ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠤ ᠬᠦᠷᠢᠶᠡᠯᠡᠩ ᠤᠨ ︽ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠪᠠ ᠡᠰᠢ ᠰᠦᠷᠡᠯ ᠢ ᠰᠢᠢᠳᠪᠦᠷᠢᠯᠡᠬᠦ ᠵᠠᠩᠭᠢᠯᠠᠭ᠎ᠠ | ᠶᠢᠨ ᠮᠡᠷᠭᠡᠵᠢᠯ ᠬᠢᠭᠡᠳ ᠲᠣᠨᠤᠭ ᠲᠥᠬᠦᠭᠡᠷᠦᠮᠵᠢ︾ ᠶᠢᠨ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ | ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ︽ᠮᠧᠩ ᠺᠧ ᠵᠢᠦᠢ︾ ᠲᠠᠪᠴᠠᠩ ᠢᠶᠠᠷ ᠶᠠᠪᠤᠭᠳᠠᠵᠤ᠂ ᠮᠠᠨ ᠤ | ᠣᠷᠣᠨ ᠤ ᠰᠢᠨ᠎ᠡ ᠶᠢ ᠡᠭᠦᠳᠬᠦ ᠬᠥᠭᠵᠢᠯᠲᠡ ᠪᠠ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ | ᠬᠦᠴᠦᠨ ᠨᠡᠮᠡᠷᠢᠯᠡᠪᠡ᠃ | ︽ᠬᠠᠮᠠᠭᠠᠯᠠᠯᠲᠠ ᠶᠢᠨ ᠴᠢᠨᠠᠷᠲᠠᠢ ᠪᠠᠷ ᠲᠠᠷᠢᠶᠠᠯᠠᠬᠤ ᠪᠠ ᠡᠰᠢ ᠰᠦᠷᠡᠯ ᠢ ᠰᠢᠢᠳᠪᠦᠷᠢᠯᠡᠬᠦ ᠵᠠᠩᠭᠢᠯᠠᠭ᠎ᠠ ᠶᠢᠨ | ᠮᠡᠷᠭᠡᠵᠢᠯ ᠬᠢᠭᠡᠳ ᠲᠣᠨᠤᠭ ᠲᠥᠬᠦᠭᠡᠷᠦᠮᠵᠢ︾ ᠶᠢᠨ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ ᠵᠣᠭᠤᠰ | ᠤᠨ ᠲᠤᠭ᠎ᠠ 300 ᠲᠦᠮᠡᠨ ᠲᠥᠭᠦᠷᠢᠭ ᠲᠤ ᠬᠦᠷᠴᠡᠢ᠃ ᠦᠷ᠎ᠡ ᠪᠦᠲᠦᠭᠡᠯ ᠢ ᠣᠨᠳᠣᠣᠰᠢᠭᠤᠯᠬᠤ ᠶᠢ | ᠨᠠᠶᠢᠳᠠᠪᠤᠷᠢᠵᠢᠭᠤᠯᠤᠭᠰᠠᠨ ᠤ ᠳᠠᠷᠠᠭ᠎ᠠ᠂ ︽ᠮᠧᠩ ᠺᠧ ᠵᠢᠦᠢ︾ ᠲᠠᠪᠴᠠᠩ ᠤᠨ ᠬᠤᠪᠢ ᠬᠤᠷᠠᠮᠳᠤᠭᠤᠯᠤᠨ | ᠤᠷᠮᠠᠰᠢᠭᠤᠯᠬᠤ ᠲᠥᠷᠥ ᠶᠢᠨ ᠪᠣᠳᠣᠯᠭ᠎ᠠ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠥᠪᠡᠷᠲᠡᠭᠡᠨ ᠵᠠᠰᠠᠬᠤ ᠣᠷᠣᠨ | ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯᠣᠨ ᠠᠵᠤ ᠠᠬᠤᠶᠢᠯᠠᠯ ᠬᠤᠶᠠᠷ | ᠲᠠᠯ᠎ᠠ ᠪᠠᠷ ᠢᠶᠠᠨ ᠪᠦᠷ ᠬᠤᠪᠢ ᠬᠤᠷᠠᠮᠳᠤᠭᠤᠯᠬᠤ ᠪᠠ ᠲᠤᠰᠬᠠᠢ ᠪᠡᠯᠡ ᠮᠥᠩᠭᠦ ᠶᠢᠨ ᠱᠠᠩᠨᠠᠯ ᠭᠦᠷᠲᠡᠭᠦ ᠪᠣᠯᠣᠨ᠎ᠠ᠃ | ᠲᠣᠰ ᠲᠥᠷᠥᠯ ᠵᠦᠢᠯ ᠪᠣᠯ ︽ᠮᠧᠩ ᠺᠧ ᠵᠢᠦᠢ︾ ᠲᠠᠪᠴᠠᠩ ᠤᠨ ᠬᠤᠪᠢ ᠬᠤᠷᠠᠮᠳᠤᠭᠤᠯᠵᠤ ᠤᠷᠮᠠᠰᠢᠭᠤᠯᠬᠤ ᠲᠥᠷᠥ | ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭᠠᠬᠢ ᠮᠠᠨ ᠤ ᠣᠷᠣᠨ ᠤ ᠠᠩᠬᠠᠳᠠᠭᠴᠢ ᠬᠤᠪᠢ ᠬᠤᠷᠠᠮᠳᠤᠭᠤᠯᠵᠤ ᠱᠠᠩᠨᠠᠯ | ᠭᠦᠷᠲᠡᠭᠦ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠲᠥᠷᠥᠯ ᠵᠦᠢᠯ ᠪᠠᠶᠢᠵᠤ᠂ ︽ᠮᠧᠩ ᠺᠧ | ᠵᠢᠦᠢ︾ ᠲᠠᠪᠴᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠲᠤᠷᠰᠢᠯᠲᠠ ᠶᠢᠨ | ᠲᠠᠰᠤᠭ ᠠᠴᠠ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠬᠤ ᠬᠦᠴᠦᠷᠬᠡᠭ ᠶᠡᠭᠡ ᠲᠦᠯᠬᠢᠴᠡ ᠬᠦᠴᠦᠨ ᠢ | ᠢᠯᠡᠷᠡᠭᠦᠯᠵᠡᠢ᠃ | ︽ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠪᠠ ᠡᠰᠢ ᠰᠦᠷᠡᠯ ᠢ ᠰᠢᠢᠳᠪᠦᠷᠢᠯᠡᠬᠦ ᠵᠠᠩᠭᠢᠯᠠᠭ᠎ᠠ ᠶᠢᠨ ᠮᠡᠷᠭᠡᠵᠢᠯ | ᠬᠢᠭᠡᠳ ᠲᠣᠨᠤᠭ ᠲᠥᠬᠦᠭᠡᠷᠦᠮᠵᠢ︾ ᠶᠢᠨ ᠰᠤᠳᠤᠯᠭᠠᠨ ᠨᠢ ᠳᠠᠷᠢᠬᠤ ᠬᠢᠭᠡᠳ ᠡᠰᠢ ᠰᠦᠷᠡᠯ ᠢ ᠲᠠᠷᠢᠶᠠᠨ ᠭᠠᠵᠠᠷ ᠲᠤ | ᠪᠤᠴᠠᠭᠠᠬᠤ ᠵᠡᠷᠭᠡ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠵᠠᠷ ᠤᠨ ᠬᠦᠴᠦ | ᠰᠢᠮ᠎ᠡ ᠶᠢ ᠳᠡᠭᠡᠭᠰᠢᠯᠡᠭᠦᠯᠭᠦ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠭᠦ ᠪᠠ | ᠲᠠᠷᠢᠮᠠᠯ ᠤᠨ ᠤᠨᠠᠯᠲᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠠᠢ᠃ ᠰᠤᠳᠤᠯᠭᠠᠨ ᠤ | ᠪᠦᠯᠭᠦᠮ ᠤᠨ ᠬᠢᠨ ᠣᠯᠠᠨ ᠵᠢᠯ ᠤᠨ ᠮᠡᠷᠭᠡᠵᠢᠯ ᠤᠨ ᠬᠤᠷᠠᠮᠳᠤᠭᠤᠯᠤᠯ ᠪᠠ ᠪᠣᠳᠠᠲᠠᠢ ᠲᠤᠷᠰᠢᠯᠲᠠ ᠪᠠᠷ ᠳᠠᠮᠵᠢᠨ ᠲᠤᠰ | ᠰᠤᠳᠤᠯᠭᠠᠨ ᠤ ᠦᠷ᠎ᠡ ᠪᠦᠲᠦᠭᠡᠯ ᠤᠨ ᠪᠣᠯᠪᠠᠰᠤᠷᠠᠩᠭᠤᠢ ᠬᠡᠮᠵᠢᠶ᠎ᠡ᠂ ᠥᠪᠡᠷ ᠤᠨ ᠥᠷᠲᠡᠭ ᠤᠨ ᠡᠵᠡᠮᠰᠢᠯᠲᠦ ᠴᠢᠨᠠᠷ | ᠪᠠ ᠴᠢᠳᠠᠮᠵᠢ ᠶᠢᠨ ᠲᠣᠭᠲᠠᠪᠤᠷᠢᠲᠤ ᠴᠢᠨᠠᠷ ᠵᠡᠷᠭᠡ ᠶᠢ ᠴᠥᠮ ᠠᠵᠤ ᠦᠢᠯᠡᠰᠵᠢᠭᠦᠯᠦᠨ ᠬᠡᠷᠡᠭᠯᠡᠬᠦ ᠱᠠᠲᠤᠨ ᠳᠤ | ᠬᠦᠷᠭᠡᠵᠡᠢ᠃ ᠲᠣᠰ ᠤᠳᠠᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ ᠬᠠᠮᠲᠤᠷᠠᠯᠴᠠᠭ᠎ᠠ ᠨᠢ ᠮᠠᠨ ᠤ ᠣᠷᠣᠨ ᠤ | ᠲᠡᠷᠢᠭᠦᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠮᠡᠷᠭᠡᠵᠢᠯ ᠢ ᠳᠡᠯᠭᠡᠷᠡᠭᠦᠯᠬᠦ ᠪᠠ ᠬᠡᠷᠡᠭᠯᠡᠬᠦ ᠶᠢ ᠬᠦᠴᠦᠲᠡᠢ | ᠠᠬᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠳᠠᠪᠰᠢᠯᠲᠠ ᠪᠠ ᠠᠵᠤ ᠦᠢᠯᠡᠰ ᠤᠨ ᠲᠠᠰ ᠳᠡᠪᠰᠢᠬᠦ ᠶᠢ | ᠠᠬᠢᠭᠤᠯᠬᠤ ᠪᠣᠯᠣᠨ᠎ᠠ᠃ | |