2025 ᠣᠨ ᠤ ᠭᠤᠣᠯ ᠪᠣᠯᠬᠤ ᠲᠠᠷᠢᠮᠠᠯ ᠤᠨ ᠡᠭᠦᠯᠳᠡᠷ ᠤᠨ ᠬᠢᠨᠠᠨ ᠲᠣᠭᠲᠠᠭᠠᠯᠲᠠ ᠶᠢᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/2/10
ᠬᠤᠯᠪᠣᠭᠳᠠᠯ ᠪᠦᠬᠦᠢ ᠨᠢᠭᠡᠴᠡ ᠳᠤ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ︽ᠭᠤᠣᠯ ᠪᠣᠯᠬᠤ ᠲᠠᠷᠢᠮᠠᠯ ᠤᠨ ᠡᠭᠦᠯᠳᠡᠷ ᠤᠨ ᠬᠢᠨᠠᠨ ᠲᠣᠭᠲᠠᠭᠠᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠳᠦᠭᠡ 2025 ᠣᠨ ᠤ ᠭᠤᠣᠯ ᠪᠣᠯᠬᠤ ᠲᠠᠷᠢᠮᠠᠯ ᠤᠨ ᠡᠭᠦᠯᠳᠡᠷ ᠤᠨ ᠬᠢᠨᠠᠨ ᠲᠣᠭᠲᠠᠭᠠᠯᠲᠠ ᠶᠢᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠭᠤᠶᠤᠴᠢᠯᠠᠬᠤ ᠮᠠᠲ᠋ᠧᠷᠢᠶᠠᠯ      ᠭᠤᠶᠤᠴᠢᠯᠠᠭᠴᠢ ᠳᠣᠣᠷᠠᠬᠢ ᠮᠡᠲᠦ ᠴᠠᠭᠠᠰᠤᠨ ᠮᠠᠲ᠋ᠧᠷᠢᠶᠠᠯ ᠢ ᠲᠤᠰᠢᠶᠠᠨ᠎ᠠ       1. ᠭᠤᠶᠤᠴᠢᠯᠠᠯ ᠤᠨ ᠪᠢᠴᠢᠭ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠭᠤᠶᠤᠴᠢᠯᠠᠯ ᠤᠨ ᠪᠢᠴᠢᠭ ᠢ ᠥᠪᠡᠰᠦᠪᠡᠨ ᠪᠠᠭᠤᠯᠭᠠᠬᠤ ᠶᠢᠨ ᠬᠠᠮᠲᠤ ᠵᠠᠭᠪᠤᠷ ᠢᠶᠠᠷ ᠬᠠᠮᠢᠶ᠎ᠠ ᠪᠦᠬᠦᠢ ᠠᠭᠤᠯᠭ᠎ᠠ ᠶᠢ ᠲᠠᠭᠯᠠᠨ ᠮᠡᠳᠡᠭᠦᠯᠦᠭᠡᠷᠡᠢ ︵ᠡᠭᠦᠨ ᠳᠤ ᠲᠥᠷᠥᠯ ᠵᠦᠢᠯ ᠢ ᠰᠣᠩᠭᠤᠨ ᠪᠣᠶᠢᠵᠢᠭᠤᠯᠤᠭᠰᠠᠨ ᠪᠠᠶᠢᠳᠠᠯ ᠤᠨ ᠲᠣᠶᠢᠮᠣᠴᠢᠯᠠᠯ ᠨᠢ ᠪᠥᠬᠦ ᠲᠠᠯ᠎ᠠ ᠶᠢᠨ᠂ ᠨᠠᠷᠢᠨ ᠲᠣᠳᠣᠷᠬᠠᠢ ᠪᠠᠶᠢᠬᠤ ᠬᠡᠷᠡᠭᠲᠡᠢ᠂ ᠢᠯᠠᠩᠭᠤᠶ᠎ᠠ ᠡᠴᠢᠭᠡ ᠡᠬᠡ ᠪᠡᠶ᠎ᠡ ᠶᠢᠨ ᠢᠷᠡᠯᠲᠡ ᠶᠢ ᠵᠠᠪᠠᠯ ᠲᠣᠳᠣᠷᠬᠠᠢ ᠲᠣᠭᠠᠴᠢᠬᠤ ᠬᠡᠷᠡᠭᠲᠡᠢ︶᠃ ᠲᠥᠷᠥᠯ ᠵᠦᠢᠯ ᠤᠨ ᠲᠤᠷᠰᠢᠯᠲᠠ ᠶᠢᠨ ᠲᠤᠭ᠎ᠠ ᠪᠠᠷᠢᠮᠲᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠠᠯᠪᠠᠨ ᠰᠦᠯᠵᠢᠶ᠎ᠡ ᠶᠢᠨ ᠨᠡᠶᠢᠲᠡᠯᠡᠭᠰᠡᠨ ᠠᠭᠤᠯᠭ᠎ᠠ ᠶᠢᠨ ᠶᠣᠰᠣᠭᠠᠷ ᠲᠠᠭᠯᠠᠨ ᠮᠡᠳᠡᠭᠦᠯᠵᠦ᠂ ᠪᠡᠶ᠎ᠡ ᠪᠠᠨ ᠳᠠᠭᠠᠭᠠᠵᠤ ᠲᠤᠷᠰᠢᠯᠲᠠ ᠬᠢᠭᠰᠡᠨ ᠲᠤᠭ᠎ᠠ ᠪᠠᠷᠢᠮᠲᠠ ᠶᠢ ᠭᠤᠶᠤᠴᠢᠯᠠᠭᠴᠢ ᠠᠴᠠ ᠬᠠᠩᠭᠠᠬᠤ ᠶᠢᠨ ᠬᠠᠮᠲᠤ ᠦᠨᠡᠨ ᠪᠣᠳᠠᠲᠤ ᠴᠢᠨᠠᠷ ᠲᠤᠨᠢ ᠬᠠᠷᠢᠭᠤᠴᠠᠬᠤᠬᠡᠷᠡᠭᠲᠡᠢ᠃      2. ᠶᠠᠰᠤ ᠴᠢᠨᠠᠷ᠂ ᠡᠰᠡᠷᠭᠦᠴᠡᠬᠦ ᠴᠢᠨᠠᠷ ᠤᠨ ᠬᠢᠨᠠᠨ ᠲᠣᠭᠲᠠᠭᠠᠯᠲᠠ᠂ ᠭᠧᠨ ᠬᠤᠪᠢᠷᠠᠭᠤᠯᠤᠭᠰᠠᠨ ᠪᠠ DNA ᠪᠠᠶᠢᠴᠠᠭᠠᠨ ᠰᠢᠯᠭᠠᠭᠰᠠᠨ ᠮᠡᠳᠡᠭᠦᠯᠦᠯᠲᠡ᠃ ᠭᠤᠶᠤᠴᠢᠯᠠᠭᠴᠢ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢᠨ ᠶᠣᠰᠣᠭᠠᠷ ᠥᠪᠡᠷ ᠢᠶᠠᠨ ᠲᠠᠭᠯᠠᠨ ᠮᠡᠳᠡᠭᠦᠯᠬᠦ ᠶᠢᠨ ᠬᠠᠮᠲᠤ ᠪᠠᠭᠤᠯᠭᠠᠪᠤᠷᠢ ᠶᠢ ᠳᠠᠭᠠᠯᠳᠤᠭᠤᠯᠬᠤ ᠬᠡᠷᠡᠭᠲᠡᠢ᠃ ᠡᠭᠦᠨ ᠳᠤ᠂ DNA ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠨᠢ ᠬᠡᠷᠪᠡ ᠡᠯ᠎ᠡ ᠲᠦᠷᠦᠯ ᠵᠦᠢᠯ ᠤᠨ ᠬᠤᠷᠢᠶᠠᠩᠭᠤᠶᠢᠯᠠᠭᠰᠠᠨ ᠮᠡᠳᠡᠭᠦᠯᠦᠯᠲᠡ ᠪᠣᠯᠬᠤ ᠮᠥᠷᠲᠡᠭᠡᠨ ᠲᠤᠰ ᠲᠦᠷᠦᠯ ᠵᠦᠢᠯ ᠳᠤ ᠲᠣᠳᠣᠷᠬᠠᠶᠢᠯᠠᠬᠤ ᠴᠢᠬᠤᠯᠠ ᠦᠭᠡᠢ ᠪᠠᠶᠢᠳᠠᠯ ᠪᠠᠶᠢᠪᠠᠯ᠂ ᠵᠥᠪᠬᠡᠨ ᠭᠤᠶᠤᠴᠢᠯᠠᠯ ᠤᠨ ᠪᠢᠴᠢᠭ ᠲᠤ ᠵᠣᠬᠢᠴᠠᠩᠭᠤᠢ ᠠᠭᠤᠯᠭ᠎ᠠ ᠶᠢ ᠲᠠᠭᠯᠠᠪᠠᠯ ᠪᠣᠯᠴᠢᠬᠠᠨ᠎ᠠ᠂ ᠬᠤᠷᠢᠶᠠᠩᠭᠤᠶᠢᠯᠠᠭᠰᠠᠨ ᠮᠡᠳᠡᠭᠦᠯᠦᠯᠲᠡ ᠶᠢ ᠳᠠᠭᠠᠯᠳᠤᠭᠤᠯᠬᠤ ᠴᠢᠬᠤᠯᠠ ᠦᠭᠡᠢ︔ DNA ᠪᠠᠶᠢᠴᠠᠭᠠᠨ ᠬᠡᠮᠵᠢᠯᠲᠡ ᠳᠤ ᠲᠣᠳᠣᠷᠬᠠᠶᠢᠯᠠᠬᠤ ᠴᠢᠬᠤᠯᠠᠲᠠᠢ ᠪᠠᠶᠢᠳᠠᠯ ᠲᠠᠢ ᠪᠠᠶᠢᠪᠠᠯ᠂ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠠᠴᠠ ᠭᠠᠳᠠᠨ᠎ᠠ᠂ ᠬᠦᠴᠦᠨ ᠪᠦᠬᠦᠢ ᠲᠣᠳᠣᠷᠬᠠᠶᠢᠯᠠᠯᠲᠠ ᠶᠢᠨ ᠮᠠᠲ᠋ᠧᠷᠢᠶᠠᠯ ᠢ ᠠᠰᠲᠠᠭᠠᠨ ᠳᠠᠭᠠᠯᠳᠤᠭᠤᠯᠬᠤ ᠬᠡᠷᠡᠭᠲᠡᠢ᠃      3. ᠥᠪᠡᠷᠮᠢᠴᠡ ᠴᠢᠨᠠᠷ᠂ ᠨᠢᠭᠡᠳᠦᠯᠲᠦ ᠴᠢᠨᠠᠷ᠂ ᠲᠣᠭᠲᠠᠪᠤᠷᠢᠲᠤ ᠴᠢᠨᠠᠷ ᠤᠨ ᠰᠢᠯᠭᠠᠯᠲᠠ ᠶᠢᠨ ᠮᠡᠳᠡᠭᠦᠯᠦᠯᠲᠡ᠃ ︽ᠮᠠᠨ ᠤ ᠣᠷᠣᠨ ᠤ ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠯᠲᠠ ᠶᠢᠨ ᠥᠪᠡᠷᠮᠢᠴᠡ ᠴᠢᠨᠠᠷ ᠨᠢᠭᠡᠳᠦᠯᠲᠦ ᠴᠢᠨᠠᠷ ᠲᠣᠭᠲᠠᠪᠤᠷᠢᠲᠤ ᠴᠢᠨᠠᠷ ᠤᠨ ᠰᠣᠷᠢᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠤᠨ ᠡᠭᠦᠯᠳᠡᠷ ᠤᠨ ᠥᠷᠲᠡᠭᠡ ᠶᠢᠨ ᠪᠦᠲᠦᠭᠡᠭᠳᠡᠬᠦᠨ ᠬᠠᠮᠢᠶᠠᠷᠤᠯᠲᠠ ᠲᠠᠷᠬᠠᠭᠠᠭᠰᠠᠨ ﹇2017﹈ 8 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ DUS ᠰᠣᠷᠢᠯᠲᠠ ᠶᠢᠨ ᠮᠡᠳᠡᠭᠦᠯᠦᠯᠲᠡ ︵ᠨᠠᠭᠠᠲᠤ ᠵᠠᠬ᠎ᠠ ᠳᠠᠭᠠᠨ ᠨᠢᠭᠡ ᠬᠤᠪᠢ ᠤᠭ ᠮᠠᠲ᠋ᠧᠷᠢᠶᠠᠯ ᠢ ᠬᠠᠩᠭᠠᠨ᠎ᠠ︶ ᠶᠢ ᠬᠠᠩᠭᠠᠨ᠎ᠠ᠃      4. ᠭᠤᠶᠤᠴᠢᠯᠠᠬᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠤᠨ ᠠᠮᠠᠯᠠᠯᠲᠠ ᠶᠢᠨ ᠪᠢᠴᠢᠭ ︵ᠳᠠᠭᠠᠯᠳᠤᠭᠤᠯᠤᠯ 1︶᠃      ᠳᠡᠭᠡᠷᠡᠬᠢ ᠳᠦᠷᠪᠡᠨ ᠵᠦᠢᠯ ᠤᠨ ᠮᠠᠲ᠋ᠧᠷᠢᠶᠠᠯ ᠢ ᠨᠡᠶᠢᠯᠡᠭᠦᠯᠦᠨ ᠳᠡᠪᠲᠡᠷᠯᠡᠵᠦ ᠨᠢᠭᠡ ᠶᠠᠩᠵᠤ ᠶᠢᠨ ᠬᠤᠶᠠᠷ ᠬᠤᠪᠢ ᠪᠣᠯᠭᠠᠬᠤ ᠬᠡᠷᠡᠭᠲᠡᠢ᠃      ᠬᠤᠶᠠᠷ᠂ ᠮᠡᠳᠡᠭᠦᠯᠬᠦ ᠴᠤᠪᠤᠷᠠᠯ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ ︵http://zwfw.nmg.gov.cn︶ ᠲᠤ ᠭᠠᠷᠴᠤ᠂ ᠰᠠᠯᠠᠭ᠎ᠠ ᠮᠥᠴᠢᠷ︱ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︱ ᠵᠠᠰᠠᠭ ᠵᠠᠬᠢᠷᠭᠠᠨ ᠤ ᠨᠤᠲᠠᠯᠠᠯᠲᠠ ᠶᠢ ᠲᠣᠪᠴᠢᠳᠠᠨ᠂ ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠵᠢᠯ ᠤᠨ ᠵᠢᠭᠠᠯᠲᠠ ᠶᠣᠰᠣᠭᠠᠷ ᠬᠠᠮᠢᠶ᠎ᠠ ᠪᠦᠬᠦᠢ ᠮᠠᠲ᠋ᠧᠷᠢᠶᠠᠯ ᠢ ᠳᠡᠭᠡᠭᠰᠢ ᠳᠠᠮᠵᠢᠭᠤᠯᠤᠨ᠎ᠠ᠃ ᠡᠰᠡᠷᠭᠦᠴᠡᠬᠦ ᠴᠢᠨᠠᠷ᠂ ᠶᠠᠰᠤ ᠴᠢᠨᠠᠷ᠂ ᠭᠧᠨ ᠰᠢᠯᠵᠢᠭᠦᠯᠦᠭᠰᠡᠨ ᠵᠡᠷᠭᠡ ᠪᠠᠶᠢᠴᠠᠭᠠᠨ ᠰᠢᠯᠭᠠᠭᠰᠠᠨ ᠦᠷ᠎ᠡ ᠳ᠋ᠦᠩ ᠳᠤ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢᠨ ᠰᠢᠷᠪᠢᠯᠲᠡ ᠶᠢᠨ ᠮᠠᠲ᠋ᠧᠷᠢᠶᠠᠯ ᠢ ᠳᠠᠮᠵᠢᠭᠤᠯᠵᠤ᠂ ᠰᠢᠷᠪᠢᠯᠲᠡ ᠶᠢᠨ ᠮᠠᠲ᠋ᠧᠷᠢᠶᠠᠯ ᠢ ᠣᠯᠣᠭᠰᠠᠨ ᠦᠭᠡᠢ ᠪᠣᠯ ᠲᠤᠷᠰᠢᠯᠲᠠ ᠶᠢᠨ ᠬᠠᠷᠢᠭᠤᠴᠠᠯᠭᠠᠲᠠᠨ ᠲᠠᠢ ᠬᠠᠷᠢᠯᠴᠠᠭᠠᠷᠠᠢ᠃      ᠭᠤᠷᠪᠠ᠂ ᠪᠤᠰᠤᠳ ᠱᠠᠭᠠᠷᠳᠠᠯᠭ᠎ᠠ      1. ᠲᠤᠰᠢᠶᠠᠭᠰᠠᠨ ᠬᠡᠷᠡᠯ ᠵᠢᠷᠤᠭ ᠢᠶᠠᠨ ᠬᠡᠷᠡᠯ ᠵᠢᠷᠤᠭ ᠤᠨ ᠴᠠᠭᠠᠰᠤ ᠪᠠᠷ ᠤᠬᠢᠶᠠᠭᠰᠠᠨ ᠤ ᠳᠠᠷᠠᠭ᠎ᠠ A4 ᠴᠠᠭᠠᠰᠤᠨ ᠳᠡᠭᠡᠷ᠎ᠡ ᠨᠠᠭᠠᠬᠤ ᠪᠤᠶᠤ ᠰᠢᠭᠤᠳ ᠪᠤᠳᠤᠭᠲᠤ ᠳᠠᠷᠤᠮᠠᠯᠯᠠᠬᠤ ᠮᠠᠰᠢᠨ ᠢᠶᠠᠷ ᠥᠨᠳᠥᠷ ᠢᠯᠭᠠᠮᠵᠢ ᠲᠠᠢ ᠬᠡᠷᠡᠯ ᠵᠢᠷᠤᠭ ︵2M ᠠᠴᠠ ᠳᠡᠭᠡᠭᠰᠢ︶ ᠢ ᠳᠠᠷᠤᠮᠠᠯᠯᠠᠬᠤ ᠶᠢᠨ ᠬᠠᠮᠲᠤ ᠳᠣᠣᠷ᠎ᠠ ᠲᠠᠯ᠎ᠠ ᠳᠤᠨᠢ ᠬᠡᠷᠡᠯ ᠵᠢᠷᠤᠭ ᠤᠨ ᠲᠣᠳᠣᠷᠬᠠᠶᠢᠯᠠᠯᠲᠠ ᠶᠢ ᠬᠠᠳᠠᠬᠤ ᠬᠡᠷᠡᠭᠲᠡᠢ᠃      2. ᠭᠤᠶᠤᠴᠢᠯᠠᠭᠰᠠᠨ ᠨᠢᠭᠡᠴᠡ ᠪᠠ ᠰᠣᠩᠭᠤᠨ ᠪᠣᠶᠢᠵᠢᠭᠤᠯᠬᠤ ᠨᠢᠭᠡᠴᠡ ᠶᠢᠨ ᠭᠠᠵᠠᠷ ᠲᠤ ᠴᠥᠮ ᠠᠯᠪᠠᠨ ᠲᠠᠮᠠᠭ᠎ᠠ ᠳᠠᠷᠤᠬᠤ ᠬᠡᠷᠡᠭᠲᠡᠢ᠃      3. ᠭᠤᠶᠤᠴᠢᠯᠠᠭᠰᠠᠨ ᠨᠢᠭᠡᠴᠡ ᠪᠣᠯᠣᠨ ᠲᠦᠷᠦᠯ ᠵᠦᠢᠯ ᠤᠨ ᠰᠢᠯᠭᠠᠯᠲᠠ ᠳᠤ ᠣᠷᠣᠯᠴᠠᠭᠰᠠᠨ ᠨᠢᠭᠡᠴᠡ  ᠨᠢ ᠨᠢᠭᠡᠳᠦᠯ ᠦᠭᠡᠢ ᠪᠠᠶᠢᠪᠠᠯ᠂ ᠲᠦᠷᠦᠯ ᠵᠦᠢᠯ ᠤᠨ ᠰᠢᠯᠭᠠᠯᠲᠠ ᠳᠤ ᠣᠷᠣᠯᠴᠠᠭᠰᠠᠨ ᠨᠢᠭᠡᠴᠡ ᠶᠢᠨ ᠭᠠᠷᠭᠠᠭᠰᠠᠨ ᠪᠠᠶᠢᠳᠠᠯ ᠤᠨ ᠲᠣᠳᠣᠷᠬᠠᠶᠢᠯᠠᠯᠲᠠ ︵ᠤᠭ ᠮᠠᠲ᠋ᠧᠷᠢᠶᠠᠯ ᠢ ᠬᠠᠩᠭᠠᠨ᠎ᠠ︶ ᠶᠢ ᠬᠠᠩᠭᠠᠬᠤ ᠴᠢᠬᠤᠯᠠᠲᠠᠢ᠃      ᠳᠥᠷᠪᠡ᠂ ᠬᠠᠷᠢᠯᠴᠠᠬᠤ ᠠᠷᠭ᠎ᠠ ᠮᠠᠶ᠋ᠢᠭ      1. ᠴᠠᠭᠠᠰᠤᠨ ᠮᠠᠲ᠋ᠧᠷᠢᠶᠠᠯ ᠢ ᠰᠢᠤᠳᠠᠨ ᠢᠶᠠᠷ ᠢᠯᠡᠭᠡᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ12 ᠳ᠋ᠤᠭᠠᠷ ᠳᠠᠪᠬᠤᠷᠭ᠎ᠠ ᠶᠢᠨ ᠴᠣᠩᠬᠤᠪᠴᠢ ︵ᠤᠲᠠᠰᠤ᠄ 0471—5332462︶᠃      2. ᠭᠤᠶᠤᠴᠢᠯᠠᠯ ᠤᠨ ᠪᠢᠴᠢᠭ᠂ ᠭᠤᠶᠤᠴᠢᠯᠠᠯ ᠤᠨ ᠮᠠᠲ᠋ᠧᠷᠢᠶᠠᠯ ︵ᠳᠠᠭᠠᠯᠳᠤᠭᠤᠯᠤᠯ 2︶ word ᠬᠡᠪᠯᠡᠯ ᠢ pinzhong2023@126.com ᠳᠤ ᠬᠦᠷᠭᠡᠨ᠎ᠡ︔ ᠨᠡᠷᠡᠶᠢᠳᠬᠦ ᠬᠡᠯᠪᠡᠷᠢ ᠨᠢ᠄ ᠲᠠᠷᠢᠮᠠᠯ ᠤᠨ ᠲᠥᠷᠥᠯᠵᠦᠢᠯ + ᠪᠦᠯᠦᠭ ᠤᠨ ᠢᠯᠭᠠᠯ + ᠲᠥᠷᠥᠯ ᠵᠦᠢᠯ ᠤᠨ ᠨᠡᠷᠡᠶᠢᠳᠦᠯ + ᠭᠤᠶᠤᠴᠢᠯᠠᠭᠰᠠᠨ ᠨᠢᠭᠡᠴᠡ ᠶᠢᠨ ᠨᠡᠷᠡᠶᠢᠳᠦᠯ ᠪᠣᠯᠣᠨ᠎ᠠ᠃      3. ᠲᠤᠬᠠᠶᠢᠯᠠᠭᠰᠠᠨ ᠠᠵᠢᠯ ᠤᠨ ᠯᠠᠪᠯᠠᠯᠭ᠎ᠠ᠄      ᠡᠷᠳᠡᠨᠢ ᠰᠢᠰᠢ᠄ ᠵᠠᠩ ᠫᠧᠩ ᠢᠦᠢ᠂ ᠯᠢ ᠰᠢᠨ︔       ᠪᠤᠭᠤᠳᠠᠢ᠂ ᠤᠰᠤᠨ ᠲᠤᠲᠤᠷᠭ᠎ᠠ᠄ ᠰᠦᠨ ᠢᠦᠢ ᠶᠠᠨ︔       ᠰᠢᠷ᠎ᠠ ᠪᠤᠷᠴᠠᠭ᠄ ᠹᠦ᠋ ᠰᠢᠶᠣᠣ ᠬᠤᠸᠠ︔       ᠬᠠᠷᠢᠯᠴᠠᠬᠤ ᠤᠲᠠᠰᠤ᠄ 0471— 6285043/6286603᠃      4. ᠬᠦᠯᠢᠶᠡᠨ ᠠᠪᠴᠤ ᠰᠢᠢᠳᠪᠦᠷᠢᠯᠡᠬᠦ ᠡᠳᠦᠷ ᠬᠤᠭᠤᠴᠠᠭ᠎ᠠ᠄ 2025 ᠣᠨ ᠤ 2 ᠰᠠᠷ᠎ᠠ ᠶᠢᠨ 21 ᠤ ᠡᠳᠦᠷ ᠪᠣᠯᠲᠠᠯ᠎ᠠ᠃      ᠳᠠᠭᠠᠯᠳᠤᠭᠤᠯᠤᠯ 1  ᠭᠤᠶᠤᠴᠢᠯᠠᠬᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠤᠨ ᠠᠮᠠᠯᠠᠯᠲᠠ ᠶᠢᠨ ᠪᠢᠴᠢᠭ ᠤᠨ ᠬᠡᠪ ᠬᠠᠪᠲᠠᠰᠤ      ᠳᠠᠭᠠᠯᠳᠤᠭᠤᠯᠤᠯ 2  ᠭᠤᠶᠤᠴᠢᠯᠠᠬᠤ ᠮᠠᠲ᠋ᠧᠷᠢᠶᠠᠯ ᠤᠨ ᠬᠡᠪ ᠬᠠᠪᠲᠠᠰᠤ᠃                              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ                             ᠡᠭᠦᠯᠳᠡᠷ ᠤᠨ ᠬᠢᠨᠠᠨ ᠲᠣᠭᠲᠠᠭᠠᠬᠤ ᠵᠥᠪᠯᠡᠯ ᠤᠨ ᠠᠯᠪᠠᠨ ᠭᠡᠷ                                                2025 ᠣᠨ ᠤ 2 ᠰᠠᠷ᠎ᠠ ᠶᠢᠨ 10 ᠤ ᠡᠳᠦᠷ 
 
ᠢᠷᠡᠯᠲᠡ᠄ ᠥᠪᠥᠷ ᠮᠣᠩᠭᠤᠯ ᠤᠨ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠵᠥᠪᠯᠡᠯ ᠤᠨ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号