ᠥᠪᠥᠷ ᠮᠣᠩᠭᠤᠯ ᠤᠨ ᠨᠠᠢᠮᠠᠳᠤᠭᠠᠷ ᠬᠤᠭᠤᠴᠠᠭᠠᠨ ᠤ ᠮᠠᠯᠵᠢᠬᠤ ᠲᠠᠷᠢᠶᠠᠯᠠᠬᠤ ᠣᠷᠣᠨ ᠤ ᠦᠢᠯᠡᠰ ᠪᠣᠰᠬᠠᠵᠤ | ᠰᠢᠨ᠎ᠡ ᠶᠢ ᠡᠭᠦᠳᠬᠦ ᠤᠷᠤᠯᠳᠤᠭᠠᠨ ᠲᠦᠷᠦᠭᠦᠬᠡᠨ ᠭᠦᠭᠡᠬᠤᠲᠠ ᠳᠤ ᠠᠮᠵᠢᠯᠲᠠ ᠲᠠᠢ ᠶᠠᠪᠤᠭᠳᠠᠵᠤ᠂ ᠤᠷᠤᠯᠳᠤᠭᠠᠨ ᠨᠢ | ᠬᠥᠳᠡᠭᠡ ᠲᠣᠰᠬᠤᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠳᠤ ᠠᠩᠬᠠᠷᠤᠯ ᠢᠶᠠᠨ ᠲᠥᠪᠯᠡᠷᠡᠭᠦᠯᠦᠨ᠂ | ᠬᠥᠳᠡᠭᠡ ᠲᠣᠰᠬᠤᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠨᠢᠭᠡ ᠪᠦᠯᠦᠭ ᠰᠢᠯᠢᠳᠡᠭ | ᠦᠢᠯᠡᠰ ᠪᠣᠰᠬᠠᠬᠤ ᠲᠦᠷᠦᠯ ᠵᠦᠢᠯ ᠪᠠ ᠴᠢᠳᠠᠪᠤᠷᠢᠲᠠᠨ ᠢ ᠰᠢᠯᠢᠨ ᠳᠡᠪᠰᠢᠭᠦᠯᠪᠡ᠃ | ᠤᠷᠤᠯᠳᠤᠭᠠᠨ ᠳᠤ ᠣᠷᠣᠯᠴᠠᠬᠰᠠᠨ ᠲᠥᠷᠥᠯ ᠵᠦᠢᠯ ᠨᠢ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ᠂ | ᠬᠥᠳᠡᠭᠡ ᠲᠣᠰᠬᠤᠨ ᠤ ᠵᠤᠭ᠎ᠠ ᠰᠡᠯᠡᠭᠦᠴᠡᠯ ᠰᠣᠶᠣᠯ ᠵᠢᠭᠤᠯᠴᠢᠯᠠᠯ᠂ ᠨᠤᠲᠤᠭ ᠤᠨ ᠣᠨᠴᠠᠯᠢᠭᠲᠤ ᠠᠵᠤ ᠦᠢᠯᠡᠰ ᠵᠡᠷᠭᠡ | ᠲᠥᠷᠥᠯ ᠭᠡᠯᠪᠡᠷᠢ ᠶᠢ ᠬᠠᠮᠤᠷᠴᠤ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠣᠯᠠᠨ | ᠡᠰᠢᠲᠦ ᠡᠵᠡᠩᠨᠡᠯᠲᠡ ᠶᠢᠨ ᠭᠡᠯᠪᠡᠷᠢ ᠶᠢᠨ ᠠᠭᠤᠰᠤᠯᠴᠠᠯ ᠢ ᠭᠦᠢᠴᠡᠳ ᠢᠯᠡᠷᠡᠭᠦᠯᠪᠡ᠃ ᠤᠷᠤᠯᠳᠤᠭᠠᠨ ᠳᠤ ᠦᠢᠯᠡᠰ | ᠪᠣᠰᠬᠠᠵᠤ ᠰᠢᠨ᠎ᠡ ᠶᠢ ᠡᠭᠦᠳᠬᠦ ᠲᠦᠷᠦᠯ ᠵᠦᠢᠯ ᠤᠨ ᠰᠢᠨ᠎ᠡ ᠶᠢ ᠡᠭᠦᠳᠬᠦ ᠴᠢᠨᠠᠷ᠂ ᠦᠰᠦᠨ ᠪᠣᠶᠢᠵᠢᠬᠤ ᠴᠢᠨᠠᠷ᠂ | ᠥᠷᠢᠰᠦᠯᠳᠦᠬᠦ ᠬᠦᠴᠦᠨ᠂ ᠦᠷᠭᠦᠯᠵᠢᠯᠡᠬᠦ ᠬᠥᠭᠵᠢᠯᠲᠡ ᠪᠣᠯᠣᠨ ᠮᠠᠯᠴᠢᠨ ᠲᠠᠷᠢᠶᠠᠴᠢᠨ ᠲᠠᠢ ᠬᠤᠯᠪᠣᠭᠠᠯᠠᠵᠤ ᠮᠠᠯᠴᠢᠨ | ᠲᠠᠷᠢᠶᠠᠴᠢᠨ ᠢ ᠳᠠᠶᠢᠴᠢᠯᠠᠭᠰᠠᠨ ᠪᠠᠶᠢᠳᠠᠯ ᠵᠡᠷᠭᠡ 10 ᠲᠠᠯ᠎ᠠ ᠠᠴᠠ ᠰᠢᠯᠭᠠᠨ ᠪᠠᠶᠢᠴᠠᠭᠠᠪᠠ᠃ | ᠲᠣᠰ ᠬᠤᠭᠤᠴᠠᠭᠠᠨ ᠤ ᠤᠷᠤᠯᠳᠤᠭᠠᠨ ᠢ ᠠᠩᠬ᠎ᠠ ᠦᠢᠯᠡᠰ ᠪᠣᠰᠬᠠᠭᠰᠠᠨ ᠳᠤᠭᠤᠶᠢᠯᠠᠩ ᠪᠠ ᠦᠰᠦᠨ | ᠪᠤᠶᠢᠵᠢᠯᠲᠠ ᠶᠢᠨ ᠳᠤᠭᠤᠶᠢᠯᠠᠩ ᠭᠡᠵᠦ ᠬᠤᠪᠢᠶᠠᠨ ᠨᠡᠶᠢᠳᠡ 26 ᠲᠥᠷᠥᠯ ᠵᠦᠢᠯ ᠤᠷᠤᠯᠳᠤᠭᠠᠨ ᠳᠤ ᠣᠷᠣᠯᠴᠠᠵᠠᠢ᠃ | ᠡᠭᠦᠨ ᠳᠤ ᠤᠯᠠᠭᠠᠨᠬᠠᠳᠠ ᠬᠤᠲᠠ ᠶᠢᠨ ︽ᠡᠪᠡᠰᠦᠨ ᠡᠮ ᠤᠨ ᠡᠬᠢ ᠪᠠᠶᠠᠯᠢᠭ ᠢ ᠤᠯᠠᠮᠵᠢᠯᠠᠬᠤ - ᠬᠢᠲᠠᠳ ᠡᠮ ᠤᠨ | ᠮᠠᠲ᠋ᠧᠷᠢᠶᠠᠯ ᠤᠨ ᠦᠷ᠎ᠡ ᠴᠢᠬᠢ ᠶᠢ ᠪᠣᠶᠢᠵᠢᠭᠤᠯᠬᠤ ᠪᠠ ᠳᠡᠯᠭᠡᠷᠡᠭᠦᠯᠬᠦ︾᠂ ᠲᠦᠩᠯᠢᠶᠣᠣ ᠬᠤᠲᠠ ᠶᠢᠨ ︽ᠺᠠᠩ ᠶᠤᠸᠠᠨ | ᠰᠢᠯᠦᠬᠡᠢ ᠨᠣᠭᠤᠭ᠎ᠠ ᠶᠢᠨ ᠬᠠᠮᠲᠤ ᠪᠠᠷ ᠴᠣᠭᠴᠠᠯᠠᠬᠤ ᠬᠦᠷᠢᠶᠡᠯᠡᠩ ᠤᠨ ᠲᠥᠷᠥᠯ ᠵᠦᠢᠯ︾᠂ ᠣᠷᠳᠣᠰ ᠬᠤᠲᠠ ᠶᠢᠨ | ︽ᠰᠠᠷᠭᠠᠢ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠡᠭᠦᠳᠦᠨ ᠪᠠᠶᠢᠭᠤᠯᠤᠭᠴᠢ︾ ᠵᠡᠷᠭᠡ ᠲᠦᠷᠦᠯ ᠵᠦᠢᠯ ᠲᠣᠰ | ᠲᠣᠰ ᠠᠩᠬ᠎ᠠ ᠦᠢᠯᠡᠰ ᠪᠣᠰᠬᠠᠭᠰᠠᠨ ᠳᠤᠭᠤᠶᠢᠯᠠᠩ ᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠳᠡᠰ ᠤᠨ ᠱᠠᠩᠨᠠᠯ | ᠢ ᠭᠦᠷᠳᠡᠪᠡ︔ ᠪᠤᠭᠤᠲᠤ ᠬᠤᠲᠠ ᠶᠢᠨ ︽ᠮᠣᠩᠭᠤᠯ ᠮᠣᠷᠢᠨ ᠤ ᠪᠢᠣᠯᠣᠭᠢ ᠶᠢᠨ ᠲᠦᠭᠦᠬᠡᠢ ᠮᠠᠲ᠋ᠧᠷᠢᠶᠠᠯ ᠢ ᠠᠵᠤ | ᠦᠢᠯᠡᠳᠪᠦᠷᠢᠵᠢᠭᠦᠯᠦᠨ ᠬᠥᠭᠵᠢᠭᠦᠯᠬᠦ︾᠂ ᠲᠦᠩᠯᠢᠶᠣᠣ ᠬᠤᠲᠠ ᠶᠢᠨ ︽ᠦᠬᠡᠷ ᠤᠨ ᠮᠢᠬ᠎ᠠ ᠪᠤᠯᠪᠠᠰᠤᠷᠠᠭᠤᠯᠬᠤ ᠰᠢᠨ᠎ᠡ | ᠬᠡᠪ ᠰᠤᠷᠲᠠᠯ ᠢ ᠬᠥᠲᠥᠯᠥᠨ ᠳᠠᠭᠠᠭᠤᠯᠵᠤ - ᠲᠦᠩᠯᠢᠶᠣᠣ ᠶᠢᠨ ᠣᠷᠣᠨ ᠨᠤᠲᠤᠭ ᠤᠨ ᠲᠦᠷᠦᠯ ᠲᠡᠮᠳᠡᠭ ᠢ | ᠪᠠᠶᠢᠭᠤᠯᠬᠤ︾᠂ ᠰᠢᠯᠢ ᠶᠢᠨ ᠭᠤᠣᠯ ᠠᠶᠢᠮᠠᠭ ᠤᠨ ︽ᠤᠯᠠᠭᠠᠨ ᠬᠥᠲᠥᠯ·ᠨᠤᠲᠤᠭ ᠲᠠᠭᠠᠨ ᠪᠤᠴᠠᠵᠤ ᠦᠢᠯᠡᠰ ᠪᠣᠰᠬᠠᠬᠤ | ︿ᠬᠤᠸᠠ ᠰᠢ ᠦᠬᠡᠷ ᠤᠨ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ﹀︾ ᠵᠡᠷᠭᠡ ᠲᠦᠷᠦᠯ ᠵᠦᠢᠯ ᠲᠤᠰ ᠲᠤᠰ | ᠦᠰᠦᠨ ᠪᠤᠶᠢᠵᠢᠯᠲᠠ ᠶᠢᠨ ᠳᠤᠭᠤᠶᠢᠯᠠᠩ ᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠳᠡᠰ ᠤᠨ ᠱᠠᠩᠨᠠᠯ ᠢ | ᠬᠦᠷᠲᠡᠵᠡᠢ᠃ | |