ᠰᠤᠷᠪᠤᠯᠵᠢᠯᠠᠬᠴᠢ ᠭᠦᠭᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠣᠶᠢᠯᠠᠭᠠᠭᠰᠠᠨ | ᠢᠶᠠᠷ᠂ 2024 ᠣᠨ ᠳᠤ ᠭᠦᠭᠡᠬᠤᠲᠠ ᠶᠢᠨ ᠠᠮᠤ ᠪᠤᠳᠠᠭᠠᠨ ᠤ ᠤᠨᠠᠯᠲᠠ 38 ᠳ᠋ᠦᠩᠰᠢᠭᠤᠷ ᠵᠢᠩ ᠢ ᠳᠠᠪᠠᠨ | ︽ᠬᠤᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ︾ ᠣᠯᠵᠤ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ᠂ | ᠶᠡᠷᠦᠩᠬᠡᠢ ᠤᠨᠠᠯᠲᠠ ᠪᠠ ᠮᠦ ᠨᠢᠭᠡᠴᠢ ᠶᠢᠨ ᠤᠨᠠᠯᠲᠠ ᠴᠥᠮ ᠲᠣᠭᠲᠠᠭᠤᠨ ᠢᠶᠠᠷ ᠳᠡᠭᠡᠭᠰᠢᠯᠡᠪᠡ᠃ | ᠡᠨᠡ ᠵᠢᠯ ᠭᠦᠭᠡᠬᠤᠲᠠ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠤᠯᠤᠰ ᠲᠥᠷᠥ | ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ︽ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠪᠤᠷᠢ ᠶᠢ ᠪᠠᠲᠤᠯᠠᠵᠤ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ | ᠶᠢ ᠡᠷᠡᠰ ᠲᠤᠭᠤᠰᠢᠯᠠᠭᠤᠯᠵᠤ᠂ ︽ᠲᠠᠪᠤᠨ ᠰᠠᠶᠢᠨ︾ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠠᠬᠢᠭᠤᠯᠤᠨ᠂ 6.24 | ᠳ᠋ᠦᠩᠰᠢᠭᠤᠷ ᠲᠥᠭᠦᠷᠢᠭ ᠤᠨ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠨᠥᠬᠦᠪᠦᠷᠢ ᠶᠢ ᠴᠠᠭ ᠲᠤᠬᠠᠢ | ᠳᠤᠨᠢ ᠪᠠᠭᠤᠯᠭᠠᠵᠤ᠂ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠮᠡᠷᠭᠡᠵᠢᠯ ᠢ ᠶᠡᠭᠡ ᠬᠡᠪᠴᠢᠶ᠎ᠡ ᠪᠠᠷ | ᠳᠡᠯᠭᠡᠷᠡᠭᠦᠯᠦᠨ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠨ ᠠᠮᠤ ᠪᠤᠳᠠᠭᠠᠨ | ᠤ ᠤᠨᠠᠯᠲᠠ ᠶᠢ ᠨᠡᠮᠡᠭᠳᠡᠭᠦᠯᠬᠦ ᠶᠢ ᠪᠠᠲᠤᠯᠠᠪᠠ᠃ ᠪᠦᠷᠢᠳᠬᠡᠯ ᠢ ᠦᠨᠳᠦᠰᠦᠯᠡᠪᠡᠯ᠂ 2024 ᠣᠨ ᠳᠤ ᠭᠦᠭᠡᠬᠤᠲᠠ ᠶᠢᠨ | ᠠᠮᠤ ᠪᠤᠳᠠᠭᠠᠨ ᠤ ᠲᠠᠷᠢᠮᠠᠯ ᠤᠨ ᠲᠠᠯᠠᠪᠠᠶ 509.8 ᠲᠦᠮᠡᠨ ᠮᠦ ᠳᠤ ᠬᠦᠷᠴᠦ᠂ 2023 ᠣᠨ ᠤ ᠬᠢ ᠠᠴᠠ 4.6 | ᠲᠦᠮᠡᠨ ᠮᠦ ᠨᠡᠮᠡᠭᠳᠡᠪᠡ︔ ᠠᠮᠤ ᠪᠤᠳᠠᠭᠠᠨ ᠤ ᠤᠨᠠᠯᠲᠠ 38.98 ᠳ᠋ᠦᠩᠰᠢᠭᠤᠷ ᠵᠢᠩ ᠳᠤ ᠬᠦᠷᠴᠦ᠂ 2023 ᠣᠨ | ᠤ ᠬᠢ ᠠᠴᠠ 1.14 ᠳ᠋ᠦᠩᠰᠢᠭᠤᠷ ᠵᠢᠩ ᠨᠡᠮᠡᠭᠳᠡᠵᠡᠢ︔ ᠠᠮᠤ ᠪᠤᠳᠠᠭᠠᠨ ᠤ ᠲᠠᠷᠢᠮᠠᠯ ᠤᠨ ᠮᠦ ᠨᠢᠭᠡᠴᠢ ᠶᠢᠨ | ᠤᠨᠠᠯᠲᠠ 764.8 ᠵᠢᠩ ᠳᠤ ᠬᠦᠷᠴᠦ᠂ 2023 ᠣᠨ ᠤ ᠬᠢ ᠠᠴᠠ 15.7 ᠵᠢᠩ ᠨᠡᠮᠡᠭᠳᠡᠭᠰᠡᠨ ᠪᠠᠶᠢᠨ᠎ᠠ᠃ |