ᠶᠠᠳᠠᠭᠤ ᠠᠴᠠ ᠠᠩᠭᠢᠵᠢᠷᠠᠭᠤᠯᠬᠤ ᠬᠥᠮᠥᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ | ᠠᠵᠢᠯ ᠤᠨ ᠠᠬᠢᠴᠠ ᠶᠢ ᠪᠦᠬᠦ ᠲᠠᠯ᠎ᠠ ᠪᠠᠷ ᠣᠶᠢᠯᠠᠭᠠᠨ ᠡᠵᠡᠮᠰᠢᠵᠦ᠂ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ | ᠪᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠬᠤ ᠶᠢᠨ | ᠲᠤᠰᠠᠳᠠ᠂ 2025 ᠣᠨ ᠤ 2 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠥᠪᠥᠷ ᠮᠣᠩᠭᠤᠯ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ | ᠬᠤᠪᠢᠶᠠᠷᠢ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ | ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ | ᠬᠤᠷᠰᠢᠶ᠎ᠠ ᠶᠢ ᠵᠣᠬᠢᠶᠠᠨ ᠪᠠᠶᠢᠭᠤᠯᠵᠤ ᠶᠠᠳᠠᠭᠤ ᠠᠴᠠ ᠠᠩᠭᠢᠵᠢᠷᠠᠭᠤᠯᠬᠤ ᠬᠥᠮᠥᠨ ᠠᠮᠠ ᠶᠢᠨ ᠪᠠᠭ᠎ᠠ ᠲᠣᠭᠠᠨ ᠤ | ᠢᠲᠡᠭᠡᠮᠵᠢᠲᠦ ᠵᠢᠭᠡᠯᠡᠯᠭᠡ ᠶᠢᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ | | | | | | ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠬᠥᠮᠥᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ | ᠵᠢᠭᠡᠯᠡᠯᠭᠡ ᠪᠣᠯ ᠮᠥᠩᠭᠦᠨ ᠭᠦᠢᠯᠭᠡᠭᠡᠨ ᠤ ᠳᠡᠮᠵᠢᠯᠭᠡ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠴᠢᠬᠤᠯᠠ ᠭᠠᠷᠳᠠᠴᠠ ᠪᠣᠯᠣᠨ᠎ᠠ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠬᠤᠭᠤᠴᠠᠭ᠎ᠠ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠦᠷᠲᠡᠯᠡᠬᠢ ᠰᠢᠯᠵᠢᠯᠲᠡ ᠶᠢᠨ ᠬᠤᠭᠤᠴᠠᠭᠠᠨ ᠤ ᠨᠢᠭᠡ ᠵᠦᠢᠯ ᠤᠨ | ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠪᠣᠯᠣᠨ᠎ᠠ᠂ ᠳᠡᠮᠵᠢᠬᠦ ᠡᠲᠡᠭᠡᠳ ᠶᠢ ᠶᠠᠳᠠᠭᠤ ᠬᠦᠴᠢᠷᠳᠡᠯᠲᠡᠢ ᠬᠥᠮᠥᠨ | ᠠᠮᠠ ᠶᠢ ᠬᠠᠪᠰᠤᠷᠤᠨ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠠᠪᠰᠤᠷᠤᠨ ᠪᠡᠶᠡᠯᠡᠭᠦᠯᠬᠦ ᠬᠦᠷᠲᠡᠯ᠎ᠡ ᠦᠷᠭᠦᠯᠵᠢᠯᠡᠵᠦ᠂ ᠦᠢᠯᠡᠳᠦᠯ ᠨᠢ | ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠵᠤ᠂ ᠦᠷ᠎ᠡ ᠪᠦᠲᠦᠮᠵᠢ ᠨᠢ ᠢᠯᠡᠷᠬᠡᠢ ᠪᠠᠶᠢᠬᠤ ᠬᠡᠷᠡᠭᠲᠡᠢ᠃ ᠡᠯ᠎ᠡ | ᠰᠠᠯᠠᠭ᠎ᠠ ᠮᠥᠴᠢᠷ ᠤᠨ ᠬᠢᠨ ︽ᠳᠥᠷᠪᠡ ᠶᠢ ᠰᠠᠯᠭᠠᠬᠤ ᠦᠭᠡᠢ︾ ᠪᠠ 2025 ᠣᠨ ᠤ ᠲᠥᠪ ᠤᠨ 1 ᠳ᠋ᠦ᠋ᠭᠡᠷ | ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠶᠠᠳᠠᠭᠤ ᠠᠴᠠ | ᠠᠩᠭᠢᠵᠢᠷᠠᠭᠤᠯᠬᠤ ᠬᠥᠮᠥᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠦᠷᠭᠦᠯᠵᠢᠯᠡᠨ | ᠠᠬᠢᠭᠤᠯᠬᠤ ᠶᠢ ᠰᠤᠯᠠᠷᠠᠭᠤᠯᠤᠯ ᠦᠭᠡᠢ᠂ ᠡᠷᠴᠢᠮ ᠢ ᠰᠤᠯᠠᠷᠠᠭᠤᠯᠬᠤ ᠦᠭᠡᠢ ᠠᠳᠬᠤᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠬᠤᠷᠠᠯ ᠠᠴᠠ᠂ 2025 ᠣᠨ ᠠᠴᠠ ᠰᠡᠭᠦᠯᠡᠷ᠂ ᠵᠢᠭᠡᠯᠡᠯᠭᠡ ᠶᠢᠨ ᠭᠡᠷ᠎ᠡ ᠶᠢᠨ ᠬᠤᠭᠤᠴᠠᠭᠠᠨ ᠳᠤ᠂ ᠨᠥᠬᠦᠴᠡᠯ ᠳᠤ | ᠨᠡᠶᠢᠴᠡᠬᠦ ᠶᠠᠳᠠᠭᠤ ᠠᠴᠠ ᠠᠩᠭᠢᠵᠢᠷᠠᠭᠤᠯᠬᠤ ᠪᠠ ᠬᠢᠨᠠᠨ ᠰᠢᠯᠭᠠᠬᠤ ᠡᠷᠦᠬᠡ ᠳᠤ ᠮᠥᠨᠬᠦ ᠳᠠᠮ ᠬᠦᠦ ᠪᠣᠯᠣᠨ ᠠᠶᠤᠯ | ᠲᠦᠭᠰᠢᠭᠦᠷᠢ ᠶᠢᠨ ᠨᠥᠬᠦᠪᠦᠷᠢ ᠣᠯᠭᠤᠨ᠎ᠠ ᠭᠡᠵᠦ ᠵᠢᠭᠠᠵᠤ ᠭᠠᠷᠭᠠᠵᠠᠢ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠪᠣᠯᠣᠨ 3 ᠮᠥᠩᠭᠦᠨ ᠭᠦᠢᠯᠭᠡᠭᠡᠨ ᠤ ᠪᠠᠶᠢᠭᠤᠯᠤᠮᠵᠢ ᠬᠠᠷᠢᠯᠴᠠᠨ ᠬᠠᠮᠵᠢᠯᠴᠠᠵᠤ᠂ ᠶᠠᠳᠠᠭᠤ ᠠᠴᠠ | ᠠᠩᠭᠢᠵᠢᠷᠠᠭᠤᠯᠬᠤ ᠬᠥᠮᠥᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠬᠠᠮᠲᠤᠪᠠᠷ | ᠠᠬᠢᠭᠤᠯᠬᠤ ᠬᠡᠷᠡᠭᠲᠡᠢ᠃ ︽ᠲᠠᠩᠰᠠ ᠬᠠᠷᠭᠤᠭᠤᠯᠬᠤ︾ ᠶᠢ ᠬᠠᠮᠵᠢᠯᠴᠠᠨ ᠰᠠᠶᠢᠲᠤᠷ ᠬᠢᠬᠦ ᠳᠤ᠂ ᠨᠢᠭᠡ ᠳᠤ᠂ | ᠠᠰᠠᠭᠤᠳᠠᠯ ᠤᠨ ︽ᠲᠠᠩᠰᠠ ᠬᠠᠷᠭᠤᠭᠤᠯᠬᠤ︾ ᠶᠢ ᠰᠠᠶᠢᠲᠤᠷ ᠬᠢᠵᠦ᠂ ᠰᠢᠯᠲᠠᠭᠠᠨ ᠢ ᠨᠢ ᠲᠣᠳᠣᠷᠬᠠᠶᠢᠯᠠᠵᠤ᠂ | ᠬᠠᠷᠢᠭᠤᠴᠠᠯᠭ᠎ᠠ ᠶᠢ ᠨᠢ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ︔ | ᠬᠤᠶᠠᠷ ᠲᠤ ᠲᠤᠭ᠎ᠠ ᠪᠠᠷᠢᠮᠲᠠ ᠶᠢᠨ ︽ᠲᠠᠩᠰᠠ ᠬᠠᠷᠭᠤᠭᠤᠯᠬᠤ︾ ᠶᠢ ᠰᠠᠶᠢᠲᠤᠷ ᠬᠢᠵᠦ᠂ ᠮᠡᠳᠡᠭᠡ ᠵᠠᠩᠭᠢ ᠶᠢᠨ ᠲᠤᠭ᠎ᠠ | ᠪᠠᠷᠢᠮᠲᠠ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠵᠦ᠂ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠳᠡᠬᠦ | ᠬᠡᠷᠡᠭᠲᠡᠢ᠃ ᠡᠭᠦᠨ ᠤ ᠵᠡᠷᠭᠡ ᠳᠤ 3 ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠠᠩᠭᠠᠭᠰᠠᠨ | ᠶᠠᠳᠠᠭᠤ ᠠᠴᠠ ᠠᠩᠭᠢᠵᠢᠷᠠᠭᠤᠯᠬᠤ ᠬᠥᠮᠥᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠨᠡᠷᠡᠰ ᠤᠨ | ᠵᠢᠭᠰᠠᠭᠠᠯᠲᠠ ᠶᠢ ᠦᠨᠳᠦᠰᠦᠯᠡᠨ᠂ ᠡᠯ᠎ᠡ ᠱᠠᠲᠤᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠪᠠᠶᠢᠭᠠᠳ | ᠶᠠᠳᠠᠭᠤ ᠠᠴᠠ ᠠᠩᠭᠢᠵᠢᠷᠠᠭᠤᠯᠬᠤ ᠣᠯᠠᠨ ᠲᠦᠮᠡᠨ ᠤ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ | ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ ︽ᠵᠢᠭᠡᠯᠡᠪᠡᠰᠦ ᠵᠣᠬᠢᠬᠤ ᠶᠢ ᠨᠢ ᠴᠥᠮ ᠵᠢᠭᠡᠯᠡᠵᠦ︾᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠭᠠᠲᠠᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ ᠤᠨ ᠳᠡᠳ᠋ ᠳᠠᠷᠤᠭ᠎ᠠ ᠵᠠᠩ ᠬᠤᠸᠠ ᠵᠧᠨ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠶᠣᠣ ᠵᠥᠩ ᠢ᠂ ᠰᠢᠤᠳᠠᠨ ᠤ ᠬᠠᠳᠠᠭᠠᠯᠠᠮᠵᠢ ᠶᠢᠨ | ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠳᠡᠳ᠋ ᠳᠠᠷᠤᠭ᠎ᠠ ᠰᠢᠶᠧ ᠠᠢ ᠵᠢᠶᠦ᠋ᠨ᠂ ᠥᠪᠡᠷᠲᠡᠭᠡᠨ | ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠯᠦ | ᠰᠢᠶᠣᠣ ᠳ᠋ᠦᠩ᠂ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠲᠠᠷᠢᠶᠠᠴᠢᠨ | ᠡᠷᠦᠬᠡ ᠶᠢᠨ ᠮᠥᠩᠭᠦᠨ ᠭᠦᠢᠯᠭᠡᠭᠡᠨ ᠤ ᠶᠠᠮᠤᠨ ᠤ ᠶᠡᠷᠦᠩᠬᠡᠢ ᠳᠠᠭᠠᠭᠠᠮᠠᠯ ᠪᠠᠲᠤᠨᠠᠰᠤᠨ ᠪᠣᠯᠣᠨ ᠬᠠᠮᠢᠶ᠎ᠠ ᠪᠦᠬᠦᠢ | ᠲᠤᠬᠠᠶᠢᠯᠠᠭᠰᠠᠨ ᠠᠵᠢᠯ ᠤᠨ ᠭᠠᠵᠠᠷ ᠭᠡᠷ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ |