ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠳᠤ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠣᠶ︖
ᠨᠡᠶᠢᠲᠡᠯᠡᠭᠰᠡᠨ ᠴᠠᠭ᠄
2025/2/5
      2022 ᠣᠨ ᠳᠤ᠂ ᠥᠪᠡᠷᠲᠡᠭᠡᠨ ᠵᠠᠰᠠᠬᠤ ᠣᠷᠣᠨ ᠠᠴᠠ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ︽ᠰᠠᠶᠢᠨᠳᠤᠷ᠎ᠠ ᠠᠴᠠ ᠪᠠᠨ ᠬᠡᠷᠡᠭᠯᠡᠭᠡᠨ ᠠᠴᠠ ᠭᠠᠷᠭᠠᠬᠤ᠂ ᠬᠢᠨᠠᠯᠲᠠ ᠲᠠᠯᠪᠢᠵᠤ ᠵᠠᠳᠠᠯᠬᠤ᠂ ᠲᠥᠬᠦᠮ ᠪᠥᠭᠡᠳ ᠥᠨᠳᠥᠷ ᠦᠷ᠎ᠡ ᠪᠦᠲᠦᠮᠵᠢᠲᠡᠶ ᠪᠠᠶᠢᠯᠭᠠᠬᠤ᠂ ᠰᠢᠨᠡᠳᠬᠡᠬᠦ ᠶᠢ ᠠᠬᠢᠭᠤᠯᠬᠤ︾ ᠵᠠᠷᠴᠢᠮ ᠶᠣᠰᠣᠭᠠᠷ᠂ ᠬᠡᠷᠡᠭᠯᠡᠭᠡᠨ ᠠᠴᠠ ᠭᠠᠷᠭᠠᠬᠤ ᠨᠥᠬᠦᠴᠡᠯ  ᠳᠤ ᠬᠦᠷᠦᠭᠰᠡᠨ ᠮᠥᠷᠲᠡᠭᠡᠨ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠬᠡᠪᠴᠢᠶᠡᠨ ᠳᠣᠲᠣᠷᠠᠬᠢ ᠬᠡᠷᠡᠭᠯᠡᠭᠡᠨ ᠠᠴᠠ ᠭᠠᠷᠭᠠᠭᠰᠠᠨ ᠲᠠᠷᠢᠶᠠᠯᠠᠩ ᠤᠨ ᠮᠠᠰᠢᠨ ᠪᠠᠭᠠᠵᠢ ᠳᠤ ᠨᠥᠬᠦᠪᠦᠷᠢ ᠣᠯᠭᠤᠨ᠎ᠠ᠃ ᠨᠥᠬᠦᠪᠦᠷᠢ ᠣᠯᠭᠤᠬᠤ ᠡᠲᠡᠭᠡᠳ ᠨᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠷᠬᠢᠯᠡᠵᠦ ᠪᠠᠶᠢᠭ᠎ᠠ ᠬᠤᠪᠢ ᠬᠥᠮᠥᠨ ᠪᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠪᠣᠯᠣᠨ᠎ᠠ᠂ ᠬᠡᠷᠡᠭᠯᠡᠭᠡᠨ ᠠᠴᠠ ᠭᠠᠷᠭᠠᠭᠰᠠᠨ ᠨᠥᠬᠦᠪᠦᠷᠢ ᠲᠠᠢ ᠲᠠᠷᠢᠶᠠᠯᠠᠩ ᠤᠨ ᠮᠠᠰᠢᠨ ᠤ ᠲᠦᠷᠦᠯ ᠵᠦᠢᠯ ᠪᠣᠯ ︽ᠲᠠᠷᠢᠶᠠᠯᠠᠩ ᠤᠨ ᠮᠠᠰᠢᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ︾ ᠳᠤ ᠲᠣᠭᠲᠠᠭᠠᠭᠰᠠᠨ ᠬᠡᠷᠡᠭᠯᠡᠭᠡᠨ ᠠᠴᠠ ᠭᠠᠷᠭᠠᠬᠤ ᠨᠥᠬᠦᠴᠡᠯ ᠳᠤ ᠬᠦᠷᠦᠭᠰᠡᠨ᠂ ᠬᠥᠮᠥᠨ ᠤ ᠪᠡᠶ᠎ᠡ ᠮᠠᠬᠠᠪᠤᠳ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠲᠠᠷᠢᠶᠠᠯᠠᠩ ᠤᠨ ᠮᠠᠰᠢᠨ ᠪᠣᠯᠣᠨ᠎ᠠ᠂ ᠡᠭᠦᠨ ᠳᠤ ᠲᠷᠠᠺᠲ᠋ᠣᠷ᠂ ᠬᠠᠳᠤᠵᠤ ᠬᠤᠷᠢᠶᠠᠬᠤ ᠬᠠᠮ ᠮᠠᠰᠢᠨ᠂ ᠤᠰᠤᠨ ᠲᠤᠲᠤᠷᠭ᠎ᠠ ᠶᠢᠨ ᠴᠢᠬᠢ ᠰᠠᠭᠤᠯᠭᠠᠬᠤ ᠮᠠᠰᠢᠨ᠂ ᠮᠠᠨᠠᠨᠲᠤᠭᠤᠯᠤᠨ ᠰᠦᠷᠴᠢᠬᠦ ︵ᠨᠤᠨᠳᠠᠭ︶ ᠮᠠᠰᠢᠨ᠂ ᠮᠥᠯᠢᠬᠦ ᠮᠠᠰᠢᠨ ᠪᠠ ᠲᠡᠵᠢᠭᠡᠯ ᠪᠣᠷᠳᠤᠭ᠎ᠠ ︵ᠡᠪᠡᠰᠦ︶ ᠬᠡᠮᠬᠡᠯᠬᠦ ᠮᠠᠰᠢᠨ ᠪᠠ ᠡᠪᠡᠰᠦ ᠬᠡᠷᠴᠢᠬᠦ ᠮᠠᠰᠢᠨ ᠵᠡᠷᠭᠡ ᠪᠠᠭᠲᠠᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号