2 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠡᠳ᠋ | ᠳᠠᠷᠤᠭ᠎ᠠ ᠵᠣᠣ ᠳ᠋ᠠ ᠵᠢᠶᠦ᠋ᠨ ᠨᠠᠷ ᠮᠠᠨ ᠤ ᠲᠢᠩᠬᠢᠮ ᠳᠤ ᠢᠷᠡᠵᠦ ᠭᠤᠣᠯᠳᠠᠯᠭ᠎ᠠ ᠲᠠᠢ ᠠᠵᠢᠯ ᠢ ᠵᠣᠯᠭᠠᠭᠤᠯᠤᠨ | ᠰᠣᠯᠢᠯᠴᠠᠪᠠ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ | ᠳᠠᠷᠤᠭ᠎ᠠ ᠬᠠᠢ ᠱᠠᠨ᠂ ᠲᠥᠯᠥᠪᠯᠡᠭᠡ ᠬᠢᠭᠡᠳ ᠡᠳ᠋ ᠤᠨ ᠶᠠᠪᠤᠳᠠᠯ ᠤᠨ ᠭᠠᠵᠠᠷ᠂ ᠲᠠᠷᠢᠮᠠᠯ ᠤᠨ ᠦᠢᠯᠡᠰ ᠤᠨ | ᠬᠠᠮᠢᠶᠠᠷᠤᠯᠲᠠ ᠶᠢᠨ ᠭᠠᠵᠠᠷ᠂ ᠮᠠᠯ ᠠᠵᠤ ᠠᠬᠤᠢ ᠶᠢᠨ ᠲᠣᠪᠴᠢᠶ᠎ᠠ᠂ ᠬᠠᠪᠰᠤᠷᠤᠨ ᠲᠡᠳᠬᠦᠬᠦ ᠭᠠᠵᠠᠷ᠂ ᠲᠠᠷᠢᠶᠠᠯᠠᠩ ᠤᠨ | ᠮᠠᠰᠢᠨ ᠤ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠵᠣᠯᠭᠠᠭᠤᠯᠬᠤ ᠬᠤᠷᠠᠯ ᠳᠤ ᠣᠷᠣᠯᠴᠠᠪᠠ᠃ | | | | ᠡᠳ᠋ ᠤᠨ ᠵᠠᠰᠠᠭ ᠤᠨ ᠲᠢᠩᠬᠢᠮ ᠤᠨ ᠳᠡᠳ᠋ ᠳᠠᠷᠤᠭ᠎ᠠ ᠵᠣᠣ ᠳ᠋ᠠ ᠵᠢᠶᠦ᠋ᠨ ᠠᠴᠠ ᠪᠡᠯᠡ ᠮᠥᠩᠭᠦᠨ ᠤ | ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠬᠤ᠂ ᠲᠤᠰᠬᠠᠢ ᠪᠡᠯᠡ ᠮᠥᠩᠭᠦ ᠬᠤᠪᠢᠶᠠᠷᠢᠯᠠᠬᠤ᠂ | ᠭᠤᠣᠯᠳᠠᠯᠭ᠎ᠠ ᠲᠠᠢ ᠠᠵᠢᠯ ᠢ ᠪᠠᠲᠤᠯᠠᠬᠤ᠂ ᠤᠯᠤᠰ ᠤᠨ ᠲᠥᠷᠥᠯ ᠵᠦᠢᠯ ᠤᠨ ᠪᠡᠯᠡ ᠮᠥᠩᠭᠦ ᠶᠢ ᠲᠡᠮᠡᠴᠡᠨ ᠣᠯᠬᠤ᠂ | ᠲᠠᠰ ᠳᠡᠪᠰᠢᠭᠦᠯᠦᠨ ᠲᠠᠷᠬᠠᠭᠠᠬᠤ᠂ ᠲᠠᠷᠢᠶᠠᠯᠠᠩ ᠤᠨ ᠮᠠᠰᠢᠨ ᠤ ᠨᠥᠬᠦᠪᠦᠷᠢ ᠶᠢ ᠭᠦᠢᠴᠡᠳᠬᠡᠬᠦ ᠦᠢᠯᠡᠴᠢᠯᠡᠭᠡᠨ ᠤ | ᠰᠢᠰᠲ᠋ᠧᠮ ᠢ ᠰᠢᠯᠢᠳᠡᠭᠵᠢᠭᠦᠯᠦᠨ ᠲᠠᠰ ᠳᠡᠪᠰᠢᠭᠦᠯᠬᠦ᠂ ᠲᠥᠪ ᠠᠴᠠ ᠰᠢᠯᠵᠢᠭᠦᠯᠦᠨ ᠥᠭᠭᠦᠭᠰᠡᠨ ᠠᠵᠢᠯ ᠤᠨ ᠠᠮᠵᠢᠯᠲᠠ | ᠪᠦᠲᠦᠮᠵᠢ ᠶᠢ ᠦᠨᠡᠯᠡᠬᠦ᠂ ᠭᠤᠣᠯᠳᠠᠯᠭ᠎ᠠ ᠲᠠᠢ ᠠᠵᠢᠯ ᠤᠨ ᠠᠮᠵᠢᠯᠲᠠ ᠪᠦᠲᠦᠮᠵᠢ ᠶᠢ ᠦᠨᠡᠯᠡᠵᠦ ᠴᠡᠭᠴᠡᠯᠡᠨ | ᠰᠠᠶᠢᠵᠢᠷᠠᠭᠤᠯᠬᠤ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ | ᠡᠳ᠋ ᠤᠨ ᠶᠠᠪᠤᠳᠠᠯ ᠤᠨ ᠺᠠᠳ᠋ᠷ ᠤᠨ ᠡᠩᠨᠡᠭᠡ ᠶᠢᠨ ᠬᠦᠴᠦᠨ ᠢ ᠴᠢᠩᠭᠠᠳᠬᠠᠬᠤ ᠵᠡᠷᠭᠡ ᠲᠣᠭᠤᠷᠢᠨ ᠳᠤ 9 ᠲᠠᠯ᠎ᠠ ᠪᠠᠷ | ᠰᠠᠨᠠᠯ ᠰᠠᠨᠠᠭᠤᠯᠭ᠎ᠠ ᠳᠤᠷᠠᠳᠪᠠ᠃ | | | | | ᠲᠢᠩᠬᠢᠮ ᠤᠨ ᠳᠡᠳ᠋ ᠳᠠᠷᠤᠭ᠎ᠠ ᠬᠠᠢ ᠱᠠᠨ ᠠᠴᠠ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠢ ᠲᠥᠯᠥᠭᠡᠯᠡᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ | ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠭᠰᠡᠭᠡᠷ ᠢᠷᠡᠭᠰᠡᠨ ᠳᠤ ᠲᠠᠯᠠᠷᠬᠠᠪᠠ᠃ | ᠨᠢᠳᠤᠨᠤᠨ ᠠᠴᠠ ᠨᠠᠭᠠᠰᠢ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | ᠳᠦᠷᠢᠮ ᠲᠣᠭᠲᠠᠴᠠ ᠶᠢᠨ ᠪᠠᠶᠢᠭᠤᠯᠤᠯᠲᠠ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ᠂ | ᠲᠥᠷᠥᠯ ᠵᠦᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠲᠠᠷᠢᠶᠠᠯᠠᠩ ᠮᠠᠯ ᠠᠵᠤ | ᠠᠬᠤᠢ ᠶᠢᠨ ᠬᠦᠷᠢᠶᠡᠴᠠᠷᠠᠭᠠᠨ ᠳᠠᠬᠢ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠣᠬᠢᠬᠤ ᠠᠮᠵᠢᠯᠲᠠ | ᠪᠦᠲᠦᠮᠵᠢ ᠣᠯᠣᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ | ᠰᠤᠳᠤᠯᠵᠤ᠂ ᠲᠥᠷᠥᠯ ᠵᠦᠢᠯ ᠤᠨ ᠲᠥᠯᠦᠪᠵᠢᠭᠦᠯᠭᠡ ᠶᠢ ᠴᠢᠩᠭᠠᠳᠬᠠᠨ᠂ ᠪᠡᠯᠡ ᠮᠥᠩᠭᠦ ᠶᠢᠨ ᠬᠠᠮᠢᠶᠠᠷᠤᠯᠲᠠ ᠶᠢᠨ | ᠳᠦᠷᠢᠮ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠲᠢᠩᠬᠢᠮ ᠯᠦᠭᠡ ᠶᠢᠨ | ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠨ᠂ ᠤᠯᠤᠰ ᠤᠨ ᠲᠥᠷᠥᠯ ᠵᠦᠢᠯ ᠤᠨ ᠪᠡᠯᠡ ᠮᠥᠩᠭᠦ ᠶᠢᠨ | ᠳᠡᠮᠵᠢᠯᠭᠡ ᠶᠢ ᠲᠡᠮᠡᠴᠡᠨ ᠣᠯᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠵᠢᠯ ᠤᠨ ᠡᠯ᠎ᠡ ᠵᠦᠢᠯ ᠤᠨ ᠠᠵᠢᠯ ᠢᠶᠠᠨ | ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ |