ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ | ᠤ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ ᠠᠷᠤ ᠬᠤᠷᠴᠢᠨ ᠬᠤᠰᠢᠭᠤ᠂ ᠬᠤᠷᠴᠢᠨ ᠵᠡᠭᠦᠨ ᠭᠠᠷᠤᠨ | ᠳᠤᠮᠳᠠᠳᠤ ᠬᠤᠰᠢᠭᠤ᠂ ᠵᠠᠷᠤᠳ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠥᠳᠡᠭᠡ ᠠᠵᠤ | ᠠᠬᠤᠢ ᠬᠥᠳᠡᠭᠡ ᠲᠣᠰᠬᠤᠨ ᠤ ᠶᠠᠮᠤᠨ ᠤ ᠲᠦᠷᠦᠭᠦᠬᠡᠨ ᠨᠡᠶᠢᠲᠡᠯᠡᠭᠰᠡᠨ ᠵᠡᠭᠦᠨ ᠬᠤᠶᠢᠲᠤ ᠶᠢᠨ ᠬᠠᠷ᠎ᠠ ᠬᠥᠷᠥᠰᠥᠲᠦ | ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠨᠡᠶᠢᠲᠡᠯᠢᠭ ᠵᠢᠱᠢᠶ᠎ᠡ ᠪᠠᠷ ᠰᠣᠩᠭᠤᠭᠳᠠᠪᠠ᠃ | 2020 - 2024 ᠣᠨ ᠳᠤ ᠮᠠᠨ ᠤ ᠣᠷᠣᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠨᠡᠶᠢᠲᠡ | 8091 ᠲᠦᠮᠡᠨ ᠮᠦ ᠤᠳᠠᠭ᠎ᠠ ᠬᠡᠷᠡᠭᠵᠢᠭᠦᠯᠵᠦ᠂ ᠤᠯᠤᠰ ᠠᠴᠠ ᠪᠠᠭᠤᠯᠭᠠᠭᠰᠠᠨ ᠣᠨ ᠤ ᠡᠭᠦᠷᠭᠡ ᠶᠢ 5 ᠵᠢᠯ | ᠳᠠᠷᠠᠭᠠᠯᠠᠨ ᠳᠠᠪᠠᠭᠤᠯᠤᠨ ᠪᠡᠶᠡᠯᠡᠭᠦᠯᠵᠡᠢ᠃ 2024 ᠣᠨ ᠳᠤ ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠳᠦᠷᠢᠮ︾ ᠢ ᠨᠡᠶᠢᠲᠡᠯᠡᠵᠦ᠂ ᠭᠤᠣᠯᠳᠠᠭᠤ ᠡᠰᠢ | ᠰᠦᠷᠡᠯ ᠢ ᠪᠠᠭ᠎ᠠ ᠬᠡᠮᠵᠢᠶ᠎ᠡ ᠪᠠᠷ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠭᠦᠶᠦᠬᠡᠨ ᠬᠠᠭᠠᠯᠪᠤᠷᠢᠯᠠᠵᠤ ᠲᠠᠷᠢᠬᠤ᠂ | ᠡᠰᠢ ᠰᠦᠷᠡᠯ ᠢ ᠬᠡᠰᠡᠭ ᠭᠠᠵᠠᠷ ᠲᠤ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠭᠦᠶᠦᠬᠡᠨ ᠬᠠᠭᠠᠯᠪᠤᠷᠢᠯᠠᠵᠤ | ᠲᠠᠷᠢᠬᠤ᠂ ᠡᠰᠢ ᠰᠦᠷᠡᠯ ᠢ ᠪᠦᠭᠦᠨ ᠢ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠭᠦᠶᠦᠬᠡᠨ ᠬᠠᠭᠠᠯᠪᠤᠷᠢᠯᠠᠵᠤ | ᠲᠠᠷᠢᠬᠤ ᠵᠡᠷᠭᠡ 3 ᠵᠦᠢᠯ ᠤᠨ ᠮᠡᠷᠭᠡᠵᠢᠯ ᠤᠨ ᠵᠠᠭᠪᠤᠷ ᠢ ᠨᠡᠶᠢᠲᠡᠯᠡᠨ ᠬᠡᠷᠡᠭᠵᠢᠭᠦᠯᠪᠡ᠃ ︽ᠬᠠᠷ᠎ᠠ ᠬᠥᠷᠥᠰᠥᠲᠦ ᠭᠠᠵᠠᠷ | ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠤᠨ ᠵᠠᠭᠪᠤᠷ︾ ᠢ ᠳᠠᠷᠤᠮᠠᠯᠯᠠᠨ ᠲᠠᠷᠬᠠᠭᠠᠵᠤ᠂ ᠪᠦᠭᠦ | ᠣᠷᠣᠨ ᠤ 9 ᠰᠢᠶᠠᠨ ᠳᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠪᠦᠬᠦᠯᠢ ᠴᠣᠭᠴᠠ ᠪᠠᠷ ᠠᠬᠢᠭᠤᠯᠤᠨ᠂ | 47 ᠰᠢᠶᠠᠨ ᠤ ᠱᠠᠲᠤ᠂ 11 ᠰᠢᠶᠠᠩ ᠤᠨ ᠱᠠᠲᠤ᠂ 30 ᠲᠣᠰᠬᠤᠨ ᠤ ᠲᠠᠰ ᠤᠨ ︽ᠬᠠᠷ᠎ᠠ ᠬᠥᠷᠥᠰᠥᠲᠦ ᠭᠠᠵᠠᠷ ᠤᠨ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠤᠨ ᠵᠠᠭᠪᠤᠷ︾ ᠤᠨ ᠬᠡᠷᠡᠭᠯᠡᠭᠡᠨ ᠤ ᠰᠠᠭᠤᠷᠢᠨ ᠢ ᠨᠡᠶᠢᠳᠡ | 160 ᠪᠠᠶᠢᠭᠤᠯᠵᠤ᠂ ᠪᠦᠭᠦ ᠲᠠᠯᠠᠪᠠᠶ ᠨᠢ 2890.93 ᠲᠦᠮᠡᠨ ᠮᠦ ᠳᠤ ᠬᠦᠷᠴᠦ᠂ ᠪᠠᠭᠤᠯᠭᠠᠭᠰᠠᠨ ᠡᠭᠦᠷᠭᠡ ᠶᠢ | 33.8% ᠪᠠᠷ ᠳᠠᠪᠠᠭᠤᠯᠤᠨ ᠪᠡᠶᠡᠯᠡᠭᠦᠯᠪᠡ᠃ | ᠬᠢᠨᠠᠨ ᠬᠡᠮᠵᠢᠯᠲᠡ ᠶᠢᠨ ᠦᠷ᠎ᠡ ᠳ᠋ᠦᠩ ᠠᠴᠠ ᠦᠵᠡᠪᠡᠯ᠂ ᠪᠦᠭᠦ ᠣᠷᠣᠨ ᠤ ᠬᠠᠮᠢᠶ᠎ᠠ ᠪᠦᠬᠦᠢ ᠭᠠᠵᠠᠷ ᠤᠨ ᠬᠢᠨ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠢ ᠬᠡᠷᠡᠭᠵᠢᠭᠦᠯᠦᠭᠰᠡᠨ ᠠᠴᠠ ᠡᠰᠢ ᠰᠦᠷᠡᠯ ᠰᠢᠲᠠᠭᠠᠬᠤ ᠶᠢ | ᠪᠠᠭᠠᠰᠬᠠᠭᠰᠠᠨ ᠪᠤᠶᠤ ᠵᠣᠭᠰᠣᠭᠠᠭᠰᠠᠨ ᠢᠶᠠᠷ ᠪᠠᠷᠠᠬᠤ ᠦᠭᠡᠢ᠂ ᠲᠠᠷᠢᠶᠠᠨ ᠭᠠᠵᠠᠷ ᠤᠨ ᠰᠠᠯᠬᠢᠨ ᠳᠤ ᠢᠳᠡᠭᠳᠡᠵᠦ | ᠤᠰᠤᠨ ᠳᠤ ᠢᠳᠡᠭᠳᠡᠬᠦ ᠶᠢ ᠪᠦᠲᠦᠮᠵᠢᠲᠡᠶ ᠬᠥᠩᠭᠡᠷᠡᠭᠦᠯᠵᠦ᠂ ᠲᠣᠭᠤᠰᠣ ᠳᠡᠭᠳᠡᠬᠦ ᠨᠤᠷᠮ᠎ᠠ ᠶᠢ 80% ᠪᠠᠷ ᠪᠠᠭᠠᠰᠬᠠᠨ᠂ | ᠬᠥᠷᠥᠰᠥ ᠰᠢᠷᠣᠢ ᠶᠢᠨ ᠣᠷᠭᠠᠨᠢᠭ ᠪᠣᠳᠠᠰ ᠤᠨ ᠠᠭᠤᠯᠤᠭᠳᠠᠴᠠ ᠶᠢ ᠨᠠᠭᠠᠲᠤ ᠵᠠᠬ᠎ᠠ ᠳᠠᠭᠠᠨ ᠵᠠᠭᠤᠨ ᠤ ᠬᠠᠷᠢᠴᠠᠯ | ᠢᠶᠠᠷ 0.2 - 0.4 ᠬᠤᠪᠢ ᠨᠡᠮᠡᠭᠳᠡᠭᠦᠯᠵᠦ᠂ ᠬᠥᠷᠥᠰᠥ ᠰᠢᠷᠣᠢ ᠶᠢᠨ ᠤᠰᠤ ᠬᠠᠳᠠᠭᠠᠯᠠᠵᠤ ᠴᠢᠭᠢᠭ ᠢ ᠬᠠᠮᠠᠭᠠᠯᠠᠬᠤ | ᠴᠢᠳᠠᠪᠤᠷᠢ ᠵᠢᠴᠢ ᠴᠢᠬᠢ ᠪᠠᠷᠢᠬᠤ ᠨᠤᠷᠮ᠎ᠠ ᠶᠢ ᠪᠦᠲᠦᠮᠵᠢᠲᠡᠢ ᠳᠡᠭᠡᠭᠰᠢᠯᠡᠭᠦᠯᠪᠡ᠃ ᠡᠭᠦᠨ ᠤ ᠬᠠᠮᠲᠤ ᠮᠦ ᠨᠢᠭᠡᠴᠢ ᠶᠢᠨ | ᠭᠦᠳᠡᠯᠮᠤᠷᠢ ᠬᠦᠴᠦᠨ ᠤ ᠥᠪᠡᠷ ᠤᠨ ᠥᠷᠲᠡᠭ ᠢ 16 - 90 ᠲᠥᠭᠦᠷᠢᠭ ᠠᠷᠪᠢᠯᠠᠵᠤ᠂ ᠲᠠᠷᠢᠮᠠᠯ ᠤᠨ ᠰᠠᠭᠤᠷᠢ ᠶᠢᠨ | ᠲᠤᠭ᠎ᠠ ᠶᠢ 1000 -1200 ᠨᠡᠮᠡᠭᠳᠡᠭᠦᠯᠦᠨ᠂ ᠤᠨᠠᠯᠲᠠ ᠶᠢ 17% - 20% ᠪᠠᠷ ᠳᠡᠭᠡᠭᠰᠢᠯᠡᠭᠦᠯᠵᠦ᠂ ᠠᠮᠢ | ᠠᠬᠤᠢ ᠪᠠ ᠠᠵᠤ ᠠᠬᠤᠢ ᠵᠡᠷᠭᠡ ᠤᠯᠠᠨ ᠲᠠᠯ᠎ᠠ ᠳᠤ ᠴᠢᠬᠤᠯᠠ ᠦᠢᠯᠡᠳᠦᠯ ᠢ ᠪᠠᠳᠠᠷᠠᠭᠤᠯᠤᠭᠰᠠᠨ ᠪᠠᠶᠢᠨ᠎ᠠ᠃ |