᠵᠤ ᠪᠣᠯᠣᠨ᠎ᠠ᠃ | ︵ᠬᠤᠶᠠᠷ︶ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠠᠴᠠ ᠳᠡᠭᠡᠭᠰᠢ ᠰᠤᠷᠤᠯᠭ᠎ᠠ ᠶᠢᠨ | ᠨᠠᠮᠲᠠᠷ ᠲᠠᠢ ᠬᠥᠮᠥᠰ ᠪᠤᠶᠤ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ | ᠰᠣᠷᠣᠭᠴᠢ᠂ ᠲᠤᠰᠬᠠᠢ ᠮᠡᠷᠭᠡᠵᠢᠯ ᠨᠢ ᠤᠰᠤᠨ ᠤ ᠠᠮᠢᠲᠠᠨ ᠤ ᠲᠥᠷᠥᠯ ᠤᠨ ᠨᠡᠷ᠎ᠡ ᠮᠡᠳᠡᠭᠦᠯᠬᠦ ᠲᠤᠰᠬᠠᠢ ᠮᠡᠷᠭᠡᠵᠢᠯ ᠤᠨ | ᠭᠠᠷᠴᠠᠭᠯᠠᠯ ︵ᠳᠠᠭᠠᠯᠳᠤᠭᠤᠯᠤᠯ 2︶ ᠲᠤ ᠨᠡᠶᠢᠴᠡᠪᠡᠯ᠂ ᠤᠰᠤᠨ ᠤ ᠠᠮᠢᠲᠠᠨ ᠤ ᠲᠥᠷᠥᠯ ᠤᠨ ᠰᠢᠯᠭᠠᠯᠲᠠ ᠳᠤ ᠨᠡᠷ᠎ᠡ | ᠮᠡᠳᠡᠭᠦᠯᠦᠨᠣᠷᠣᠯᠴᠠᠵᠤ ᠪᠣᠯᠣᠨ᠎ᠠ᠃ | ︵ᠭᠤᠷᠪᠠ︶ 2009 ᠣᠨ ᠤ 1 ᠰᠠᠷ᠎ᠠ ᠶᠢᠨ 1 ᠤ ᠡᠳᠦᠷ ᠠᠴᠠ ᠡᠮᠦᠨ᠎ᠡ ᠮᠠᠯ ᠤᠨ ᠡᠮᠴᠢ ᠠᠴᠠ ᠳᠡᠭᠡᠭᠰᠢᠬᠢ | ᠲᠤᠰᠬᠠᠢ ᠮᠡᠷᠭᠡᠵᠢᠯ ᠤᠨ ᠴᠣᠯᠠ ᠲᠠᠢ ᠬᠥᠮᠥᠰ ᠮᠠᠯ ᠡᠮᠨᠡᠯᠭᠡ ᠶᠢᠨ ᠶᠡᠷᠦᠩᠬᠡᠢ ᠰᠠᠯᠠᠭ᠎ᠠ ᠶᠢᠨ ᠲᠦᠷᠦᠯ ᠤᠨ | ᠰᠢᠯᠭᠠᠯᠲᠠ ᠳᠤ ᠨᠡᠷ᠎ᠡ ᠮᠡᠳᠡᠭᠦᠯᠦᠨ ᠣᠷᠣᠯᠴᠠᠵᠤ ᠪᠣᠯᠣᠨ᠎ᠠ᠃ | ︵ᠳᠥᠷᠪᠡ︶ ᠬᠠᠤᠯᠢ ᠶᠣᠰᠣᠭᠠᠷ ᠳᠠᠩᠰᠠᠯᠠᠭᠤᠯᠤᠭᠰᠠᠨ ᠪᠤᠶᠤ ᠲᠡᠮᠳᠡᠭᠯᠡᠭᠰᠡᠨ ᠴᠠᠭ ᠨᠢ 2015 ᠣᠨ ᠠᠴᠠ | ᠡᠮᠦᠨ᠎ᠡ ︵2015 ᠣᠨ ᠪᠠᠭᠲᠠᠨ᠎ᠠ︶ ᠮᠥᠷᠲᠡᠭᠡᠨ ᠠᠮᠢᠲᠠᠨ ᠢ ᠣᠨᠣᠰᠢᠯᠠᠨ ᠡᠮᠨᠡᠬᠦ ᠠᠵᠢᠯᠯᠠᠭ᠎ᠠ ᠶᠢ ᠠᠷᠪᠠᠨ ᠵᠢᠯ ᠠᠴᠠ | ᠳᠡᠭᠡᠭᠰᠢ ᠬᠢᠭᠰᠡᠨ ᠬᠥᠳᠡᠭᠡ ᠲᠣᠰᠬᠤᠨ ᠤ ᠮᠠᠯ ᠤᠨ ᠡᠮᠴᠢ ᠨᠢ ᠮᠠᠯ ᠡᠮᠨᠡᠯᠭᠡ ᠶᠢᠨ ᠶᠡᠷᠦᠩᠬᠡᠢ ᠰᠠᠯᠠᠭ᠎ᠠ ᠶᠢᠨ ᠲᠥᠷᠥᠯ | ᠪᠤᠶᠤ ᠤᠰᠤᠨ ᠤ ᠠᠮᠢᠲᠠᠨ ᠤ ᠲᠥᠷᠥᠯ ᠤᠨ ᠰᠢᠯᠭᠠᠯᠲᠠ ᠳᠤ ᠨᠡᠷ᠎ᠡ ᠮᠡᠳᠡᠭᠦᠯᠦᠨ ᠣᠷᠣᠯᠴᠠᠵᠤ ᠪᠣᠯᠣᠨ᠎ᠠ᠃ | ᠭᠤᠷᠪᠠ᠂ ᠰᠢᠯᠭᠠᠯᠲᠠ ᠳᠤ ᠨᠡᠷ᠎ᠡ ᠮᠡᠳᠡᠭᠦᠯᠬᠦ ᠠᠷᠭ᠎ᠠ ᠬᠡᠯᠪᠡᠷᠢ ᠪᠣᠯᠣᠨ ᠴᠠᠭ ᠬᠤᠭᠤᠴᠠᠭ᠎ᠠ | ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢ ᠰᠠᠭᠤᠷᠢ ᠮᠡᠳᠡᠯᠭᠡ᠂ | ᠤᠷᠢᠳᠴᠢᠯᠠᠨ ᠰᠡᠷᠭᠡᠶᠢᠯᠡᠬᠦ᠂ ᠡᠮᠴᠢᠯᠡᠭᠡ ᠪᠠ ᠶᠡᠷᠦᠩᠬᠡᠶᠢᠯᠡᠨ ᠬᠡᠷᠡᠭᠯᠡᠬᠦ ᠵᠡᠷᠭᠡ 4 ᠲᠥᠷᠥᠯ ᠤᠨ ᠬᠢᠴᠢᠶᠡᠯ ᠲᠥᠷᠥᠯ ᠳᠤ | ᠬᠤᠪᠢᠶᠠᠵᠤ᠂ ᠰᠢᠯᠭᠠᠯᠲᠠ ᠳᠤ ᠨᠡᠷ᠎ᠡ ᠮᠡᠳᠡᠭᠦᠯᠬᠦ ᠬᠥᠮᠥᠰ ᠪᠦᠬᠦᠨ ᠢᠶᠠᠷ ᠢᠶᠠᠨ 4 ᠲᠥᠷᠥᠯ ᠤᠨ ᠬᠢᠴᠢᠶᠡᠯ ᠲᠥᠷᠥᠯ ᠳᠤ | ᠨᠡᠷ᠎ᠡ ᠮᠡᠳᠡᠭᠦᠯᠵᠦ ᠰᠢᠯᠭᠠᠭᠤᠯᠵᠤ ᠪᠣᠯᠣᠨ᠎ᠠ᠂ ᠪᠠᠰᠠ ᠨᠡᠷ᠎ᠡ ᠮᠡᠳᠡᠭᠦᠯᠵᠦ ᠰᠢᠯᠭᠠᠭᠤᠯᠬᠤ ᠬᠡᠰᠡᠭ ᠬᠢᠴᠢᠶᠡᠯ ᠲᠥᠷᠥᠯ ᠢ | ᠰᠣᠩᠭᠤᠵᠤ ᠪᠣᠯᠣᠨ᠎ᠠ᠃ | ᠨᠡᠷ᠎ᠡ ᠮᠡᠳᠡᠭᠦᠯᠬᠦ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠰᠦᠯᠵᠢᠶᠡᠨ ᠳᠡᠭᠡᠷ᠎ᠡ ᠨᠤᠲᠠᠯᠠᠬᠤ ᠠᠷᠭ᠎ᠠ ᠶᠢ | ᠬᠡᠷᠡᠭᠯᠡᠨ᠎ᠡ᠃ ᠰᠢᠯᠭᠠᠯᠲᠠ ᠳᠤ ᠨᠡᠷ᠎ᠡ ᠮᠡᠳᠡᠭᠦᠯᠦᠭᠰᠡᠳ ᠺᠣᠮᠫᠢᠦ᠋ᠲ᠋ᠧᠷ ᠢᠶᠠᠷ ︽ᠳᠤᠮᠳᠠᠳᠤ ᠤᠯᠤᠰ ᠤᠨ ᠮᠠᠯ ᠡᠮᠨᠡᠯᠭᠡ ᠶᠢᠨ | ᠰᠦᠯᠵᠢᠶ᠎ᠡ ︵www.cadc.net.cn︶︱ᠠᠵᠢᠯ ᠡᠷᠭᠢᠯᠡᠬᠦ ᠮᠠᠯ ᠤᠨ ᠡᠮᠴᠢ ᠶᠢᠨ ᠲᠤᠰᠬᠠᠢ ᠪᠤᠯᠤᠩ︱ᠪᠥᠬᠦ | ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ︾ ᠳᠤ ᠣᠷᠣᠵᠤ ᠰᠦᠯᠵᠢᠶᠡᠨ ᠳᠡᠭᠡᠷ᠎ᠡ | ᠨᠡᠷ᠎ᠡ ᠮᠡᠳᠡᠭᠦᠯᠬᠦ᠂ ᠰᠦᠯᠵᠢᠶᠡᠨ ᠳᠡᠭᠡᠷ᠎ᠡ ᠨᠤᠲᠠᠯᠠᠬᠤ᠂ ᠰᠢᠯᠭᠠᠯᠲᠠ ᠳᠤ ᠰᠦᠢᠳᠬᠡᠯ ᠲᠤᠰᠢᠶᠠᠬᠤ᠂ ᠰᠢᠯᠭᠠᠭᠤᠯᠬᠤ | ᠵᠥᠪᠰᠢᠶᠡᠷᠡᠯ ᠤᠨ ᠦᠨᠡᠮᠯᠡᠯ ᠢ ᠳᠠᠷᠤᠮᠠᠯᠯᠠᠬᠤ᠂ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠵᠡᠷᠭᠡ ᠰᠢᠯᠭᠠᠯᠲᠠ ᠶᠢᠨ | ᠬᠠᠮᠢᠶ᠎ᠠ ᠪᠦᠬᠦᠢ ᠠᠵᠢᠯᠯᠠᠭ᠎ᠠ ᠶᠢ ᠶᠠᠪᠤᠭᠳᠠᠭᠤᠯᠤᠨ᠎ᠠ᠃ | ︵ᠨᠢᠭᠡ︶ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ ᠬᠤᠭᠤᠴᠠᠭ᠎ᠠ ᠨᠢ 2025 ᠣᠨ ᠤ 1 ᠰᠠᠷ᠎ᠠ ᠶᠢᠨ | 13︱24 ᠤ ᠡᠳᠦᠷ ᠪᠣᠯᠲᠠᠯ᠎ᠠ᠃ ᠰᠢᠯᠭᠠᠯᠲᠠ ᠳᠤ ᠨᠡᠷ᠎ᠡ ᠮᠡᠳᠡᠭᠦᠯᠦᠭᠰᠡᠳ ︽2025 ᠣᠨ ᠤ ᠪᠥᠬᠦ ᠤᠯᠤᠰ ᠤᠨ | ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠰᠢᠯᠭᠠᠭᠤᠯᠤᠭᠴᠢ ᠶᠢᠨ ᠵᠢᠯᠤᠭᠤᠳᠬᠤ | ᠭᠠᠷᠲᠠᠴᠠ︾ ᠶᠢ ᠨᠠᠷᠢᠨ ᠬᠢᠨᠠᠮᠠᠭᠠᠢ ᠤᠩᠰᠢᠵᠤ᠂ ᠨᠠᠷᠢᠨ ᠨᠢᠮᠪᠠᠢ ᠠᠵᠢᠯᠯᠠᠬᠤ ᠶᠠᠪᠤᠴᠠ ᠶᠢ ᠣᠯᠬᠤ ᠬᠡᠷᠡᠭᠲᠡᠢ᠃ ᠨᠡᠷ᠎ᠡ | ᠮᠡᠳᠡᠭᠦᠯᠦᠭᠰᠡᠳ ᠨᠡᠷ᠎ᠡ ᠮᠡᠳᠡᠭᠦᠯᠬᠦ ᠮᠡᠳᠡᠭᠡ ᠵᠠᠩᠭᠢ ᠪᠠᠨ ᠦᠨᠡᠨ ᠮᠥᠨ ᠢᠶᠠᠷ ᠨᠢ ᠣᠨᠣᠪᠴᠢᠲᠠᠶ ᠲᠠᠭᠯᠠᠨ ᠮᠡᠳᠡᠭᠦᠯᠵᠦ᠂ | ᠰᠣᠷᠣᠭᠰᠠᠨ ᠲᠤᠰᠬᠠᠢ ᠮᠡᠷᠭᠡᠵᠢᠯ ᠤᠨ ᠢᠶᠠᠨ ᠨᠡᠷ᠎ᠡ ᠮᠡᠳᠡᠭᠦᠯᠬᠦ ᠱᠠᠭᠠᠷᠳᠠᠯᠭ᠎ᠠ ᠳᠤ ᠨᠡᠶᠢᠴᠡᠬᠦ ᠶᠢ ᠨᠤᠲᠠᠯᠠᠬᠤ ᠶᠢᠨ ᠬᠠᠮᠲᠤ | ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠲᠤ ᠠᠮᠠᠯᠠᠯᠲᠠ ᠬᠢᠬᠦ ᠬᠡᠷᠡᠭᠲᠡᠢ᠃ ᠬᠤᠭᠤᠴᠠᠭ᠎ᠠ ᠬᠡᠲᠦᠷᠡᠲᠡᠯ᠎ᠡ ᠨᠡᠷ᠎ᠡ | ᠮᠡᠳᠡᠭᠦᠯᠦᠭᠰᠡᠨ ᠦᠭᠡᠢ᠂ ᠨᠤᠲᠠᠯᠠᠭᠰᠠᠨ ᠦᠭᠡᠢ ᠬᠥᠮᠥᠰ ᠢ ᠨᠡᠷ᠎ᠡ ᠮᠡᠳᠡᠭᠦᠯᠬᠦ ᠬᠢᠷᠢ ᠬᠡᠮ ᠢᠶᠠᠨ ᠰᠠᠶᠢᠨ ᠳᠤᠷ᠎ᠠ | ᠠᠴᠠ ᠪᠠᠨ ᠬᠠᠶᠠᠭᠰᠠᠨ ᠢᠶᠠᠷ ᠦᠵᠡᠨ᠎ᠡ᠃ | 1.ᠰᠤᠷᠤᠯᠭ᠎ᠠ ᠶᠢᠨ ᠨᠠᠮᠲᠠᠷ ᠢᠶᠠᠷ ᠢᠶᠠᠨ ᠰᠢᠯᠭᠠᠯᠲᠠ ᠳᠤ ᠨᠡᠷ᠎ᠡ ᠮᠡᠳᠡᠭᠦᠯᠦᠭᠰᠡᠳ | ᠨᠡᠷ᠎ᠡ ᠮᠡᠳᠡᠭᠦᠯᠦᠭᠰᠡᠳ ᠨᠡᠷ᠎ᠡ ᠮᠡᠳᠡᠭᠦᠯᠬᠦ ᠠᠴᠠ ᠪᠠᠨ ᠡᠮᠦᠨ᠎ᠡ ᠳᠤᠮᠳᠠᠳᠤ ᠤᠯᠤᠰ ᠤᠨ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠰᠣᠷᠣᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ ︵ᠳᠣᠷᠣᠭᠰᠢ ︽ᠰᠤᠷᠤᠯᠭ᠎ᠠ ᠶᠢᠨ ᠮᠡᠳᠡᠭᠡ | ᠵᠠᠩᠭᠢ ᠶᠢᠨ ᠰᠦᠯᠵᠢᠶ᠎ᠡ︾ ᠭᠡᠵᠦ ᠲᠣᠪᠴᠢᠯᠠᠨ᠎ᠠ︶ ᠳᠤ ᠥᠪᠡᠰᠦᠪᠡᠨ ᠣᠷᠣᠵᠤ᠂ ᠦᠪᠡᠷ ᠤᠨ ᠰᠤᠷᠤᠯᠭ᠎ᠠ ᠶᠢᠨ | ᠨᠠᠮᠲᠠᠷ ᠤᠨ ᠮᠡᠳᠡᠭᠡ ᠵᠠᠩᠭᠢ ᠪᠠᠨ ᠪᠠᠶᠢᠴᠠᠭᠠᠨ ᠯᠠᠪᠯᠠᠬᠤ ᠬᠡᠷᠡᠭᠲᠡᠢ᠃ | ︵1︶ ᠰᠤᠷᠤᠯᠭ᠎ᠠ ᠶᠢᠨ ᠨᠠᠮᠲᠠᠷ ᠤᠨ ᠮᠡᠳᠡᠭᠡ ᠵᠠᠩᠭᠢ ᠶᠢ ᠰᠤᠷᠤᠯᠭ᠎ᠠ ᠶᠢᠨ ᠮᠡᠳᠡᠭᠡ ᠵᠠᠩᠭᠢ ᠶᠢᠨ | ᠰᠦᠯᠵᠢᠶ᠎ᠡ ᠠᠴᠠ ᠡᠷᠢᠵᠦ ᠣᠯᠣᠭᠰᠠᠨ ᠬᠥᠮᠥᠨ᠂ ᠨᠡᠷ᠎ᠡ ᠮᠡᠳᠡᠭᠦᠯᠬᠦ ᠦᠶ᠎ᠡ ᠳᠤ ᠰᠤᠷᠤᠯᠭ᠎ᠠ ᠶᠢᠨ ᠨᠠᠮᠲᠠᠷ ᠤᠨ ᠮᠡᠳᠡᠭᠡ | ᠵᠠᠩᠭᠢ ᠳᠤ ᠵᠥᠪᠬᠡᠨ ᠰᠤᠷᠤᠯᠭ᠎ᠠ ᠲᠡᠭᠦᠰᠦᠭᠰᠡᠨ ᠦᠨᠡᠮᠯᠡᠯ ︵ᠰᠤᠷᠤᠯᠭ᠎ᠠ ᠲᠡᠭᠦᠰᠦᠭᠰᠡᠨ ᠭᠡᠷᠡᠴᠢ ᠪᠢᠴᠢᠭ︶ ᠤᠨ | ᠳ᠋ᠤᠭᠠᠷ ᠢ ᠲᠠᠭᠯᠠᠪᠠᠯ ᠪᠣᠯᠴᠢᠬᠠᠨ᠎ᠠ᠃ ᠬᠡᠷᠪᠡ ᠰᠤᠷᠤᠯᠭ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ᠮᠡᠳᠡᠭᠡ ᠵᠠᠩᠭᠢ | ᠨᠢ ᠲᠣᠰ ᠬᠥᠮᠥᠨ ᠤ ᠰᠤᠷᠭᠠᠭᠤᠯᠢ ᠲᠡᠭᠦᠰᠦᠭᠰᠡᠨ ᠦᠨᠡᠮᠯᠡᠯ ︵ᠰᠤᠷᠭᠠᠭᠤᠯᠢ ᠲᠡᠭᠦᠰᠦᠭᠰᠡᠨ ᠭᠡᠷᠡᠴᠢ ᠪᠢᠴᠢᠭ︶ ᠲᠠᠢ | ᠨᠡᠶᠢᠴᠡᠬᠦ ᠦᠭᠡᠢ ᠪᠠᠶᠢᠪᠠᠯ᠂ ᠨᠡᠷ᠎ᠡ ᠮᠡᠳᠡᠭᠦᠯᠬᠦ ᠬᠤᠭᠤᠴᠠᠭ᠎ᠠ ᠳᠠᠭᠤᠰᠬᠤ ᠠᠴᠠ ᠡᠮᠦᠨ᠎ᠡ ᠰᠤᠷᠭᠠᠭᠤᠯᠢ ᠲᠡᠭᠦᠰᠦᠭᠰᠡᠨ | ᠶᠡᠭᠡ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠬᠠᠷᠢᠶ᠎ᠠ ᠰᠤᠷᠤᠯᠭ᠎ᠠ ᠶᠢᠨ ᠨᠠᠮᠲᠠᠷ ᠤᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠠᠢ ᠬᠠᠷᠢᠯᠴᠠᠵᠤ ᠴᠠᠭ ᠲᠤᠬᠠᠢ ᠳᠤᠨᠢ ᠵᠠᠯᠠᠷᠠᠭᠤᠯᠬᠤ ᠬᠡᠷᠡᠭᠲᠡᠢ᠃ | ︵2︶ ᠰᠤᠷᠤᠯᠭ᠎ᠠ ᠶᠢᠨ ᠨᠠᠮᠲᠠᠷ ᠤᠨ ᠮᠡᠳᠡᠭᠡ ᠵᠠᠩᠭᠢ ᠶᠢ ᠰᠤᠷᠤᠯᠭ᠎ᠠ ᠶᠢᠨ ᠮᠡᠳᠡᠭᠡ ᠵᠠᠩᠭᠢ ᠶᠢᠨ | ᠰᠦᠯᠵᠢᠶ᠎ᠡ ᠠᠴᠠ ᠯᠠᠪᠯᠠᠵᠤ ᠳᠡᠶᠢᠯᠬᠦ ᠦᠭᠡᠢ ᠬᠥᠮᠥᠰ ᠨᠡᠷ᠎ᠡ ᠮᠡᠳᠡᠭᠦᠯᠬᠦ ᠳᠡᠭᠡᠨ ᠰᠤᠷᠤᠯᠭ᠎ᠠ ᠲᠡᠭᠦᠰᠦᠭᠰᠡᠨ ᠦᠨᠡᠮᠯᠡᠯ | ︵ᠰᠤᠷᠤᠯᠭ᠎ᠠ ᠲᠡᠭᠦᠰᠦᠭᠰᠡᠨ ᠭᠡᠷᠡᠴᠢ ᠪᠢᠴᠢᠭ︶ ᠲᠠᠢ ᠨᠢᠭᠡᠳᠦᠯᠲᠡᠢ ᠬᠠᠮᠢᠶ᠎ᠠ ᠪᠦᠬᠦᠢ ᠮᠡᠳᠡᠭᠡ ᠵᠠᠩᠭᠢ ᠶᠢ ᠲᠠᠭᠯᠠᠵᠤ᠂ | ᠬᠦᠴᠦᠨ ᠲᠠᠢ ᠪᠡᠶ᠎ᠡ ᠶᠢᠨ ᠦᠨᠡᠮᠯᠡᠯ ᠤᠨ ᠤᠭ ᠡᠯᠧᠺᠲᠷᠣᠨ ᠬᠡᠷᠡᠯ ᠵᠢᠷᠤᠭ ᠢ ᠳᠠᠮᠵᠢᠭᠤᠯᠬᠤ ᠬᠡᠷᠡᠭᠲᠡᠢ᠃ ᠡᠭᠦᠨ ᠤ | ᠬᠠᠮᠲᠤ ᠪᠠᠰᠠ ᠰᠤᠷᠤᠯᠭ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ᠰᠤᠷᠤᠯᠭ᠎ᠠ ᠶᠢᠨ ᠨᠠᠮᠲᠠᠷ ᠤᠨ | ᠭᠡᠷᠡᠴᠢᠯᠡᠯᠲᠡ ᠪᠠᠷ ᠳᠡᠮᠵᠢᠨ ᠣᠯᠣᠭᠰᠠᠨ ︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠰᠤᠷᠤᠯᠭ᠎ᠠ ᠶᠢᠨ ᠨᠠᠮᠲᠠᠷ ᠤᠨ ᠭᠡᠷᠡᠴᠢᠯᠡᠯᠲᠡ ᠶᠢᠨ ᠮᠡᠳᠡᠭᠦᠯᠦᠯᠲᠡ︾ ᠶᠢ ᠳᠠᠮᠵᠢᠭᠤᠯᠵᠤ᠂ ᠳᠠᠮᠵᠢᠭᠤᠯᠤᠭᠰᠠᠨ | ᠭᠡᠷᠡᠴᠢᠯᠡᠯᠲᠡ ᠶᠢᠨ ᠮᠡᠳᠡᠭᠦᠯᠦᠯᠲᠡ ᠨᠢ ᠤᠭ ᠮᠠᠲ᠋ᠧᠷᠢᠶᠠᠯ ᠤᠨ ᠡᠯᠧᠺᠲᠷᠣᠨ ᠬᠡᠷᠡᠯ ᠵᠢᠷᠤᠭ ᠪᠤᠶᠤ ᠡᠯᠧᠺᠲᠷᠣᠨ | ᠬᠡᠪᠯᠡᠯ ᠤᠨ ᠭᠡᠷᠡᠴᠢᠯᠡᠯᠲᠡ ᠶᠢᠨ ᠮᠡᠳᠡᠭᠦᠯᠦᠯᠲᠡ ᠪᠠᠶᠢᠬᠤ ᠬᠡᠷᠡᠭᠲᠡᠢ᠃ | ︵3︶ ᠤᠯᠤᠰ ︵ᠬᠢᠯᠢ︶ ᠤᠨ ᠭᠠᠳᠠᠨᠠᠬᠢ ᠰᠤᠷᠤᠯᠭ᠎ᠠ ᠶᠢᠨ ᠨᠠᠮᠲᠠᠷ ᠢ ᠣᠯᠣᠭᠰᠠᠨ ᠪᠠᠶᠢᠪᠠᠯ᠂ ᠨᠡᠷ᠎ᠡ | ᠮᠡᠳᠡᠭᠦᠯᠬᠦ ᠳᠡᠭᠡᠨ ᠲᠡᠭᠦᠰᠬᠦ ᠶᠡᠭᠡ ᠳᠡᠭᠡᠳᠦ ᠰᠤᠷᠭᠠᠭᠤᠯᠢ ᠶᠢᠨ ᠮᠡᠳᠡᠭᠡ ᠵᠠᠩᠭᠢ ᠶᠢ ᠲᠠᠭᠯᠠᠨ ᠪᠢᠴᠢᠬᠦ ᠶᠢᠨ ᠬᠠᠮᠲᠤ | ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠬᠤ ᠦᠢᠯᠡᠴᠢᠯᠡᠭᠡᠨ ᠤ ᠲᠥᠪ ᠤᠨ ᠭᠠᠷᠭᠠᠭᠰᠠᠨ | ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠭᠡᠷᠡᠴᠢᠯᠡᠯ ᠤᠨ ᠪᠢᠴᠢᠭ ᠢ ᠳᠠᠮᠵᠢᠭᠤᠯᠤᠨ᠎ᠠ᠂ ᠳᠠᠮᠵᠢᠭᠤᠯᠤᠭᠰᠠᠨ | ᠭᠡᠷᠡᠴᠢᠯᠡᠯ ᠤᠨ ᠪᠢᠴᠢᠭ ᠨᠢ ᠤᠭ ᠮᠠᠲ᠋ᠧᠷᠢᠶᠠᠯ ᠤᠨ ᠡᠯᠧᠺᠲᠷᠣᠨ ᠬᠡᠷᠡᠯ ᠵᠢᠷᠤᠭ ᠪᠤᠶᠤ ᠡᠯᠧᠺᠲᠷᠣᠨ ᠬᠡᠪᠯᠡᠯ ᠤᠨ | ᠭᠡᠷᠡᠴᠢᠯᠡᠯ ᠤᠨ ᠪᠢᠴᠢᠭ ᠪᠠᠶᠢᠬᠤ ᠬᠡᠷᠡᠭᠲᠡᠢ᠃ | 2.ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ | ᠰᠢᠯᠭᠠᠯᠲᠠ ᠳᠤ ᠨᠡᠷ᠎ᠡ ᠮᠡᠳᠡᠭᠦᠯᠦᠭᠰᠡᠳ ᠺᠣᠮᠫᠢᠦ᠋ᠲ᠋ᠧᠷ ᠢᠶᠠᠷ ᠰᠤᠷᠤᠯᠭ᠎ᠠ ᠶᠢᠨ ᠮᠡᠳᠡᠭᠡ ᠵᠠᠩᠭᠢ ᠶᠢᠨ | ᠰᠦᠯᠵᠢᠶᠡᠨ ᠤ ︽ᠰᠤᠷᠤᠯᠭ᠎ᠠ ᠶᠢᠨ ᠮᠡᠳᠡᠭᠡ ᠵᠠᠩᠭᠢ ᠶᠢᠨ ᠲᠠᠩᠰᠠ ᠡᠪᠬᠡᠮᠡᠯ︾ ᠪᠤᠯᠤᠩ ᠳᠤ ᠣᠷᠣᠵᠤ᠂ ᠲᠣᠰ ᠬᠥᠮᠥᠨ ᠤ | ︽ᠰᠤᠷᠭᠠᠨ ᠬᠥᠮᠦᠵᠢᠯ ᠤᠨ ᠶᠠᠮᠤᠨ ᠤ ᠰᠤᠷᠭᠠᠭᠤᠯᠢ ᠶᠢᠨ ᠬᠠᠷᠢᠶ᠎ᠠ ᠶᠢ ᠰᠦᠯᠵᠢᠶᠡᠨ ᠳᠡᠭᠡᠷ᠎ᠡ ᠰᠢᠯᠭᠠᠨ ᠪᠠᠲᠤᠯᠠᠭᠰᠠᠨ | ᠮᠡᠳᠡᠭᠦᠯᠦᠯᠲᠡ︾ ᠶᠢᠨ PDF ᠪᠢᠴᠢᠭ ᠮᠠᠲ᠋ᠧᠷᠢᠶᠠᠯ ᠢ ᠪᠠᠭᠤᠯᠭᠠᠨ ᠠᠪᠴᠤ᠂ ᠰᠢᠯᠭᠠᠯᠲᠠ ᠳᠤ ᠨᠡᠷ᠎ᠡ ᠮᠡᠳᠡᠭᠦᠯᠬᠦ | ᠰᠢᠰᠲ᠋ᠧᠮ ᠳᠤ ᠳᠠᠮᠵᠢᠭᠤᠯᠬᠤ ᠬᠡᠷᠡᠭᠲᠡᠢ᠃ ᠺᠣᠮᠫᠢᠦ᠋ᠲ᠋ᠧᠷ ᠤᠨ ᠳᠡᠯᠭᠡᠴᠡ ᠶᠢ ᠲᠠᠰᠤᠯᠤᠭᠰᠠᠨ ᠵᠢᠷᠤᠭ᠂ ᠭᠠᠷ | ᠤᠲᠠᠰᠤᠨ ᠤ ᠰᠡᠭᠦᠳᠡᠷᠯᠡᠭᠰᠡᠨ ᠵᠢᠷᠤᠭ᠂ ᠭᠠᠷ ᠤᠲᠠᠰᠤᠨ ᠤ ᠳᠡᠯᠭᠡᠴᠡ ᠶᠢ ᠲᠠᠰᠤᠯᠤᠭᠰᠠᠨ ᠵᠢᠷᠤᠭ᠂ ᠵᠢᠷᠤᠭ ᠤᠨ | ᠳᠠᠮᠵᠢᠭᠤᠯᠭ᠎ᠠ PDF ᠵᠡᠷᠭᠡ ᠪᠢᠴᠢᠭ ᠮᠠᠲ᠋ᠧᠷᠢᠶᠠᠯ ᠤᠨ ᠵᠠᠭᠪᠤᠷ ᠢ ᠵᠥᠪᠰᠢᠶᠡᠷᠡᠬᠦ ᠦᠭᠡᠢ᠃ ᠰᠤᠷᠤᠯᠭ᠎ᠠ ᠶᠢᠨ ᠮᠡᠳᠡᠭᠡ | ᠵᠠᠩᠭᠢ ᠶᠢᠨ ᠰᠦᠯᠵᠢᠶ᠎ᠡ ᠠᠴᠠ ᠭᠠᠳᠠᠨᠠᠬᠢ ᠠᠷᠭ᠎ᠠ ᠵᠠᠮ ᠢᠶᠠᠷ ᠳᠡᠮᠵᠢᠨ ᠣᠯᠣᠭᠰᠠᠨ ᠰᠤᠷᠭᠠᠭᠤᠯᠢ ᠶᠢᠨ ᠬᠠᠷᠢᠶ᠎ᠠ ᠶᠢᠨ | ᠮᠡᠳᠡᠭᠦᠯᠦᠯᠲᠡ ᠪᠤᠶᠤ ᠭᠡᠷᠡᠴᠢ ᠶᠢ ᠵᠥᠪᠰᠢᠶᠡᠷᠡᠬᠦ ᠦᠭᠡᠢ᠃ | ᠰᠤᠷᠭᠠᠭᠤᠯᠢ ᠳᠤ ᠪᠠᠶᠢᠭ᠎ᠠ ᠵᠢᠩᠬᠢᠨᠢ ᠠᠩᠭᠢ ᠶᠢᠨ ᠰᠣᠷᠣᠭᠴᠢ ︵ᠠᠰᠫᠢᠷᠠᠨᠲ︶ ᠬᠡᠷᠪᠡ ᠨᠡᠷ᠎ᠡ ᠮᠡᠳᠡᠭᠦᠯᠬᠦ | ᠲᠤᠰᠬᠠᠢ ᠮᠡᠷᠭᠡᠵᠢᠯ ᠳᠤ ᠨᠡᠶᠢᠴᠡᠬᠦ ᠲᠤᠰᠬᠠᠢ ᠠᠩᠭᠢ ᠪᠤᠶᠤ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ | ᠪᠣᠯᠤᠭᠰᠠᠨ ᠪᠠᠶᠢᠪᠠᠯ᠂ ᠤᠷᠢᠳ ᠢᠶᠠᠷ ︽ᠰᠤᠷᠤᠯᠭ᠎ᠠ ᠶᠢᠨ ᠨᠠᠮᠲᠠᠷ ᠢᠶᠠᠷ ᠢᠶᠠᠨ ᠨᠡᠷ᠎ᠡ ᠮᠡᠳᠡᠭᠦᠯᠬᠦ︾ ᠶᠢ ᠰᠣᠩᠭᠤᠬᠤ | ᠬᠡᠷᠡᠭᠲᠡᠢ᠃ | 3.ᠮᠡᠷᠭᠡᠵᠢᠯ ᠤᠨ ᠴᠣᠯᠠ ᠪᠠᠷ ᠢᠶᠠᠨ ᠰᠢᠯᠭᠠᠯᠲᠠ ᠳᠤ ᠨᠡᠷ᠎ᠡ ᠮᠡᠳᠡᠭᠦᠯᠦᠭᠰᠡᠳ | ᠰᠢᠯᠭᠠᠯᠲᠠ ᠳᠤ ᠨᠡᠷ᠎ᠡ ᠮᠡᠳᠡᠭᠦᠯᠦᠭᠰᠡᠳ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠳᠡᠭᠡᠨ ᠡᠷᠬᠡᠪᠰᠢ | ᠮᠡᠷᠭᠡᠵᠢᠯ ᠤᠨ ᠴᠣᠯᠠ ᠶᠢᠨ ᠦᠨᠡᠮᠯᠡᠯ ᠲᠠᠢ ᠨᠢᠭᠡᠳᠦᠯᠲᠡᠢ ᠲᠤᠰᠬᠠᠢ ᠮᠡᠷᠭᠡᠵᠢᠯ ᠤᠨ ᠴᠣᠯᠠ ᠶᠢᠨ ᠲᠠᠰ ᠳᠠᠪᠬᠤᠷᠭ᠎ᠠ | ᠵᠢᠴᠢ ᠮᠡᠷᠭᠡᠵᠢᠯ ᠤᠨ ᠴᠣᠯᠠ ᠣᠯᠣᠭᠰᠠᠨ ᠴᠠᠭ ᠢ ᠰᠣᠩᠭᠤᠬᠤ ᠶᠢᠨ ᠬᠠᠮᠲᠤ ᠮᠡᠷᠭᠡᠵᠢᠯ ᠤᠨ ᠴᠣᠯᠠ ᠶᠢᠨ ᠦᠨᠡᠮᠯᠡᠯ ᠤᠨ | ᠪᠥᠬᠦ ᠳᠣᠲᠣᠭᠠᠳᠤ ᠨᠢᠭᠤᠷ ᠤᠨ ᠡᠯᠧᠺᠲᠷᠣᠨ ᠬᠡᠷᠡᠯ ᠵᠢᠷᠤᠭ ᠢ ᠳᠠᠮᠵᠢᠭᠤᠯᠬᠤ ᠬᠡᠷᠡᠭᠲᠡᠢ᠃ | 4.ᠬᠥᠳᠡᠭᠡ ᠲᠣᠰᠬᠤᠨ ᠤ ᠮᠠᠯ ᠤᠨ ᠡᠮᠴᠢ | ᠨᠡᠷ᠎ᠡ ᠮᠡᠳᠡᠭᠦᠯᠬᠦ ᠦᠶ᠎ᠡ ᠳᠤ ᠰᠢᠰᠲ᠋ᠧᠮ ᠤᠨ ᠬᠢᠨ ᠬᠦᠴᠦᠨ ᠲᠠᠢ ᠪᠡᠶ᠎ᠡ ᠶᠢᠨ ᠦᠨᠡᠮᠯᠡᠯ ᠤᠨ ᠨᠣᠮᠧᠷ ᠢ | ᠦᠨᠳᠦᠰᠦᠯᠡᠨ᠂ ᠰᠢᠯᠭᠠᠯᠲᠠ ᠳᠤ ᠨᠡᠷ᠎ᠡ ᠮᠡᠳᠡᠭᠦᠯᠦᠭᠰᠡᠳ ᠤᠨ ᠪᠥᠬᠦ ᠤᠯᠤᠰ ᠤᠨ ᠮᠠᠯ ᠡᠮᠨᠡᠯᠭᠡ ᠶᠢᠨ ᠡᠩᠨᠡᠭᠡ ᠶᠢᠨ | ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠳᠠᠩᠰᠠᠯᠠᠭᠤᠯᠤᠭᠰᠠᠨ ᠪᠤᠶᠤ ᠲᠡᠮᠳᠡᠭᠯᠡᠭᠰᠡᠨ ᠡᠰᠡᠬᠦ᠂ | ᠳᠠᠩᠰᠠᠯᠠᠭᠤᠯᠤᠭᠰᠠᠨ ᠪᠤᠶᠤ ᠲᠡᠮᠳᠡᠭᠯᠡᠭᠰᠡᠨ ᠵᠢᠯ ᠬᠤᠭᠤᠴᠠᠭ᠎ᠠ ᠨᠢ ᠰᠢᠯᠭᠠᠯᠲᠠ ᠶᠢᠨ ᠨᠡᠷ᠎ᠡ ᠮᠡᠳᠡᠭᠦᠯᠬᠦ | ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠬᠠᠷᠭᠤᠭᠤᠯᠬᠤ ᠬᠡᠷᠡᠭᠲᠡᠢ᠃ ᠬᠡᠷᠪᠡ ᠰᠢᠰᠲ᠋ᠧᠮ ᠤᠨ ᠪᠠᠶᠢᠴᠠᠭᠠᠨ ᠯᠠᠪᠯᠠᠭᠰᠠᠨ | ᠦᠷ᠎ᠡ ᠳ᠋ᠦᠩ ᠨᠢ ᠳᠠᠩᠰᠠᠯᠠᠭᠤᠯᠤᠭᠰᠠᠨ ᠦᠭᠡᠢ ᠪᠤᠶᠤ ᠲᠡᠮᠳᠡᠭᠯᠡᠭᠰᠡᠨ ᠦᠭᠡᠢ᠂ ᠳᠠᠩᠰᠠᠯᠠᠭᠤᠯᠤᠭᠰᠠᠨ ᠪᠤᠶᠤ | ᠲᠡᠮᠳᠡᠭᠯᠡᠭᠰᠡᠨ ᠣᠨ ᠵᠢᠯ ᠨᠢ ᠨᠡᠷ᠎ᠡ ᠮᠡᠳᠡᠭᠦᠯᠬᠦ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠨᠡᠷ᠎ᠡ ᠮᠡᠳᠡᠭᠦᠯᠦᠭᠡᠳ | ᠬᠢᠷᠢ ᠲᠡᠩᠴᠡᠭᠰᠡᠨ ᠦᠭᠡᠢ ᠪᠠᠷ ᠦᠵᠡᠨ᠎ᠡ᠃ | ︵ᠬᠤᠶᠠᠷ︶ ᠰᠦᠯᠵᠢᠶᠡᠨ ᠳᠡᠭᠡᠷ᠎ᠡ ᠨᠤᠲᠠᠯᠠᠬᠤ | ᠰᠢᠯᠭᠠᠯᠲᠠ ᠳᠤ ᠨᠡᠷ᠎ᠡ ᠮᠡᠳᠡᠭᠦᠯᠦᠭᠰᠡᠳ 3 ᠰᠠᠷ᠎ᠠ ᠶᠢᠨ 24 ᠤ ᠡᠳᠦᠷ ᠠᠴᠠ ᠰᠡᠭᠦᠯᠡᠷ ᠰᠦᠯᠵᠢᠶᠡᠨ ᠳᠡᠭᠡᠷ᠎ᠡ | ᠤᠷᠢᠳᠴᠢᠯᠠᠨ ᠬᠢᠨᠠᠭᠰᠠᠨ ᠦᠷ᠎ᠡ ᠳ᠋ᠦᠩ ᠢ ᠯᠠᠪᠯᠠᠵᠤ ᠪᠣᠯᠣᠨ᠎ᠠ᠃ ᠮᠥᠷᠳᠡᠨ ᠪᠠᠶᠢᠴᠠᠭᠠᠯᠲᠠ ᠳᠤ ᠬᠢᠷᠢ ᠲᠡᠩᠴᠡᠭᠰᠡᠨ | ᠦᠭᠡᠢ ᠬᠥᠮᠥᠰ 3 ᠰᠠᠷ᠎ᠠ ᠶᠢᠨ 24 ᠤ ᠡᠳᠦᠷ ᠠᠴᠠ 27 ᠤ ᠡᠳᠦᠷ ᠪᠣᠯᠲᠠᠯ᠎ᠠ ᠰᠠᠨᠠᠭᠤᠯᠭ᠎ᠠ ᠶᠢᠨ ᠱᠠᠭᠠᠷᠳᠠᠯᠭ᠎ᠠ | ᠶᠣᠰᠣᠭᠠᠷ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢ ᠳᠠᠭᠢᠵᠤ ᠳᠠᠮᠵᠢᠭᠤᠯᠵᠤ ᠪᠣᠯᠣᠨ᠎ᠠ᠃ | ᠳᠥᠷᠪᠡ᠂ ᠰᠢᠯᠭᠠᠯᠲᠠ ᠶᠢᠨ ᠰᠦᠢᠳᠬᠡᠯ ᠲᠤᠰᠢᠶᠠᠬᠤ ᠪᠠᠷᠢᠮᠵᠢᠶ᠎ᠠ ᠵᠢᠴᠢ ᠠᠷᠭ᠎ᠠ ᠬᠡᠯᠪᠡᠷᠢ | ᠰᠢᠯᠭᠠᠯᠲᠠ ᠳᠤ ᠨᠡᠷ᠎ᠡ ᠮᠡᠳᠡᠭᠦᠯᠦᠭᠰᠡᠳ 4 ᠰᠠᠷ᠎ᠠ ᠶᠢᠨ 21 ᠤ ᠡᠳᠦᠷ ᠠᠴᠠ ᠰᠡᠭᠦᠯᠡᠷ ᠬᠢᠨᠠᠨ | ᠬᠠᠷᠭᠤᠭᠤᠯᠤᠭᠰᠠᠨ ᠦᠷ᠎ᠡ ᠳ᠋ᠦᠩ ᠢ ᠪᠠᠶᠢᠴᠠᠭᠠᠨ ᠯᠠᠪᠯᠠᠵᠤ ᠪᠣᠯᠣᠨ᠎ᠠ᠂ ᠬᠢᠨᠠᠨ ᠬᠠᠷᠭᠤᠭᠤᠯᠤᠭᠰᠠᠨ ᠬᠦᠮᠦᠰ 4 | ᠰᠠᠷ᠎ᠠ ᠶᠢᠨ 21 ᠤ ᠡᠳᠦᠷ ᠠᠴᠠ 24 ᠤ ᠡᠳᠦᠷ ᠪᠣᠯᠲᠠᠯ᠎ᠠ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠵᠤ ᠪᠣᠯᠣᠨ᠎ᠠ᠃ | ᠬᠤᠭᠤᠴᠠᠭ᠎ᠠ ᠬᠡᠲᠦᠷᠡᠲᠡᠯ᠎ᠡ ᠰᠦᠢᠳᠬᠡᠯ ᠲᠤᠰᠢᠶᠠᠭᠰᠠᠨ ᠦᠭᠡᠢ ᠪᠠᠶᠢᠪᠠᠯ᠂ ᠰᠢᠯᠭᠠᠯᠲᠠ ᠳᠤ ᠨᠡᠷ᠎ᠡ ᠮᠡᠳᠡᠭᠦᠯᠬᠦ ᠬᠢᠷᠢ | ᠬᠡᠮ ᠢᠶᠠᠨ ᠰᠠᠶᠢᠨ ᠳᠤᠷ᠎ᠠ ᠠᠴᠠ ᠪᠠᠨ ᠬᠠᠶᠠᠭᠰᠠᠨ ᠢᠶᠠᠷ ᠦᠵᠡᠨ᠎ᠡ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠢᠶᠠᠷ ᠬᠢᠨᠠᠨ | ᠲᠣᠭᠲᠠᠭᠠᠯᠭᠠᠵᠤ ᠵᠥᠪᠰᠢᠶᠡᠷᠡᠭᠦᠯᠦᠭᠡᠳ᠂ ᠰᠢᠯᠭᠠᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠨᠢ᠄ ᠮᠠᠯ ᠡᠮᠨᠡᠯᠭᠡ ᠶᠢᠨ | ᠶᠡᠷᠦᠩᠬᠡᠢ ᠰᠠᠯᠠᠭ᠎ᠠ ᠶᠢᠨ ᠲᠥᠷᠥᠯ᠂ ᠬᠥᠮᠥᠨ ᠪᠦᠷᠢ ᠬᠢᠴᠢᠶᠡᠯ ᠨᠢᠭᠡᠪᠦᠷᠢ ᠨᠢ 61 ᠲᠥᠭᠦᠷᠢᠭ︔ ᠤᠰᠤᠨ ᠤ | ᠠᠮᠢᠲᠠᠨ ᠤ ᠲᠥᠷᠥᠯ᠂ ᠬᠥᠮᠥᠨ ᠪᠦᠷᠢ ᠬᠢᠴᠢᠶᠡᠯ ᠨᠢᠭᠡᠪᠦᠷᠢ ᠨᠢ 70 ᠲᠥᠭᠦᠷᠢᠭ᠃ | ᠲᠠᠪᠤ᠂ ᠰᠢᠯᠭᠠᠬᠤ ᠭᠠᠵᠠᠷ | ᠬᠥᠬᠡᠬᠤᠲᠠ᠂ ᠲᠦᠩᠯᠢᠶᠣᠣ ᠬᠤᠳᠠ | ᠵᠢᠷᠭᠤᠭ᠎ᠠ᠂ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠢ ᠳᠠᠷᠤᠮᠠᠯᠯᠠᠬᠤ | ᠰᠢᠯᠭᠠᠯᠲᠠ ᠳᠤ ᠨᠡᠷ᠎ᠡ ᠮᠡᠳᠡᠭᠦᠯᠦᠭᠰᠡᠳ 7 ᠰᠠᠷ᠎ᠠ ᠶᠢᠨ 7 ᠤ ᠡᠳᠦᠷ ᠠᠴᠠ 13 ᠤ ᠡᠳᠦᠷ ᠪᠣᠯᠲᠠᠯ᠎ᠠ | ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠢᠶᠠᠨ ᠥᠪᠡᠰᠦᠪᠡᠨ ᠳᠠᠷᠤᠮᠠᠯᠯᠠᠵᠤ ᠪᠣᠯᠣᠨ᠎ᠠ᠃ | ᠳᠣᠯᠤᠭ᠎ᠠ᠂ ᠰᠢᠯᠭᠠᠬᠤ ᠴᠠᠭ ᠪᠠ ᠠᠷᠭ᠎ᠠ ᠬᠡᠯᠪᠡᠷᠢ | ᠰᠢᠯᠭᠠᠬᠤ ᠴᠠᠭ ᠨᠢ 7 ᠰᠠᠷ᠎ᠠ ᠶᠢᠨ 13 ᠤ ᠡᠳᠦᠷ᠃ | ᠪᠣᠳᠠᠲᠠᠢ ᠲᠣᠬᠢᠷᠠᠭᠤᠯᠤᠯᠲᠠ ᠨᠢ᠄ | ᠰᠠᠭᠤᠷᠢ ᠬᠢᠴᠢᠶᠡᠯ ᠲᠥᠷᠥᠯ᠄ ᠦᠳᠡ ᠶᠢᠨ ᠡᠮᠦᠨ᠎ᠡ 8᠄ 30︱9᠄ 30︔ | ᠤᠷᠢᠳᠴᠢᠯᠠᠨ ᠰᠡᠷᠭᠡᠶᠢᠯᠡᠬᠦ ᠬᠢᠴᠢᠶᠡᠯ ᠲᠥᠷᠥᠯ᠄ ᠦᠳᠡ ᠶᠢᠨ ᠡᠮᠦᠨᠡᠬᠢ 11᠄ 00︱12᠄ 00︔ | ᠡᠮᠴᠢᠯᠡᠭᠡᠨ ᠤ ᠬᠢᠴᠢᠶᠡᠯ ᠲᠥᠷᠥᠯ᠄ ᠦᠳᠡ ᠶᠢᠨ ᠬᠤᠶᠢᠨᠠᠬᠢ 2᠄ 00︱3᠄ 00︔ | ᠶᠡᠷᠦᠩᠬᠡᠶᠢᠯᠡᠨ ᠬᠡᠷᠡᠭᠯᠡᠬᠦ ᠬᠢᠴᠢᠶᠡᠯ ᠲᠥᠷᠥᠯ᠄ ᠦᠳᠡ ᠶᠢᠨ ᠬᠤᠶᠢᠨᠠᠬᠢ 4᠄ 30︱5᠄ 30᠃ | ᠰᠢᠯᠭᠠᠯᠲᠠ ᠶᠢᠨ ᠬᠡᠯᠪᠡᠷᠢ ᠨᠢ ᠪᠢᠳᠡᠭᠦᠮᠵᠢᠯᠡᠭᠰᠡᠨ ᠰᠢᠯᠭᠠᠯᠳᠠ ᠶᠢᠨ ᠬᠠᠭᠤᠳᠠᠰᠤ᠂ ᠺᠣᠮᠫᠢᠦ᠋ᠲ᠋ᠧᠷ ᠢᠶᠠᠷ | ᠰᠢᠯᠭᠠᠨ᠎ᠠ᠃ ᠰᠢᠯᠭᠠᠯᠲᠠ ᠶᠢᠨ ᠰᠡᠳᠦᠪ᠂ ᠰᠡᠳᠦᠪ ᠬᠠᠷᠢᠭᠤᠯᠬᠤ ᠱᠠᠭᠠᠷᠳᠠᠯᠭ᠎ᠠ ᠪᠠ ᠰᠡᠳᠦᠪ ᠬᠠᠷᠢᠭᠤᠯᠬᠤ ᠳᠡᠯᠭᠡᠴᠡ | ᠨᠢ ᠴᠥᠮ ᠺᠣᠮᠫᠢᠦ᠋ᠲ᠋ᠧᠷ ᠤᠨ ᠳᠡᠯᠭᠡᠴᠡ ᠳᠡᠭᠡᠷ᠎ᠡ ᠢᠯᠡᠷᠡᠵᠦ᠂ ᠰᠢᠯᠭᠠᠭᠤᠯᠤᠭᠴᠢ ᠺᠣᠮᠫᠢᠦ᠋ᠲ᠋ᠧᠷ ᠤᠨ ᠬᠤᠯᠤᠭᠠᠨᠠᠴᠢᠷ ᠢ | ᠬᠡᠷᠡᠭᠯᠡᠨ ᠺᠣᠮᠫᠢᠦ᠋ᠲ᠋ᠧᠷ ᠤᠨ ᠰᠡᠳᠦᠪ ᠬᠠᠷᠢᠭᠤᠯᠬᠤ ᠳᠡᠯᠭᠡᠴᠡ ᠳᠡᠭᠡᠷ᠎ᠡ ᠰᠢᠭᠤᠳ ᠬᠠᠷᠢᠭᠤᠯᠬᠤ ᠬᠡᠷᠡᠭᠲᠡᠢ᠃ 1 | ᠰᠠᠷ᠎ᠠ ᠶᠢᠨ 13 ᠤ ᠡᠳᠦᠷ ᠠᠴᠠ ᠰᠡᠭᠦᠯᠡᠷ᠂ ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ | ᠰᠢᠯᠭᠠᠯᠲᠠ ᠶᠢᠨ ᠰᠦᠯᠵᠢᠶᠡᠨ ᠳᠡᠭᠡᠷᠡᠬᠢ ᠮᠡᠳᠡᠭᠡ ᠵᠠᠩᠭᠢ ᠶᠢᠨ ᠲᠠᠪᠴᠠᠩ ᠳᠤ ᠺᠣᠮᠫᠢᠦ᠋ᠲ᠋ᠧᠷ ᠤᠨ ᠰᠢᠯᠭᠠᠯᠲᠠ ᠶᠢᠨ | ᠠᠵᠢᠯᠯᠠᠭᠠᠨ ᠤ ᠵᠥᠭᠡᠯᠡᠨ ᠲᠣᠨᠤᠭ ᠪᠠ ᠦᠵᠡᠭᠦᠯᠭᠡ ᠶᠢᠨ ᠸᠢᠳᠢᠤ᠋ ᠶᠢ ᠨᠡᠶᠢᠲᠡᠯᠡᠵᠦ᠂ ᠰᠢᠯᠭᠠᠭᠤᠯᠤᠭᠴᠢ | ᠺᠣᠮᠫᠢᠦ᠋ᠲ᠋ᠧᠷ ᠤᠨ ᠰᠢᠯᠭᠠᠯᠲᠠ ᠶᠢᠨ ᠰᠡᠳᠦᠪ ᠬᠠᠷᠢᠭᠤᠯᠬᠤ ᠨᠢᠭᠤᠷ ᠲᠠᠯ᠎ᠠ᠂ ᠬᠠᠷᠢᠭᠤᠯᠬᠤ ᠠᠷᠭ᠎ᠠ ᠬᠡᠯᠪᠡᠷᠢ ᠵᠡᠷᠭᠡ ᠶᠢ | ᠤᠷᠢᠳᠴᠢᠯᠠᠨ ᠣᠶᠢᠯᠠᠭᠠᠵᠤ ᠪᠣᠯᠣᠨ᠎ᠠ᠃ | ᠨᠠᠢᠮᠠ᠂ ᠰᠢᠯᠭᠠᠬᠤ ᠠᠭᠤᠯᠭ᠎ᠠ | ᠰᠢᠯᠭᠠᠯᠲᠠ ᠶᠢᠨ ᠬᠡᠪᠴᠢᠶ᠎ᠡ ᠶᠢ ︽ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ | ᠰᠢᠯᠭᠠᠯᠲᠠ ᠶᠢᠨ ᠬᠥᠲᠥᠯᠪᠦᠷᠢ ︵ᠮᠠᠯ ᠡᠮᠨᠡᠯᠭᠡ ᠶᠢᠨ ᠶᠡᠷᠦᠩᠬᠡᠢ ᠰᠠᠯᠠᠭ᠎ᠠ ᠶᠢᠨ ᠲᠥᠷᠥᠯ︶ ︵2025 ᠳ᠋ᠤᠭᠠᠷ ᠨᠢᠭᠤᠷ︶︾᠂ | ︽ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠬᠥᠲᠥᠯᠪᠦᠷᠢ | ︵ᠤᠰᠤᠨ ᠤ ᠠᠮᠢᠲᠠᠨ ᠤ ᠲᠥᠷᠥᠯ︶ ︵2025 ᠳ᠋ᠤᠭᠠᠷ ᠨᠢᠭᠤᠷ︶︾ ᠪᠠᠷ ᠪᠠᠷᠢᠮᠵᠢᠶ᠎ᠠ ᠪᠣᠯᠭᠠᠨ᠎ᠠ᠃ | ᠬᠢᠴᠢᠶᠡᠯ ᠲᠥᠷᠥᠯ ᠪᠦᠷᠢ ᠳᠤ 100 ᠰᠡᠳᠦᠪ᠂ ᠰᠡᠳᠦᠪ ᠪᠦᠷᠢ ᠳᠤ 1 ᠬᠤᠪᠢ᠃ | ︵ᠨᠢᠭᠡ︶ ᠮᠠᠯ ᠡᠮᠨᠡᠯᠭᠡ ᠶᠢᠨ ᠶᠡᠷᠦᠩᠬᠡᠢ ᠰᠠᠯᠠᠭᠠᠨ ᠤ ᠲᠥᠷᠥᠯ ᠤᠨ ᠰᠢᠯᠭᠠᠯᠲᠠ | ᠰᠠᠭᠤᠷᠢ ᠬᠢᠴᠢᠶᠡᠯ ᠲᠥᠷᠥᠯ᠃ ᠡᠭᠦᠨ ᠳᠤ ᠮᠠᠯ ᠡᠮᠨᠡᠯᠭᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠠᠵᠢᠯ | ᠮᠡᠷᠭᠡᠵᠢᠯ ᠤᠨ ᠶᠣᠰᠣ ᠮᠣᠷᠠᠯ᠂ ᠠᠮᠢᠲᠠᠨ ᠤ ᠠᠨᠠᠲ᠋ᠣᠮᠢ ᠶᠢᠨ ᠤᠬᠠᠭᠠᠨ᠂ ᠨᠡᠬᠡᠳᠡᠰᠦ ᠶᠢᠨ ᠤᠬᠠᠭᠠᠨ ᠬᠢᠭᠡᠳ | ᠬᠦᠪᠦᠷᠡᠯ ᠤᠨ ᠤᠬᠠᠭᠠᠨ᠂ ᠠᠮᠢᠲᠠᠨ ᠤ ᠹᠢᠽᠢᠣᠯᠣᠭᠢ᠂ ᠠᠮᠢᠲᠠᠨ ᠤ ᠠᠮᠢᠳᠤ ᠪᠣᠳᠠᠰ ᠬᠢᠮᠢ᠂ ᠠᠮᠢᠲᠠᠨ ᠤ ᠡᠪᠡᠳᠴᠢᠨ ᠤ | ᠵᠦᠢ ᠶᠢᠨ ᠤᠬᠠᠭᠠᠨ᠂ ᠮᠠᠯ ᠡᠮᠨᠡᠯᠭᠡ ᠶᠢᠨ ᠡᠮ ᠤᠨ ᠵᠦᠢ ᠶᠢᠨ ᠤᠬᠠᠭᠠᠨ ᠪᠠᠭᠲᠠᠨ᠎ᠠ᠃ | ᠤᠷᠢᠳᠴᠢᠯᠠᠨ ᠰᠡᠷᠭᠡᠶᠢᠯᠡᠬᠦ ᠬᠢᠴᠢᠶᠡᠯ ᠲᠥᠷᠥᠯ᠃ ᠡᠭᠦᠨ ᠳᠤ ᠮᠠᠯ ᠡᠮᠨᠡᠯᠭᠡ ᠶᠢᠨ ᠮᠢᠺᠷᠣᠪ ᠤᠨ ᠰᠤᠳᠤᠯᠤᠯ | ᠬᠢᠭᠡᠳ ᠡᠭᠡᠯᠢᠯᠡᠭᠡ ᠶᠢᠨ ᠤᠬᠠᠭᠠᠨ᠂ ᠮᠠᠯ ᠡᠮᠨᠡᠯᠭᠡ ᠶᠢᠨ ᠬᠠᠯᠳᠠᠪᠤᠷᠢᠲᠤ ᠡᠪᠡᠳᠴᠢᠨ ᠤ ᠤᠬᠠᠭᠠᠨ᠂ ᠮᠠᠯ ᠡᠮᠨᠡᠯᠭᠡ ᠶᠢᠨ | ᠰᠢᠮᠡᠭᠦᠷ ᠬᠤᠷᠣᠬᠠᠢ ᠶᠢᠨ ᠤᠬᠠᠭᠠᠨ᠂ ᠮᠠᠯ ᠡᠮᠨᠡᠯᠭᠡ ᠶᠢᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠬᠠᠭᠠᠨ | ᠪᠠᠭᠲᠠᠨ᠎ᠠ᠃ | ᠡᠮᠴᠢᠯᠡᠭᠡᠨ ᠤ ᠬᠢᠴᠢᠶᠡᠯ ᠲᠥᠷᠥᠯ᠃ ᠡᠭᠦᠨ ᠳᠤ ᠮᠠᠯ ᠡᠮᠨᠡᠯᠭᠡ ᠶᠢᠨ ᠡᠮᠴᠢᠯᠡᠭᠡᠨ ᠤ ᠣᠨᠣᠰᠢᠯᠠᠯᠲᠠ ᠶᠢᠨ | ᠤᠬᠠᠭᠠᠨ᠂ ᠮᠠᠯ ᠡᠮᠨᠡᠯᠭᠡ ᠶᠢᠨ ᠳᠣᠲᠣᠭᠠᠳᠤ ᠶᠢᠨ ᠰᠢᠨᠵᠢᠯᠡᠬᠦ ᠤᠬᠠᠭᠠᠨ᠂ ᠮᠠᠯ ᠡᠮᠨᠡᠯᠭᠡ ᠶᠢᠨ ᠭᠠᠳᠠᠷ ᠡᠮᠨᠡᠯᠭᠡ ᠬᠢᠭᠡᠳ | ᠮᠡᠰᠡ ᠵᠠᠰᠠᠯ ᠤᠨ ᠤᠬᠠᠭᠠᠨ᠂ ᠮᠠᠯ ᠡᠮᠨᠡᠯᠭᠡ ᠶᠢᠨ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ᠂ ᠬᠢᠲᠠᠳ ᠮᠠᠯ | ᠡᠮᠨᠡᠯᠭᠡ ᠶᠢᠨ ᠤᠬᠠᠭᠠᠨ ᠪᠠᠭᠲᠠᠨ᠎ᠠ᠃ | ᠶᠡᠷᠦᠩᠬᠡᠶᠢᠯᠡᠭᠰᠡᠨ ᠬᠡᠷᠡᠭᠯᠡᠭᠡᠨ ᠤ ᠬᠢᠴᠢᠶᠡᠯ ᠲᠥᠷᠥᠯ᠃ ᠡᠭᠦᠨ ᠳᠤ ᠭᠠᠭ᠋ᠠᠢ᠂ ᠵᠢᠭᠦᠷᠲᠡᠨ᠂ ᠦᠬᠡᠷ᠂ ᠬᠤᠨᠢ᠂ | ᠨᠣᠬᠠᠢ᠂ ᠮᠤᠤᠷ ᠵᠢᠴᠢ ᠪᠤᠰᠤᠳ ᠠᠮᠢᠳᠠᠨ ᠤ ᠡᠪᠡᠳᠴᠢᠨ ᠡᠮᠭᠡᠭ ᠢ ᠡᠮᠴᠢᠯᠡᠭᠡᠨ ᠳᠤ ᠣᠨᠣᠰᠢᠯᠠᠬᠤ ᠪᠠ ᠡᠮᠨᠡᠨ ᠵᠠᠰᠠᠬᠤ | ᠪᠠᠭᠲᠠᠨ᠎ᠠ᠃ | ︵ᠬᠤᠶᠠᠷ︶ ᠤᠰᠤᠨ ᠤ ᠠᠮᠢᠲᠠᠨ ᠤ ᠲᠥᠷᠥᠯ ᠤᠨ ᠰᠢᠯᠭᠠᠯᠲᠠ | ᠰᠠᠭᠤᠷᠢ ᠬᠢᠴᠢᠶᠡᠯ ᠲᠥᠷᠥᠯ᠃ ᠡᠭᠦᠨ ᠳᠤ ᠮᠠᠯ ᠡᠮᠨᠡᠯᠭᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ | ᠠᠵᠢᠯ ᠤᠨ ᠶᠣᠰᠣ ᠮᠣᠷᠠᠯ᠂ ᠤᠰᠤᠨ ᠤ ᠠᠮᠢᠲᠠᠨ ᠤ ᠠᠨᠠᠲ᠋ᠣᠮᠢ᠂ ᠨᠡᠬᠡᠳᠡᠰᠦ ᠶᠢᠨ ᠤᠬᠠᠭᠠᠨ ᠵᠢᠴᠢ ᠬᠦᠪᠦᠷᠡᠯ ᠤᠨ | ᠤᠬᠠᠭᠠᠨ᠂ ᠤᠰᠤᠨ ᠤ ᠠᠮᠢᠲᠠᠨ ᠤ ᠹᠢᠽᠢᠣᠯᠣᠭᠢ ᠶᠢᠨ ᠤᠬᠠᠭᠠᠨ᠂ ᠠᠮᠢᠲᠠᠨ ᠤ ᠠᠮᠢᠳᠤ ᠪᠣᠳᠠᠰ ᠬᠢᠮᠢ᠂ ᠵᠢᠭᠠᠰᠤᠨ ᠤ | ᠲᠥᠷᠥᠯ ᠤᠨ ᠡᠮ ᠤᠨ ᠵᠦᠢ ᠶᠢᠨ ᠤᠬᠠᠭᠠᠨ ᠪᠠᠭᠲᠠᠨ᠎ᠠ᠃ | ᠤᠷᠢᠳᠴᠢᠯᠠᠨ ᠰᠡᠷᠭᠡᠶᠢᠯᠡᠬᠦ ᠬᠢᠴᠢᠶᠡᠯ ᠲᠥᠷᠥᠯ᠃ ᠡᠭᠦᠨ ᠳᠤ ᠤᠰᠤᠨ ᠤ ᠠᠮᠢᠲᠠᠨ ᠤ ᠡᠭᠡᠯᠢᠯᠡᠭᠡ ᠶᠢᠨ | ᠰᠤᠳᠤᠯᠤᠯ᠂ ᠤᠰᠤᠨ ᠤ ᠠᠮᠢᠲᠠᠨ ᠤ ᠮᠢᠺᠷᠣᠪ ᠤᠨ ᠰᠤᠳᠤᠯᠤᠯ᠂ ᠤᠰᠤᠨ ᠤ ᠠᠮᠢᠲᠠᠨ ᠤ ᠮᠥᠯᠵᠢᠭᠦᠷ ᠬᠤᠷᠣᠬᠠᠢ ᠶᠢᠨ | ᠰᠤᠳᠤᠯᠤᠯ᠂ ᠤᠰᠤᠨ ᠭᠠᠷᠤᠯᠲᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠬᠠᠭᠠᠨ ᠪᠠᠭᠲᠠᠨ᠎ᠠ᠃ | ᠡᠮᠴᠢᠯᠡᠭᠡᠨ ᠤ ᠬᠢᠴᠢᠶᠡᠯ ᠲᠥᠷᠥᠯ᠃ ᠡᠭᠦᠨ ᠳᠤ ᠤᠰᠤᠨ ᠭᠠᠷᠤᠯᠲᠠ ᠶᠢᠨ ᠡᠮ ᠤᠨ ᠰᠤᠳᠤᠯᠤᠯ᠂ ᠤᠰᠤᠨ | ᠠᠮᠢᠲᠠᠨ ᠤ ᠡᠪᠡᠳᠴᠢᠨ ᠤ ᠰᠤᠳᠤᠯᠤᠯ᠂ ᠤᠰᠤᠨ ᠠᠮᠢᠲᠠᠨ ᠤ ᠡᠪᠡᠳᠴᠢᠨ ᠤ ᠰᠤᠳᠤᠯᠤᠯ ᠵᠡᠷᠭᠡ ᠪᠠᠭᠲᠠᠨ᠎ᠠ᠃ | ᠶᠡᠷᠦᠩᠬᠡᠶᠢᠯᠡᠭᠰᠡᠨ ᠬᠡᠷᠡᠭᠯᠡᠭᠡᠨ ᠤ ᠬᠢᠴᠢᠶᠡᠯ ᠲᠥᠷᠥᠯ᠃ ᠡᠭᠦᠨ ᠳᠤ ᠲᠡᠵᠢᠭᠡᠯ ᠪᠣᠷᠳᠤᠭ᠎ᠠ ᠬᠢᠭᠡᠳ ᠰᠢᠮ᠎ᠡ | ᠲᠡᠵᠢᠭᠡᠯ ᠤᠨ ᠤᠬᠠᠭᠠᠨ᠂ ᠲᠡᠵᠢᠭᠡᠨ ᠦᠷᠡᠵᠢᠭᠦᠯᠬᠦ ᠤᠰᠤᠨ ᠤ ᠣᠷᠴᠢᠨ ᠲᠣᠭᠤᠷᠢᠨ ᠤ ᠡᠺᠦᠯᠦᠬᠢ᠂ ᠤᠰᠤᠨ | ᠭᠠᠷᠤᠯᠲᠠ ᠶᠢᠨ ᠲᠡᠵᠢᠭᠡᠨ ᠦᠷᠡᠵᠢᠭᠦᠯᠬᠦ ᠤᠬᠠᠭᠠᠨ ᠪᠠᠭᠲᠠᠨ᠎ᠠ᠃ | ᠶᠢᠰᠦ᠂ ᠰᠢᠯᠭᠠᠯᠲᠠ ᠳᠤ ᠬᠢᠷᠢ ᠲᠡᠩᠴᠡᠭᠰᠡᠨ ᠬᠢᠷᠢ ᠪᠦᠲᠦᠮᠵᠢ ᠶᠢ ᠬᠢᠨᠠᠨ ᠲᠣᠭᠲᠠᠭᠠᠬᠤ | ᠬᠡᠰᠡᠭ ᠬᠢᠴᠢᠶᠡᠯ ᠲᠥᠷᠥᠯ ᠤᠨ ᠰᠢᠯᠭᠠᠯᠲᠠ ᠳᠤ ᠨᠡᠷ᠎ᠡ ᠮᠡᠳᠡᠭᠦᠯᠦᠭᠰᠡᠳ ᠤᠨ 60 ᠬᠤᠪᠢ ᠨᠢ ᠲᠠᠩ | ᠬᠢᠴᠢᠶᠡᠯ ᠤᠨ ᠬᠢᠷᠢ ᠲᠡᠩᠴᠡᠬᠦ ᠬᠤᠪᠢ ᠶᠢᠨ ᠱᠤᠭᠤᠮ ᠪᠠᠶᠢᠵᠤ᠂ ᠲᠠᠩ ᠬᠢᠴᠢᠶᠡᠯ ᠤᠨ ᠬᠢᠷᠢ ᠲᠡᠩᠴᠡᠬᠦ ᠬᠢᠷᠢ | ᠪᠦᠲᠦᠮᠵᠢ ᠨᠢ 3 ᠵᠢᠯ ᠤᠨ ᠳᠣᠲᠣᠷ᠎ᠠ ᠬᠦᠴᠦᠨ ᠲᠠᠢ᠃ 3 ᠵᠢᠯ ᠳᠠᠷᠠᠭᠠᠯᠠᠨ ᠪᠥᠬᠦ ᠬᠢᠴᠢᠶᠡᠯ ᠲᠥᠷᠥᠯ ᠤᠨ ᠬᠢᠷᠢ | ᠪᠦᠲᠦᠮᠵᠢ ᠨᠢ ᠬᠢᠷᠢ ᠲᠡᠩᠴᠡᠭᠰᠡᠨ ᠪᠠᠶᠢᠪᠠᠯ᠂ ᠰᠢᠯᠭᠠᠯᠲᠠ ᠳᠤ ᠬᠢᠷᠢ ᠲᠡᠩᠴᠡᠭᠰᠡᠨ ᠢᠶᠠᠷ ᠪᠤᠳᠤᠨ᠎ᠠ᠃ | ᠨᠢᠭᠡ ᠯᠡ ᠤᠳᠠᠭ᠎ᠠ ᠳᠤ 4 ᠲᠥᠷᠥᠯ ᠤᠨ ᠬᠢᠴᠢᠶᠡᠯ ᠲᠥᠷᠥᠯ ᠤᠨ ᠰᠢᠯᠭᠠᠯᠲᠠ ᠳᠤ ᠨᠡᠷ᠎ᠡ ᠮᠡᠳᠡᠭᠦᠯᠦᠭᠰᠡᠨ | ᠪᠠᠶᠢᠪᠠᠯ᠂ ᠰᠢᠯᠭᠠᠯᠲᠠ ᠳᠤ ᠬᠢᠷᠢ ᠲᠡᠩᠴᠡᠭᠰᠡᠨ ᠶᠡᠷᠦᠩᠬᠡᠢ ᠬᠤᠪᠢ ᠶᠢᠨ ᠱᠤᠭᠤᠮ ᠢ ᠪᠥᠬᠦ ᠤᠯᠤᠰ ᠤᠨ ᠠᠵᠢᠯ | ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠵᠥᠪᠯᠡᠯ ᠠᠴᠠ ᠰᠢᠯᠭᠠᠯᠲᠠ ᠳᠠᠭᠤᠰᠤᠭᠰᠠᠨ ᠤ | ᠳᠠᠷᠠᠭ᠎ᠠ ᠨᠡᠶᠢᠲᠡᠯᠡᠨ᠎ᠡ᠃ ᠬᠡᠷᠪᠡ 4 ᠲᠥᠷᠥᠯ ᠤᠨ ᠬᠢᠴᠢᠶᠡᠯ ᠲᠥᠷᠥᠯ ᠤᠨ ᠶᠡᠷᠦᠩᠬᠡᠢ ᠬᠤᠪᠢ ᠨᠢ ᠰᠢᠯᠭᠠᠯᠲᠠ ᠳᠤ | ᠬᠢᠷᠢ ᠲᠡᠩᠴᠡᠭᠰᠡᠨ ᠶᠡᠷᠦᠩᠬᠡᠢ ᠬᠤᠪᠢ ᠶᠢᠨ ᠱᠤᠭᠤᠮ ᠳᠤ ᠬᠦᠷᠦᠭᠰᠡᠨ ᠦᠭᠡᠢ ᠪᠣᠯᠪᠠᠴᠤ ᠭᠠᠭᠴᠠ ᠲᠥᠷᠥᠯ ᠤᠨ | ᠬᠢᠴᠢᠶᠡᠯ ᠲᠥᠷᠥᠯ ᠨᠢ 60 ᠬᠤᠪᠢ ᠳᠤ ᠬᠦᠷᠦᠭᠰᠡᠨ ᠪᠠᠶᠢᠪᠠᠯ᠂ ᠭᠠᠭᠴᠠ ᠲᠥᠷᠥᠯ ᠤᠨ ᠬᠢᠴᠢᠶᠡᠯ ᠲᠥᠷᠥᠯ ᠤᠨ ᠬᠢᠷᠢ | ᠪᠦᠲᠦᠮᠵᠢ ᠨᠢ ᠬᠢᠷᠢ ᠲᠡᠩᠴᠡᠭᠰᠡᠨ ᠢᠶᠠᠷ ᠪᠤᠳᠤᠨ᠎ᠠ᠃ ᠭᠠᠭᠴᠠ ᠲᠥᠷᠥᠯ ᠤᠨ ᠬᠢᠷᠢ ᠲᠡᠩᠴᠡᠭᠰᠡᠨ ᠬᠢᠷᠢ ᠪᠦᠲᠦᠮᠵᠢ ᠶᠢ | ᠨᠢ ᠬᠡᠪ ᠢᠶᠠᠷ ᠪᠠᠶᠢᠯᠭᠠᠵᠤ᠂ 3 ᠵᠢᠯ ᠤᠨ ᠳᠣᠲᠣᠷ᠎ᠠ ᠬᠦᠴᠦᠨ ᠲᠠᠢ᠃ | ᠠᠷᠪᠠ᠂ ᠬᠢᠷᠢ ᠬᠡᠮ ᠭᠤᠶᠤᠴᠢᠯᠠᠬᠤ ᠪᠠ ᠣᠯᠭᠤᠬᠤ | ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠥᠪᠥᠷ | ᠮᠣᠩᠭᠤᠯ ᠤᠨ ᠰᠢᠯᠭᠠᠯᠲᠠ ᠶᠢᠨ ᠲᠣᠭᠤᠷᠢᠭ ᠤᠨ ᠬᠢᠷᠢ ᠪᠦᠲᠦᠮᠵᠢ ᠨᠢ ᠬᠢᠷᠢ ᠲᠡᠩᠴᠡᠭᠰᠡᠨ ᠬᠥᠮᠥᠰ ᠲᠤ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ | ᠬᠢᠷᠢ ᠬᠡᠮ ᠣᠯᠭᠤᠬᠤ ᠪᠠᠷ ᠭᠤᠶᠤᠴᠢᠯᠠᠬᠤ ᠬᠤᠯᠪᠣᠭᠳᠠᠯ ᠪᠦᠬᠦᠢ ᠵᠦᠢᠯᠡᠰ ᠤᠨ ᠠᠯᠪᠠᠨ ᠵᠠᠷ ︵ᠠᠰ ᠲᠤᠨᠢ ᠠᠯᠪᠠᠨ | ᠵᠠᠷ︶ ᠤᠨ ᠱᠠᠭᠠᠷᠳᠠᠯᠭ᠎ᠠ ᠶᠣᠰᠣᠭᠠᠷ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠠᠵᠢᠯ ᠡᠷᠭᠢᠯᠡᠬᠦ ᠮᠠᠯ ᠤᠨ | ᠡᠮᠴᠢ ᠶᠢᠨ ᠬᠢᠷᠢ ᠬᠡᠮ ᠣᠯᠭᠤᠬᠤ ᠪᠠᠷ ᠭᠤᠶᠤᠴᠢᠯᠠᠬᠤ ᠪᠠᠨ ᠳᠤᠷᠠᠳᠬᠤ ᠬᠡᠷᠡᠭᠲᠡᠢ᠃ ᠬᠢᠨᠠᠨ ᠬᠠᠷᠭᠤᠭᠤᠯᠤᠭᠠᠳ ᠬᠢᠷᠢ | ᠲᠡᠩᠴᠡᠭᠰᠡᠨ ᠳᠤ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠠᠴᠠ ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠦᠨᠡᠮᠯᠡᠯ ᠣᠯᠭᠤᠨ᠎ᠠ᠃ | ᠰᠢᠯᠭᠠᠯᠲᠠ ᠳᠤ ᠬᠢᠷᠢ ᠲᠡᠩᠴᠡᠭᠰᠡᠨ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠶᠢᠨ | ᠰᠤᠷᠭᠠᠭᠤᠯᠢ ᠳᠤ ᠪᠠᠶᠢᠭ᠎ᠠ ᠰᠤᠷᠤᠭᠴᠢᠳ ᠮᠠᠯ ᠡᠮᠨᠡᠯᠭᠡ ᠶᠢᠨ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠶᠡᠭᠡ | ᠰᠤᠷᠭᠠᠭᠤᠯᠢ ᠶᠢᠨ ᠲᠤᠰᠬᠠᠢ ᠮᠡᠷᠭᠡᠵᠢᠯ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠠᠶᠢᠬᠤ ᠬᠡᠷᠡᠭᠲᠡᠢ | ︵ᠰᠤᠷᠤᠯᠭ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ ᠠᠴᠠ ᠡᠷᠢᠵᠦ ᠣᠯᠤᠨ᠎ᠠ︶᠂ ᠡᠭᠦᠨ ᠤ ᠬᠠᠮᠲᠤ ᠬᠢᠨᠠᠨ | ᠬᠠᠷᠭᠤᠭᠤᠯᠤᠭᠠᠳ ᠬᠢᠷᠢ ᠲᠡᠩᠴᠡᠭᠰᠡᠨ ᠤ ᠲᠠᠷᠠᠭ᠎ᠠ ᠰᠠᠶ᠋ᠢ ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠢ | ᠭᠤᠶᠤᠴᠢᠯᠠᠵᠤ ᠪᠣᠯᠣᠨ᠎ᠠ᠃ | ᠠᠷᠪᠠᠨ ᠨᠢᠭᠡ᠂ ᠪᠤᠰᠤᠳ ᠵᠦᠢᠯᠡᠰ | ︵ᠨᠢᠭᠡ︶ ᠰᠢᠯᠭᠠᠯᠲᠠ ᠶᠢᠨ ᠬᠢᠷᠢ ᠪᠦᠲᠦᠮᠵᠢ ᠨᠢ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠬᠢᠷᠢ | ᠲᠡᠩᠴᠡᠬᠦ ᠪᠠᠷᠢᠮᠵᠢᠶ᠎ᠠ ᠳᠤ ᠬᠦᠷᠦᠭᠰᠡᠨ ᠬᠦᠮᠦᠰ ᠳᠠᠬᠢᠨ ᠳᠠᠪᠲᠠᠨ ᠨᠡᠷ᠎ᠡ ᠮᠡᠳᠡᠭᠦᠯᠵᠦ ᠪᠣᠯᠬᠤ ᠦᠭᠡᠢ᠃ | ︵ᠬᠤᠶᠠᠷ︶ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠪᠦᠬᠦ ᠤᠯᠤᠰ ᠤᠨ ᠠᠵᠢᠯ ᠡᠷᠬᠢᠯᠡᠬᠦ | ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠣᠷᠣᠯᠴᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠲᠤᠰ | ᠠᠯᠪᠠᠨ ᠵᠠᠷ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ | ︵ᠭᠤᠷᠪᠠ︶ ᠰᠢᠯᠭᠠᠭᠤᠯᠤᠭᠴᠢ ᠰᠢᠯᠭᠠᠯᠲᠠ ᠶᠢᠨ ᠬᠥᠲᠥᠯᠪᠦᠷᠢ ᠶᠢ ᠦᠨᠳᠦᠰᠦᠯᠡᠨ ᠳᠠᠪᠲᠠᠵᠤ᠂ ᠰᠢᠯᠭᠠᠯᠲᠠ ᠳᠤ | ᠪᠡᠯᠡᠳᠬᠡᠵᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠨᠢ ᠰᠢᠯᠭᠠᠯᠲᠠ ᠠᠴᠠ ᠡᠮᠦᠨᠡᠬᠢ ᠪᠣᠯᠪᠠᠰᠤᠷᠠᠯ ᠤᠨ ᠠᠩᠭᠢ ᠡᠷᠭᠢᠯᠡᠬᠦ ᠦᠭᠡᠢ᠂ ᠪᠠᠰᠠ | ᠶᠠᠮᠠᠷᠪᠠ ᠨᠢᠭᠡᠴᠡ ᠳᠤ ᠨᠠᠶᠢᠳᠠᠵᠤ ᠰᠢᠯᠭᠠᠯᠲᠠ ᠠᠴᠠ ᠡᠮᠦᠨᠡᠬᠢ ᠪᠣᠯᠪᠠᠰᠤᠷᠠᠯ ᠤᠨ ᠬᠠᠪᠰᠤᠷᠤᠨ ᠵᠢᠯᠣᠭᠤᠳᠤᠯᠭ᠎ᠠ | ᠥᠷᠨᠢᠭᠦᠯᠬᠦ ᠦᠭᠡᠢ᠃ | ︵ᠳᠥᠷᠪᠡ︶ ᠥᠪᠥᠷ ᠮᠣᠩᠭᠤᠯ ᠤᠨ ᠰᠢᠯᠭᠠᠯᠲᠠ ᠶᠢᠨ ᠲᠣᠭᠤᠷᠢᠭ ᠤᠨ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠤᠨ ᠠᠰᠠᠭᠤᠨ ᠯᠠᠪᠯᠠᠬᠤ ᠤᠲᠠᠰᠤ᠄ 0471︱6652269᠃ | | ᠳᠠᠭᠠᠯᠳᠤᠭᠤᠯᠤᠯ᠄ 1.ᠮᠠᠯ ᠡᠮᠨᠡᠯᠭᠡ ᠶᠢᠨ ᠶᠡᠷᠦᠩᠬᠡᠢ ᠰᠠᠯᠠᠭᠠᠨ ᠤ ᠲᠥᠷᠥᠯ ᠤᠨ ᠰᠢᠯᠭᠠᠯᠲᠠ ᠳᠤ ᠨᠡᠷ᠎ᠡ | ᠮᠡᠳᠡᠭᠦᠯᠬᠦ ᠲᠤᠰᠬᠠᠢ ᠮᠡᠷᠭᠡᠵᠢᠯ ᠤᠨ ᠭᠠᠷᠴᠠᠭᠯᠠᠯ | 2.ᠤᠰᠤᠨ ᠤ ᠠᠮᠢᠲᠠᠨ ᠤ ᠲᠥᠷᠥᠯ ᠤᠨ ᠰᠢᠯᠭᠠᠯᠲᠠ ᠳᠤ ᠨᠡᠷ᠎ᠡ ᠮᠡᠳᠡᠭᠦᠯᠬᠦ ᠲᠤᠰᠬᠠᠢ ᠮᠡᠷᠭᠡᠵᠢᠯ ᠤᠨ | ᠭᠠᠷᠴᠠᠭᠯᠠᠯ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2025 ᠣᠨ ᠤ 1 ᠰᠠᠷ᠎ᠠ ᠶᠢᠨ 6 ᠤ ᠡᠳᠦᠷ | |