ᠤᠯᠠᠭᠠᠨᠬᠠᠳᠠ ᠬᠤᠲᠠ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠬᠦᠷᠢᠶᠡᠨ ᠳᠤ 4 ᠢᠵᠢ ᠭᠤᠣᠯ ᠳᠡᠯᠭᠡᠷᠡᠭᠦᠯᠬᠦ ᠮᠡᠷᠭᠡᠵᠢᠯ ᠬᠠᠩᠭᠠᠵᠠᠢ
ᠨᠡᠶᠢᠲᠡᠯᠡᠭᠰᠡᠨ ᠴᠠᠭ᠄
2025/2/5
      ᠰᠤᠷᠪᠤᠯᠵᠢᠯᠠᠬᠴᠢ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠠᠴᠠ ᠣᠶᠢᠯᠠᠭᠠᠭᠰᠠᠨ ᠢᠶᠠᠷ᠂ ᠲᠤᠰ ᠰᠤᠳᠤᠯᠭᠠᠨ ᠤ ᠭᠠᠵᠠᠷ ᠤᠨ ᠨᠤᠲᠤᠭ ᠪᠡᠯᠴᠢᠭᠡᠷ ᠤᠨ ᠰᠤᠳᠤᠯᠭᠠᠨ ᠤ ᠲᠥᠪ ᠤᠨ ᠰᠤᠳᠤᠯᠤᠨ ᠨᠡᠭᠡᠭᠡᠭᠰᠡᠨ ︽ᠬᠡᠪᠴᠢᠶᠡᠵᠢᠭᠦᠯᠦᠭᠰᠡᠨ ᠴᠢᠨᠠᠷ ᠰᠠᠶᠢᠲᠠᠢ ᠥᠨᠳᠥᠷ ᠤᠨᠠᠯᠲᠠᠲᠤ ᠬᠢᠶᠠᠭ ᠲᠠᠷᠢᠬᠤ ᠮᠡᠷᠭᠡᠵᠢᠯ︾ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯ ᠳᠡᠯᠭᠡᠷᠡᠭᠦᠯᠬᠦ ᠮᠡᠷᠭᠡᠵᠢᠯ ᠢᠶᠠᠷ ᠰᠣᠩᠭᠤᠭᠳᠠᠪᠠ᠃      ᠬᠡᠪᠴᠢᠶᠡᠵᠢᠭᠦᠯᠦᠭᠰᠡᠨ ᠴᠢᠨᠠᠷ ᠰᠠᠶᠢᠲᠠᠢ ᠥᠨᠳᠥᠷ ᠤᠨᠠᠯᠲᠠᠲᠤ ᠬᠢᠶᠠᠭ ᠳᠠᠷᠢᠬᠤ ᠮᠡᠷᠭᠡᠵᠢᠯ ᠪᠣᠯ ᠬᠢᠶᠠᠭ ᠡᠪᠡᠰᠦ ᠶᠢ ᠠᠵᠤ ᠦᠢᠯᠡᠰᠵᠢᠭᠦᠯᠵᠦ ᠬᠡᠪᠴᠢᠶᠡᠵᠢᠭᠦᠯᠦᠨ ᠬᠥᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠦᠷ᠎ᠡ ᠶᠢᠨ ᠰᠣᠶᠣᠭᠠᠯᠠᠬᠤ ᠨᠣᠷᠮ᠎ᠠ ᠳᠣᠣᠷ᠎ᠠ᠂ ᠴᠢᠬᠢ ᠡᠪᠡᠰᠦᠨ ᠤ ᠤᠷᠭᠤᠯᠲᠠ ᠶᠢᠨ ᠦᠶᠡᠯᠡᠯ ᠤᠨ ᠬᠤᠭᠤᠴᠠᠭᠠᠨ ᠳᠤ ᠭᠠᠩ ᠬᠠᠭᠰᠠᠷᠠᠭᠠᠨ ᠳᠤ ᠠᠮᠠᠷᠬᠠᠨ ᠦᠬᠦᠰᠢᠷᠡᠬᠦ ᠪᠠ ᠡᠯᠳᠡᠪ ᠡᠪᠡᠰᠦᠨ ᠤ ᠬᠥᠨᠥᠭᠡᠯ᠂ ᠭᠠᠷᠤᠯᠲᠠ ᠪᠠᠷ ᠪᠠᠭ᠎ᠠ ᠵᠢᠴᠢ ᠠᠵᠤ ᠦᠢᠯᠡᠰᠵᠢᠯᠲᠡ ᠶᠢᠨ ᠬᠡᠮᠵᠢᠶ᠎ᠡ ᠥᠨᠳᠥᠷ ᠪᠤᠰᠤ ᠵᠡᠷᠭᠡ ᠠᠰᠠᠭᠤᠳᠠᠯ ᠳᠤ ᠴᠢᠭᠯᠡᠭᠦᠯᠦᠨ ᠰᠤᠳᠤᠯᠤᠨ ᠨᠡᠭᠡᠭᠡᠵᠡᠢ᠃ ᠣᠶᠢᠷ᠎ᠠ ᠶᠢᠨ ᠵᠢᠯ ᠳᠤ᠂ ᠲᠣᠰ ᠮᠡᠷᠭᠡᠵᠢᠯ ᠢ ᠤᠯᠠᠭᠠᠨᠬᠠᠳᠠ ᠬᠤᠲᠠ᠂ ᠲᠦᠩᠯᠢᠶᠣᠣ ᠬᠤᠲᠠ᠂ ᠬᠢᠩᠭᠠᠨ ᠠᠶᠢᠮᠠᠭ᠂ ᠬᠥᠯᠥᠨ ᠪᠤᠶᠢᠷ ᠬᠤᠳᠠ ᠵᠢᠴᠢ ᠬᠠᠷᠠᠮᠥ᠋ᠷᠡᠨ᠂ ᠭᠢᠷᠢᠨ ᠵᠡᠷᠭᠡ ᠮᠠᠨ ᠤ ᠤᠯᠤᠰ ᠤᠨ ᠬᠢᠶᠠᠭ ᠡᠪᠡᠰᠦᠨ ᠤ ᠭᠤᠣᠯᠳᠠᠯᠭ᠎ᠠ ᠲᠠᠢ ᠬᠥᠭᠵᠢᠯᠲᠡ ᠶᠢᠨ ᠣᠷᠣᠨ ᠪᠦᠰᠡ ᠳᠤ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠨᠡᠶᠢᠲᠡ 150 ᠭᠠᠷᠤᠢ ᠲᠦᠮᠡᠨ ᠮᠦ ᠲᠠᠯᠠᠪᠠᠶ ᠭᠠᠷᠭᠠᠵᠤ᠂ ᠵᠢᠱᠢᠶ᠎ᠡ ᠦᠵᠡᠭᠦᠯᠭᠦ ᠣᠷᠣᠨ ᠤ ᠪᠡᠯᠴᠢᠭᠡᠷ ᠤᠨ ᠮᠦ ᠳᠤᠮᠳᠠᠴᠢ ᠶᠢᠨ ᠬᠠᠭᠤᠷᠠᠢ ᠡᠪᠡᠰᠦᠨ ᠤ ᠭᠠᠷᠤᠯᠲᠠ 20.5 ᠺᠢᠯᠣᠭ᠍ᠷᠠᠮ ᠠᠴᠠ 35.9 ᠺᠢᠯᠣᠭ᠍ᠷᠠᠮ ᠨᠡᠮᠡᠭᠳᠡᠨ᠂ ᠬᠢᠶᠠᠭ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃      ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠣᠷᠣᠭᠰᠠᠨ ᠠᠴᠠ ᠨᠠᠭᠠᠰᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠠᠵᠤ ᠦᠢᠯᠡᠰ ᠤᠨ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠭᠦ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠨᠤᠲᠤᠭ ᠪᠡᠯᠴᠢᠭᠡᠷ ᠤᠨ ᠰᠤᠳᠤᠯᠭᠠᠨ ᠤ ᠲᠥᠪ ᠤᠨ ᠮᠠᠯ ᠠᠵᠤ ᠠᠬᠤᠢ ᠶᠢᠨ ᠮᠡᠷᠭᠡᠵᠢᠯ ᠢ ᠰᠤᠳᠤᠯᠤᠨ ᠨᠡᠭᠡᠭᠡᠵᠦ ᠵᠢᠱᠢᠶ᠎ᠡ ᠦᠵᠡᠭᠦᠯᠭᠦ ᠶᠢ ᠲᠦᠷᠭᠡᠳᠬᠡᠵᠦ᠂ ᠲᠤᠷᠰᠢᠯᠲᠠ ᠶᠢᠨ ᠵᠢᠱᠢᠶ᠎ᠡ ᠦᠵᠡᠭᠦᠯᠭᠦ ᠰᠠᠭᠤᠷᠢᠨ ᠢ ᠭᠤᠣᠯ ᠭᠠᠷᠤᠯᠲᠠ ᠶᠢᠨ ᠣᠷᠣᠨ ᠳᠤ ᠪᠠᠶᠢᠭᠤᠯᠵᠤ᠂ ᠬᠤᠲᠠ ᠰᠢᠶᠠᠨ ᠬᠤᠶᠠᠷ ᠱᠠᠲᠤᠨ ᠤ ᠳᠡᠯᠭᠡᠷᠡᠭᠦᠯᠬᠦ ᠰᠠᠯᠠᠭ᠎ᠠ ᠮᠥᠴᠢᠷ ᠲᠠᠢ ᠨᠢᠭᠲᠠ ᠬᠠᠷᠢᠯᠴᠠᠵᠤ᠂ ᠳᠠᠭᠠᠭᠤᠯᠤᠭᠴᠢ ᠠᠵᠤ ᠠᠬᠤᠶᠢᠯᠠᠯ᠂ ᠬᠤᠷᠰᠢᠶ᠎ᠠ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠠᠷᠢᠵᠤ ᠲᠡᠵᠢᠭᠡᠬᠦ ᠲᠣᠮᠣ ᠡᠷᠦᠭᠡ ᠪᠠᠷ ᠭᠤᠣᠯᠳᠠᠯᠭ᠎ᠠ ᠪᠤᠯᠭᠠᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠭᠪᠤᠷ ᠢ ᠡᠭᠦᠳᠴᠦ᠂ ᠨᠢᠭᠡ ᠪᠦᠯᠦᠭ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠲᠦᠷᠭᠡᠨ ᠣᠨᠳᠣᠣᠰᠢᠭᠤᠯᠤᠨ ᠬᠡᠷᠡᠭᠯᠡᠬᠦ ᠶᠢ ᠪᠡᠶᠡᠯᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠮᠡᠳᠡᠷᠡᠭᠳᠡᠭᠰᠡᠨ ᠪᠠᠶᠢᠨ᠎ᠠ᠃      ᠬᠤᠯᠢᠯᠳᠤᠭᠤᠯᠤᠨ ᠲᠠᠷᠢᠬᠤ ᠪᠠ ᠰᠡᠯᠭᠦᠨ ᠮᠠᠯᠵᠢᠬᠤ ᠨᠢ ᠲᠤᠰ ᠲᠤᠰ 2021 ᠣᠨ ᠤ ᠪᠦᠭᠦ ᠤᠯᠤᠰ ᠤᠨ ᠬᠥᠳᠡᠭᠡ ᠠᠵᠤ ᠠᠬᠤᠢ ᠶᠢᠨ ᠭᠤᠣᠯ ᠳᠡᠯᠭᠡᠷᠡᠭᠦᠯᠬᠦ ᠮᠡᠷᠭᠡᠵᠢᠯ᠂ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠭᠤᠣᠯ ᠳᠡᠯᠭᠡᠷᠡᠭᠦᠯᠬᠦ ᠮᠡᠷᠭᠡᠵᠢᠯ ᠢᠶᠠᠷ ᠦᠨᠡᠯᠡᠭᠳᠡᠪᠡ︔ ᠬᠠᠬᠢᠷ ᠬᠦᠢᠲᠡᠨ ᠡᠯᠡᠰᠦᠷᠬᠡᠭ ᠭᠠᠵᠠᠷ ᠲᠤ ᠪᠣᠷᠣ ᠴᠠᠷᠭᠠᠰᠤᠨ ᠤ ᠥᠯᠴᠢᠷ ᠴᠢᠨᠠᠷ ᠢ ᠲᠡᠭᠡᠭᠰᠢᠯᠡᠭᠦᠯᠭᠦ ᠮᠡᠷᠭᠡᠵᠢᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯ ᠳᠡᠯᠭᠡᠷᠡᠭᠦᠯᠬᠦ ᠮᠡᠷᠭᠡᠵᠢᠯ ᠢᠶᠠᠷ ᠰᠣᠩᠭᠤᠭᠳᠠᠭᠰᠠᠨ ᠪᠥᠭᠡᠳ ᠥᠪᠥᠷ ᠮᠣᠩᠭᠤᠯ ᠤᠨ ᠠᠷᠪᠠᠨ ᠶᠡᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠤᠣᠯ ᠳᠡᠯᠭᠡᠷᠡᠭᠦᠯᠬᠦ ᠮᠡᠷᠭᠡᠵᠢᠯ ᠢᠶᠠᠷ ᠰᠣᠩᠭᠤᠬᠳᠠᠪᠠ︔ ᠴᠠᠷᠭᠠᠰᠤ ᠬᠢᠭᠡᠳ ᠨᠣᠬᠠᠢ ᠶᠢᠨ ᠬᠤᠰᠢᠭᠤ ᠶᠢ ᠡᠭᠡᠯᠵᠢᠯᠡᠨ ᠲᠠᠷᠢᠬᠤ ᠮᠡᠷᠭᠡᠵᠢᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠮᠠᠯ ᠠᠵᠤ ᠠᠬᠤᠢ ᠲᠠᠷᠢᠶᠠᠯᠠᠩ ᠤᠨ ᠭᠤᠣᠯ ᠳᠡᠯᠭᠡᠷᠡᠭᠦᠯᠬᠦ ᠮᠡᠷᠭᠡᠵᠢᠯ ᠢᠶᠠᠷ ᠰᠣᠩᠭᠤᠭᠳᠠᠵᠠᠢ᠃      ᠣᠳᠣᠬᠠᠨ ᠪᠤᠯᠲᠠᠯ᠎ᠠ ᠤᠯᠠᠭᠠᠨᠬᠠᠳᠠ ᠬᠤᠲᠠ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠡᠪᠡᠰᠦᠨ ᠤ ᠠᠵᠤ ᠦᠢᠯᠡᠰ ᠪᠣᠯᠣᠨ ᠮᠠᠯ ᠠᠵᠤ ᠠᠬᠤᠢ ᠳᠤ ᠨᠡᠶᠢᠲᠡ 4 ᠢᠵᠢ ᠨᠡᠶᠢᠲᠡᠯᠢᠭ ᠬᠡᠪ ᠵᠠᠭᠪᠤᠷ ᠬᠠᠩᠭᠠᠵᠤ᠂ 620 ᠭᠠᠷᠤᠢ ᠲᠦᠮᠡᠨ ᠮᠦ ᠪᠡᠯᠴᠢᠭᠡᠷ ᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ 10 ᠳ᠋ᠦᠩᠰᠢᠭᠤᠷ ᠲᠥᠭᠦᠷᠢᠭ ᠤᠨ ᠤᠷᠤᠯᠭ᠎ᠠ ᠶᠢ ᠨᠡᠮᠡᠭᠳᠡᠭᠦᠯᠦᠭᠰᠡᠨ ᠪᠠᠶᠢᠨ᠎ᠠ᠃ 
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号