ᠬᠤᠵᠢᠷᠯᠢᠭᠭᠠᠵᠠᠷ ᠤᠨ ᠬᠥᠷᠥᠰᠥ ᠰᠢᠷᠣᠢ ᠶᠢᠨ ᠲᠤᠰᠬᠠᠢ ᠰᠡᠳᠦᠪᠲᠦ ᠪᠠᠶᠢᠴᠠᠭᠠᠯᠲᠠ ᠪᠣᠯ ᠭᠤᠷᠪᠠᠳᠤᠭᠠᠷ | ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠨᠢᠭᠡᠨ ᠴᠢᠬᠤᠯᠠ | ᠡᠭᠦᠷᠭᠡ ᠮᠥᠨ᠂ ᠨᠠᠩ ᠴᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠨᠢᠭᠡ ᠵᠦᠢᠯ ᠤᠨ ᠠᠵᠢᠯ ᠮᠥᠨ᠃ ᠪᠥᠬᠦ ᠣᠷᠣᠨ ᠤ ᠬᠤᠵᠢᠷᠯᠢᠭ ᠭᠠᠵᠠᠷ ᠤᠨ | ᠬᠥᠷᠥᠰᠥ ᠰᠢᠷᠣᠢ ᠶᠢᠨ ᠲᠤᠰᠬᠠᠢ ᠰᠡᠳᠦᠪᠲᠦ ᠪᠠᠶᠢᠴᠠᠭᠠᠯᠲᠠ ᠶᠢᠨ ᠦᠷ᠎ᠡ ᠪᠦᠲᠦᠭᠡᠯ ᠢ ᠰᠢᠨᠵᠢᠯᠡᠬᠦ ᠤᠬᠠᠭᠠᠨᠴᠢ ᠪᠠᠷ | ᠵᠢᠷᠤᠮᠵᠢᠭᠤᠯᠤᠨ ᠥᠷᠨᠢᠭᠦᠯᠬᠦ ᠶᠢᠨ ᠲᠤᠰᠠᠳᠠ᠂ 1 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠠᠴᠠ | ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠤᠨ ᠬᠤᠷᠠᠯᠳᠤᠭᠤᠯᠤᠭᠰᠠᠨ | ᠬᠤᠵᠢᠷᠯᠢᠭ ᠭᠠᠵᠠᠷ ᠤᠨ ᠬᠥᠷᠥᠰᠥ ᠰᠢᠷᠣᠢ ᠶᠢᠨ ᠲᠤᠰᠬᠠᠢ ᠰᠡᠳᠦᠪᠲᠦ ᠪᠠᠶᠢᠴᠠᠭᠠᠯᠲᠠ ᠶᠢᠨ ᠦᠷ᠎ᠡ ᠪᠦᠲᠦᠭᠡᠯ ᠤᠨ | ᠪᠦᠷᠢᠯᠳᠦᠯ ᠤᠨ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠬᠤᠷᠠᠯ ᠳᠤ ᠣᠷᠣᠯᠴᠠᠭᠰᠠᠨ ᠪᠥᠭᠡᠳ ᠨᠡᠶᠢᠲᠡᠯᠢᠭ ᠶᠠᠷᠢᠶ᠎ᠠ | ᠲᠠᠯᠪᠢᠪᠠ᠃ ᠬᠥᠬᠡᠬᠤᠲᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠬᠤᠪᠢᠶᠠᠷᠢ ᠬᠤᠷᠠᠯ ᠤᠨ ᠲᠠᠯᠠᠪᠠᠶ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠤᠨ | ᠲᠤᠰᠬᠠᠢ ᠠᠩᠭᠢ ᠶᠢᠨ ᠪᠥᠬᠦ ᠠᠵᠢᠯᠲᠠᠨ᠂ ᠬᠤᠵᠢᠷᠯᠢᠭ ᠭᠠᠵᠠᠷ ᠤᠨ ᠲᠤᠰᠬᠠᠢ ᠰᠡᠳᠦᠪᠲᠦ ᠪᠠᠶᠢᠴᠠᠭᠠᠯᠲᠠ ᠶᠢᠨ | ᠵᠢᠷᠤᠯᠭ᠎ᠠ ᠶᠢᠨ ᠨᠢᠭᠡᠴᠡ ᠶᠢᠨ ᠬᠠᠮᠢᠶ᠎ᠠ ᠪᠦᠬᠦᠢ ᠠᠵᠢᠯᠲᠠᠨ ᠬᠤᠷᠠᠯ ᠳᠤ ᠣᠷᠣᠯᠴᠠᠪᠠ᠃ | | | | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠬᠤᠵᠢᠷᠯᠢᠭ ᠭᠠᠵᠠᠷ ᠤᠨ ᠬᠥᠷᠥᠰᠥ ᠰᠢᠷᠣᠢ ᠶᠢᠨ ᠲᠤᠰᠬᠠᠢ | ᠰᠡᠳᠦᠪᠲᠦ ᠦᠷ᠎ᠡ ᠪᠦᠲᠦᠭᠡᠯ ᠳᠠᠬᠢ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠴᠤᠭᠯᠠᠭᠤᠯᠬᠤ᠂ ᠵᠢᠷᠤᠯᠭ᠎ᠠ ᠶᠢᠨ ᠠᠷᠭ᠎ᠠ | ᠵᠢᠴᠢ ᠶᠠᠪᠤᠴᠠ᠂ ᠲᠤᠬᠠᠢ ᠶᠢᠨ ᠲᠠᠯᠠᠪᠤᠷ ᠲᠤ ᠬᠠᠷᠭᠤᠭᠤᠯᠤᠨ ᠬᠢᠨᠠᠬᠤ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ | ᠬᠤᠪᠢᠶᠠᠯᠴᠠᠪᠠ᠃ ᠥᠪᠥᠷ ᠮᠣᠩᠭᠤᠯ ᠳᠤ ᠨᠡᠶᠢᠲᠡ 88 ᠬᠤᠵᠢᠷᠯᠢᠭ ᠭᠠᠵᠠᠷ ᠤᠨ ᠨᠡᠶᠢᠳᠡᠮ ᠤᠨ ᠪᠠᠶᠢᠴᠠᠭᠠᠯᠲᠠ ᠶᠢᠨ | ᠬᠤᠰᠢᠭᠤ ᠰᠢᠶᠠᠨ ᠪᠠᠶᠢᠵᠤ᠂ ᠬᠤᠵᠢᠷᠯᠢᠭ ᠭᠠᠵᠠᠷ ᠤᠨ ᠨᠡᠶᠢᠳᠡᠮ ᠤᠨ ᠪᠠᠶᠢᠴᠠᠭᠠᠯᠲᠠ ᠶᠢᠨ ᠥᠯᠢᠭᠡᠷ ᠶᠠᠩᠵᠤ ᠨᠢ 7. | 3 ᠲᠦᠮᠡ ᠳᠤ ᠬᠦᠷᠴᠦ᠂ ᠥᠯᠢᠭᠡᠷ ᠶᠠᠩᠵᠤ ᠨᠢ ᠣᠯᠠᠨ᠂ ᠴᠠᠭ ᠨᠢ ᠪᠠᠴᠢᠮ᠂ ᠡᠭᠦᠷᠭᠡ ᠨᠢ ᠬᠦᠨᠳᠦ ᠪᠣᠯᠬᠤᠷ | ᠥᠪᠡᠷᠲᠡᠭᠡᠨ ᠵᠠᠰᠠᠬᠤ ᠣᠷᠣᠨ ᠠᠴᠠ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠤᠷᠢᠳ ᠢᠶᠠᠷ ᠲᠦᠯᠬᠢᠨ ᠠᠬᠢᠭᠤᠯᠵᠤ᠂ | ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ 2024 ᠣᠨ ᠤ ᠡᠴᠦᠰ ᠲᠤ ᠪᠥᠬᠦ ᠬᠤᠵᠢᠷᠯᠢᠭ | ᠭᠠᠵᠠᠷ ᠤᠨ ᠥᠯᠢᠭᠡᠷ ᠡᠳ᠋ ᠤᠨ ᠬᠡᠭᠡᠷ᠎ᠡ ᠶᠢᠨ ᠠᠵᠢᠯ ᠤᠨ ᠪᠠᠶᠢᠴᠠᠭᠠᠯᠲᠠ ᠶᠢᠨ ᠥᠯᠢᠭᠡᠷ ᠶᠠᠩᠵᠤ ᠠᠪᠬᠤ᠂ ᠥᠯᠢᠭᠡᠷ | ᠡᠳ᠋ ᠦᠢᠯᠡᠳᠬᠦ ᠪᠠ ᠳᠣᠲᠣᠭᠠᠳᠤ ᠠᠵᠢᠯ ᠤᠨ ᠰᠢᠯᠭᠠᠨ ᠪᠠᠶᠢᠴᠠᠭᠠᠵᠤ ᠰᠢᠨᠵᠢᠯᠡᠨ ᠰᠢᠯᠭᠠᠬᠤ ᠠᠵᠢᠯ ᠢ ᠪᠡᠶᠡᠯᠡᠭᠦᠯᠵᠦ᠂ | ᠣᠲᠣ ᠨᠢᠭᠡᠨᠲᠡ ᠠᠩᠬ᠎ᠠ ᠠᠯᠬᠤᠮ ᠦᠷ᠎ᠡ ᠪᠦᠲᠦᠭᠡᠯ ᠢ ᠨᠠᠶᠢᠷᠠᠭᠤᠯᠤᠨ ᠵᠣᠬᠢᠶᠠᠵᠤ ᠬᠤᠷᠢᠶᠠᠩᠭᠤᠶᠢᠯᠠᠬᠤ ᠱᠠᠲᠤᠨ ᠳᠤ | ᠣᠷᠣᠭᠰᠠᠨ ᠪᠠᠶᠢᠨ᠎ᠠ᠃ | | | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠨ ᠬᠢᠨ ᠬᠤᠵᠢᠷᠯᠢᠭ ᠭᠠᠵᠠᠷ ᠤᠨ ᠦᠷ᠎ᠡ ᠪᠦᠲᠦᠭᠡᠯ ᠤᠨ | ᠪᠦᠷᠢᠯᠳᠦᠬᠦ ᠶᠢ ᠪᠦᠬᠦ ᠲᠠᠯ᠎ᠠ ᠪᠠᠷ ᠠᠬᠢᠭᠤᠯᠵᠤ᠂ ᠮᠡᠷᠭᠡᠵᠢᠯ ᠤᠨ ᠵᠢᠯᠣᠭᠤᠳᠤᠯᠭ᠎ᠠ ᠪᠣᠯᠣᠨ ᠶᠠᠰᠤ ᠴᠢᠨᠠᠷ ᠤᠨ ᠡᠵᠡᠮᠳᠡᠯ ᠢ | ᠴᠢᠩᠭᠠᠳᠬᠠᠵᠤ᠂ ᠲᠤᠰ ᠭᠠᠵᠠᠷ ᠣᠷᠣᠨ ᠳᠤ ᠣᠷᠣᠰᠢᠵᠤ ᠪᠠᠶᠢᠭ᠎ᠠ ᠳᠣᠲᠣᠭᠠᠳᠤ ᠦᠢᠯᠡᠰ ᠤᠨ ᠰᠢᠯᠭᠠᠨ ᠪᠠᠶᠢᠴᠠᠭᠠᠬᠤ | ᠠᠬᠢᠴᠠ ᠤᠳᠠᠭᠠᠨ᠂ ᠦᠷ᠎ᠡ ᠪᠦᠲᠦᠭᠡᠯ ᠢ ᠨᠠᠶᠢᠷᠠᠭᠤᠯᠤᠨ ᠵᠣᠬᠢᠶᠠᠬᠤ ᠨᠢᠭᠡᠴᠡ ᠶᠢᠨ ᠮᠡᠷᠭᠡᠵᠢᠯ ᠤᠨ ᠬᠦᠴᠦᠨ ᠪᠠᠭᠤᠷᠠᠢ᠂ | ᠲᠤᠭ᠎ᠠ ᠪᠠᠷᠢᠮᠲᠠ ᠶᠢᠨ ᠪᠣᠭᠤᠮᠲᠠ ᠶᠢ ᠡᠵᠡᠮᠳᠡᠬᠦ᠂ ᠶᠠᠰᠤ ᠴᠢᠨᠠᠷ ᠤᠨ ᠡᠵᠡᠮᠳᠡᠯ ᠵᠡᠷᠭᠡ ᠠᠰᠠᠭᠤᠳᠠᠯ ᠢ ᠭᠤᠣᠯᠳᠠᠯᠭ᠎ᠠ ᠲᠠᠢ | ᠰᠢᠢᠳᠪᠦᠷᠢᠯᠡᠵᠦ᠂ ᠦᠷ᠎ᠡ ᠪᠦᠲᠦᠭᠡᠯ ᠤᠨ ᠪᠦᠷᠢᠯᠳᠦᠬᠦ ᠡᠯ᠎ᠡ ᠵᠦᠢᠯ ᠤᠨ ᠠᠵᠢᠯ ᠢ ᠲᠦᠷᠭᠡᠨ ᠠᠬᠢᠭᠤᠯᠬᠤ ᠳᠤ ᠭᠤᠷᠪᠠᠨ | ᠲᠠᠯ᠎ᠠ ᠪᠠᠷ ᠭᠤᠣᠯᠳᠠᠯᠭ᠎ᠠ ᠲᠠᠢ ᠬᠦᠴᠦ ᠲᠠᠯᠪᠢᠬᠤ ᠬᠡᠷᠡᠭᠲᠡᠢ᠃ ᠨᠢᠭᠡ ᠳᠤ ᠬᠠᠷᠢᠭᠤᠴᠠᠯᠭ᠎ᠠ ᠶᠢᠨ ᠪᠡᠶᠡᠴᠢ ᠴᠣᠭᠴᠠ ᠶᠢ | ᠴᠢᠩᠭᠠᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠡᠯ᠎ᠡ ᠱᠠᠲᠤᠨ ᠤ ᠬᠥᠷᠥᠰᠥ ᠰᠢᠷᠣᠢ ᠶᠢᠨ ᠨᠡᠶᠢᠳᠡᠮ ᠤᠨ | ᠪᠠᠶᠢᠴᠠᠭᠠᠯᠲᠠ ᠶᠢᠨ ᠠᠯᠪᠠᠨ ᠭᠡᠷ ᠨᠢ ᠰᠠᠨᠠᠭᠠᠴᠢᠯᠠᠭ᠎ᠠ ᠠᠴᠠ ᠪᠠᠨ ᠣᠷᠣᠨ ᠪᠠᠶᠢᠷᠢ ᠳᠤ ᠣᠷᠣᠵᠤ᠂ ᠬᠠᠷᠢᠭᠤᠴᠠᠯᠭ᠎ᠠ | ᠡᠭᠦᠷᠭᠡᠯᠡᠨ᠂ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠵᠤ᠂ ᠨᠢᠭᠡ ᠳᠠᠭᠠᠭᠠᠴᠢᠯᠠᠨ | ᠳᠠᠭᠤᠰᠬᠠᠬᠤ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ︔ ᠦᠷ᠎ᠡ ᠪᠦᠲᠦᠭᠡᠯ ᠤᠨ ᠪᠦᠷᠢᠯᠳᠦᠯ ᠢ | ᠡᠭᠦᠷᠭᠡᠯᠡᠭᠰᠡᠨ ᠨᠢᠭᠡᠴᠡ ᠨᠢ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠠᠵᠢᠯ ᠤᠨ | ᠲᠥᠰᠥᠯ ᠤᠨ ᠵᠢᠷᠤᠮᠵᠢᠯ ᠢ ᠴᠢᠩᠭ᠎ᠠ ᠵᠢᠷᠤᠮᠯᠠᠨ ᠦᠷ᠎ᠡ ᠪᠦᠲᠦᠭᠡᠯ ᠤᠨ ᠪᠦᠷᠢᠯᠳᠦᠯ ᠤᠨ ᠡᠯ᠎ᠡ ᠵᠦᠢᠯ ᠤᠨ ᠠᠵᠢᠯ ᠢ | ᠥᠷᠨᠢᠭᠦᠯᠬᠦ ᠬᠡᠷᠡᠭᠲᠡᠢ︔ ᠡᠯ᠎ᠡ ᠱᠠᠲᠤᠨ ᠤ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠤᠳ ᠪᠦᠬᠦ᠋ᠢᠯᠡ | ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠵᠢᠷᠤᠭᠯᠠᠬᠤ᠂ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠶᠠᠪᠤᠴᠠ ᠳᠤ | ᠢᠳᠡᠪᠬᠢᠲᠡᠢ ᠣᠷᠣᠯᠴᠠᠬᠤ ᠬᠡᠷᠡᠭᠲᠡᠢ︔ ᠲᠤᠰᠬᠠᠢ ᠮᠡᠷᠭᠡᠵᠢᠯᠲᠡᠨ ᠤ ᠲᠧᠭᠨᠢᠭ ᠮᠡᠷᠭᠡᠵᠢᠯ ᠤᠨ ᠵᠢᠯᠣᠭᠤᠳᠤᠯᠭ᠎ᠠ ᠪᠠ ᠶᠠᠰᠤ | ᠴᠢᠨᠠᠷ ᠤᠨ ᠬᠢᠵᠠᠭᠠᠷᠯᠠᠯ ᠢ ᠴᠢᠩᠭᠠᠳᠬᠠᠵᠤ᠂ ᠢᠯᠠᠩᠭᠤᠶ᠎ᠠ ᠲᠧᠭᠨᠢᠭ ᠮᠡᠷᠭᠡᠵᠢᠯ ᠤᠨ ᠨᠢᠭᠡᠴᠡ ᠶᠢᠨ ᠠᠵᠢᠯ ᠤᠨ | ᠶᠠᠪᠤᠴᠠ ᠳᠠᠬᠢ ᠬᠢᠨᠠᠯᠲᠠ ᠵᠢᠯᠣᠭᠤᠳᠤᠯᠭ᠎ᠠ ᠶᠢ ᠴᠢᠩᠭᠠᠳᠬᠠᠵᠤ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ | ᠬᠡᠷᠡᠭᠲᠡᠢ᠃ ᠬᠤᠶᠠᠷ ᠲᠤ ᠮᠡᠷᠭᠡᠵᠢᠯ ᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ | ᠨᠢᠭᠡᠳᠦᠭᠡᠷ ᠲᠤ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠶᠢ ᠴᠢᠩᠭᠠᠳᠬᠠᠬᠤ ᠬᠡᠷᠡᠭᠲᠡᠢ᠃ | ᠳᠣᠲᠣᠭᠠᠳᠤ ᠭᠠᠳᠠᠭᠠᠳᠤ ᠦᠢᠯᠡᠰ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠶᠢᠨ ᠪᠣᠭᠤᠮᠲᠠ ᠶᠢ ᠴᠢᠩᠭ᠎ᠠ | ᠠᠳᠬᠤᠬᠤ ᠪᠠᠷ ᠪᠠᠷᠠᠬᠤ ᠦᠭᠡᠢ᠂ ᠪᠠᠰᠠ ᠠᠯᠤᠰ ᠰᠡᠷᠡᠯ ᠤᠨ ᠮᠠᠲ᠋ᠧᠷᠢᠶᠠᠯ᠂ ᠣᠷᠴᠢᠨ ᠲᠣᠭᠤᠷᠢᠨ ᠤ ᠬᠤᠪᠢᠰᠤᠭᠴᠢ | ᠬᠡᠮᠵᠢᠭᠳᠡᠬᠦᠨ ᠵᠡᠷᠭᠡ ᠬᠠᠮᠢᠶ᠎ᠠ ᠪᠦᠬᠦᠢ ᠴᠤᠭᠯᠠᠭᠤᠯᠤᠭᠰᠠᠨ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠬᠢᠨᠠᠨ | ᠬᠠᠷᠭᠤᠭᠤᠯᠬᠤ ᠶᠢᠨ ᠪᠣᠭᠤᠮᠲᠠ ᠶᠢ ᠴᠢᠩᠭ᠎ᠠ ᠠᠳᠬᠤᠵᠤ᠂ ᠦᠷ᠎ᠡ ᠪᠦᠲᠦᠭᠡᠯ ᠳᠤ ᠬᠡᠷᠡᠭᠯᠡᠬᠦ ᠲᠤᠭ᠎ᠠ ᠪᠠᠷᠢᠮᠲᠠ ᠶᠢᠨ | ᠯᠠᠪᠲᠠᠢ ᠨᠠᠶᠢᠳᠠᠪᠤᠷᠢᠲᠠᠢ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠳᠤᠭᠠᠷ ᠲᠤ ᠪᠦᠬᠦᠯᠢ | ᠴᠣᠭᠴᠠ ᠶᠢᠨ ᠲᠤᠰᠬᠠᠢ ᠰᠡᠳᠦᠪᠲᠦ ᠵᠢᠷᠤᠯᠭ᠎ᠠ ᠶᠢᠨ ᠶᠠᠪᠤᠴᠠ ᠪᠠ ᠠᠷᠭ᠎ᠠ ᠶᠢ ᠴᠢᠩᠳᠠᠯᠠᠬᠤ ᠬᠡᠷᠡᠭᠲᠡᠢ᠃ ᠪᠦᠬᠦ᠋ᠢᠯᠡ | ᠵᠢᠷᠤᠯᠭ᠎ᠠ ᠶᠢᠨ ᠶᠠᠪᠤᠴᠠ ᠳᠤ ᠣᠷᠴᠢᠨ ᠲᠣᠭᠤᠷᠢᠨ ᠤ ᠬᠤᠪᠢᠰᠤᠭᠴᠢ ᠬᠡᠮᠵᠢᠭᠳᠡᠬᠦᠨ ᠤ ᠰᠣᠩᠭᠤᠯᠲᠠ ᠵᠢᠴᠢ | ᠵᠠᠭᠪᠤᠷ ᠤᠨ ᠴᠣᠭᠴᠠᠯᠠᠯᠲᠠ ᠨᠢ ᠬᠤᠵᠢᠷᠯᠢᠭ ᠭᠠᠵᠠᠷ ᠲᠠᠢ ᠨᠢᠭᠲᠠ ᠬᠤᠯᠪᠣᠭ᠎ᠠ ᠲᠠᠢ ᠮᠥᠷᠲᠡᠭᠡᠨ ᠪᠠᠰᠠ ᠣᠷᠣᠨ | ᠪᠦᠰᠡ ᠶᠢᠨ ᠣᠨᠴᠠᠯᠢᠭ ᠢ ᠢᠯᠡᠷᠡᠭᠦᠯᠬᠦ ᠬᠡᠷᠡᠭᠲᠡᠢ᠃ ᠭᠤᠷᠪᠠᠳᠤᠭᠠᠷ ᠲᠤ ᠦᠷ᠎ᠡ ᠪᠦᠲᠦᠭᠡᠯ ᠤᠨ ᠪᠦᠷᠢᠯᠳᠦᠯ ᠢ ᠲᠠᠬᠢᠨ | ᠬᠢᠨᠠᠬᠤ ᠶᠢ ᠴᠢᠩᠭᠠᠳᠬᠠᠬᠤ ᠬᠡᠷᠡᠭᠲᠡᠢ᠃ ᠦᠷ᠎ᠡ ᠪᠦᠲᠦᠭᠡᠯ ᠢ ᠪᠦᠷᠢᠯᠳᠦᠭᠦᠯᠦᠭᠰᠡᠨ ᠤ ᠳᠠᠷᠠᠭ᠎ᠠ ᠲᠤᠬᠠᠢ ᠶᠢᠨ ᠲᠠᠯᠠᠪᠤᠷ | ᠲᠤᠨᠢ ᠬᠠᠷᠭᠤᠭᠤᠯᠤᠨ ᠪᠠᠶᠢᠴᠠᠭᠠᠬᠤ ᠵᠢᠴᠢ ᠲᠠᠷᠢᠶᠠᠯᠠᠩ ᠤᠨ ᠰᠠᠯᠠᠭ᠎ᠠ ᠮᠥᠴᠢᠷ ᠤᠨ ᠨᠤᠲᠠᠯᠠᠯᠲᠠ ᠶᠢᠨ ᠬᠤᠣᠰ ᠳᠠᠬᠢᠨ | ᠬᠠᠷᠭᠤᠭᠤᠯᠤᠯᠲᠠ ᠶᠢ ᠥᠷᠨᠢᠭᠦᠯᠵᠦ᠂ ᠪᠦᠷᠢᠯᠳᠦᠭᠦᠯᠦᠭᠰᠡᠨ ᠦᠷ᠎ᠡ ᠪᠦᠲᠦᠭᠡᠯ ᠤᠨ ᠦᠨᠡᠨ ᠪᠣᠳᠠᠲᠠᠢ ᠪᠥᠭᠡᠳ | ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠷᠪᠠ ᠳᠤ ᠴᠠᠭ ᠬᠤᠭᠤᠴᠠᠭᠠᠨ ᠤ ᠵᠠᠩᠭᠢᠯᠠᠭ᠎ᠠ ᠶᠢᠨ | ᠴᠡᠭ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠡᠯ᠎ᠡ ᠭᠠᠵᠠᠷ ᠤᠨ ᠬᠢᠨ ᠡᠭᠦᠷᠭᠡ ᠲᠣᠬᠢᠷᠠᠭᠤᠯᠬᠤ ᠪᠠᠨ ᠰᠠᠶᠢᠲᠤᠷ ᠬᠢᠵᠦ᠂ | ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠲᠣᠬᠢᠷᠠᠭᠤᠯᠵᠤ᠂ ᠴᠠᠭ ᠨᠡᠮᠡᠵᠦ ᠠᠵᠢᠯᠯᠠᠭᠤᠯᠵᠤ᠂ ᠴᠠᠭ ᠤᠨ | ᠱᠠᠭᠠᠷᠳᠠᠯᠭ᠎ᠠ ᠶᠣᠰᠣᠭᠠᠷ ᠬᠤᠵᠢᠷᠯᠢᠭ ᠭᠠᠵᠠᠷ ᠤᠨ ᠨᠡᠶᠢᠳᠡᠮ ᠤᠨ ᠪᠠᠶᠢᠴᠠᠭᠠᠯᠲᠠ ᠶᠢᠨ ᠡᠭᠦᠷᠭᠡ ᠶᠢ ᠴᠢᠨᠠᠷ ᠰᠠᠶᠢᠲᠠᠢ | ᠪᠡᠶᠡᠯᠡᠭᠦᠯᠬᠦ ᠬᠡᠷᠡᠭᠲᠡᠢ ᠭᠡᠪᠡ᠃ | ᠥᠪᠡᠷᠲᠡᠭᠡᠨ ᠵᠠᠰᠠᠬᠤ ᠣᠷᠣᠨ ᠠᠴᠠ ᠬᠤᠵᠢᠷᠯᠢᠭ ᠭᠠᠵᠠᠷ ᠤᠨ ᠲᠤᠰᠬᠠᠢ ᠰᠡᠳᠦᠪᠲᠦ ᠪᠠᠶᠢᠴᠠᠭᠠᠯᠲᠠ ᠶᠢᠨ | ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠠᠬ᠎ᠠ ᠳᠡᠭᠦᠦ ᠮᠤᠵᠢ ᠶᠢᠨ ᠲᠡᠷᠢᠭᠦᠨ ᠤ ᠲᠤᠷᠰᠢᠯᠭ᠎ᠠ ᠠᠷᠭ᠎ᠠ | ᠬᠢᠳᠡᠯ ᠢ ᠰᠤᠷᠤᠯᠴᠠᠨ ᠲᠣᠯᠢᠯᠠᠵᠤ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠲᠤᠰᠬᠠᠢ ᠰᠡᠳᠦᠪᠲᠦ ᠵᠢᠷᠤᠭ ᠢ | ᠦᠢᠯᠡᠳᠬᠦ᠂ ᠮᠡᠳᠡᠭᠦᠯᠦᠯᠲᠡ ᠨᠠᠶᠢᠷᠠᠭᠤᠯᠤᠨ ᠪᠢᠴᠢᠬᠦ᠂ ᠲᠤᠭ᠎ᠠ ᠪᠠᠷᠢᠮᠲᠠ ᠶᠢᠨ ᠬᠥᠮᠥᠷᠭᠡ ᠪᠠᠶᠢᠭᠤᠯᠬᠤ ᠵᠡᠷᠭᠡ | ᠮᠡᠷᠭᠡᠵᠢᠯ ᠤᠨ ᠬᠢᠨᠠᠯᠲᠠ ᠵᠢᠯᠣᠭᠤᠳᠤᠯᠭ᠎ᠠ ᠶᠢ ᠴᠢᠩᠭᠠᠳᠬᠠᠵᠤ᠂ ᠬᠤᠵᠢᠷᠯᠢᠭ ᠭᠠᠵᠠᠷ ᠤᠨ ᠲᠤᠰᠬᠠᠢ ᠰᠡᠳᠦᠪᠲᠦ | ᠪᠠᠶᠢᠴᠠᠭᠠᠯᠲᠠ ᠶᠢ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠰᠠᠶᠢᠲᠤᠷ ᠪᠡᠶᠡᠯᠡᠭᠦᠯᠵᠦ᠂ ᠬᠤᠵᠢᠷᠯᠢᠭ | ᠭᠠᠵᠠᠷ ᠤᠨ ᠲᠦᠷᠦᠯ ᠬᠡᠯᠪᠡᠷᠢ᠂ ᠬᠡᠮᠵᠢᠶ᠎ᠡ᠂ ᠲᠠᠷᠬᠠᠯᠲᠠ᠂ ᠲᠠᠯᠠᠪᠠᠢ ᠶᠢ ᠲᠣᠳᠣᠷᠬᠠᠢ ᠣᠶᠢᠯᠠᠭᠠᠵᠤ᠂ ᠬᠤᠵᠢᠷᠯᠢᠭ ᠭᠠᠵᠠᠷ ᠢ | ᠶᠡᠷᠦᠩᠬᠡᠶᠢᠯᠡᠨ ᠥᠭᠡᠷᠡᠴᠢᠯᠡᠵᠦ ᠠᠰᠢᠭᠯᠠᠬᠤ ᠶᠢ ᠰᠠᠶᠢᠲᠤᠷ ᠠᠳᠬᠤᠬᠤ ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ | ᠬᠠᠩᠭᠠᠭᠰᠠᠨ ᠪᠠᠶᠢᠨ᠎ᠠ᠃ |