ᠤᠮᠠᠷᠠᠲᠤ ᠣᠷᠣᠨ ᠤ ᠡᠪᠦᠯ ᠤᠨ ᠤᠯᠠᠷᠢᠯ ᠤᠨ ᠬᠦᠢᠲᠡᠨ ᠠᠭᠤᠷ ᠠᠮᠢᠰᠬᠤᠯ ᠤᠨ ᠨᠥᠬᠦᠴᠡᠯ ᠳᠤ ᠴᠢᠭᠯᠡᠭᠦᠯᠦᠨ᠂ | ᠠᠯᠠᠰᠢᠨ ᠦᠬᠡᠷ ᠤᠨ ᠦᠨᠳᠦᠰᠦᠨ ᠦᠢᠯᠡᠳᠪᠦᠷᠢᠯᠡᠬᠦ ᠴᠢᠳᠠᠪᠤᠷᠢ ᠶᠢ ᠲᠣᠭᠲᠠᠪᠤᠷᠢᠵᠢᠭᠤᠯᠵᠤ᠂ ᠲᠡᠵᠢᠭᠡᠨ | ᠦᠷᠡᠵᠢᠭᠦᠯᠬᠦ ᠲᠠᠯᠠᠪᠠᠶ ᠶᠢᠨ ᠡᠷᠦᠬᠡ ᠶᠢ ᠵᠢᠯᠣᠭᠤᠳᠤᠨ ᠦᠢᠯᠡᠳᠪᠦᠷᠢᠯᠡᠯ ᠬᠠᠮᠢᠶᠠᠷᠤᠯᠲᠠ ᠶᠢ ᠰᠠᠶᠢᠲᠤᠷ ᠬᠢᠬᠦ ᠶᠢᠨ | ᠲᠥᠯᠥᠭᠡ᠂ ᠬᠦᠢᠲᠡᠨ ᠢ ᠰᠡᠷᠭᠡᠶᠢᠯᠡᠨ ᠳᠤᠯᠠᠭᠠᠯᠠᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠢᠮ᠎ᠡ | ᠲᠡᠵᠢᠭᠡᠯ ᠲᠠᠢ ᠲᠡᠵᠢᠭᠡᠬᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠪᠠᠷ ᠮᠡᠷᠭᠡᠵᠢᠯ ᠤᠨ ᠠᠷᠭ᠎ᠠ | ᠬᠡᠮᠵᠢᠶ᠎ᠡ ᠶᠢᠨ ᠰᠠᠨᠠᠭᠤᠯᠭ᠎ᠠ ᠳᠤᠷᠠᠳᠴᠤ᠂ ᠠᠯᠠᠰᠢᠨ ᠦᠬᠡᠷ ᠤᠨ ᠠᠮᠤᠷ ᠲᠦᠪᠰᠢᠨ ᠢᠶᠠᠷ ᠡᠪᠦᠯᠵᠢᠬᠦ ᠪᠠ ᠲᠡᠵᠢᠭᠡᠨ | ᠦᠷᠡᠵᠢᠭᠦᠯᠬᠦ ᠲᠠᠯᠠᠪᠠᠶ ᠶᠢᠨ ᠡᠷᠦᠬᠡ ᠶᠢᠨ ᠥᠪᠡᠷ ᠤᠨ ᠥᠷᠲᠡᠭ ᠢᠶᠠᠨ ᠠᠷᠪᠢᠯᠠᠨ ᠦᠷ᠎ᠡ ᠠᠰᠢᠭ ᠢᠶᠠᠨ | ᠨᠡᠮᠡᠭᠳᠡᠭᠦᠯᠬᠦ ᠳᠤ ᠯᠠᠪᠯᠠᠯᠲᠠ ᠪᠣᠯᠭᠠᠬᠤ ᠶᠢ ᠵᠤᠷᠢᠪᠠ᠃ | 1. ᠤᠳᠤᠷᠢᠳᠬᠠᠯ | ᠲᠤᠭᠤᠯ ᠶᠡᠷᠦ ᠳᠡᠭᠡᠨ 3 ᠰᠠᠷ᠎ᠠ ᠪᠤᠶᠤ 4—6 ᠰᠠᠷ᠎ᠠ ᠶᠢᠨ ᠲᠤᠭᠤᠯ ᠢ ᠵᠢᠭᠠᠳᠠᠭ᠃ ᠲᠤᠭᠤᠯ ᠲᠦᠷᠦᠭᠦ | ᠦᠶ᠎ᠡ ᠳᠤ ᠲᠥᠷᠥᠯᠬᠢ ᠡᠭᠡᠯᠢᠯᠡᠭᠡ ᠨᠢ ᠪᠠᠷᠤᠭ ᠪᠠᠶᠢᠬᠤ ᠦᠭᠡᠢ ᠪᠥᠭᠡᠳ ᠬᠡᠪᠢᠭᠴᠢ ᠠᠮᠢᠲᠠᠨ ᠪᠣᠯᠵᠤ ᠪᠣᠶᠢᠵᠢᠭᠠᠳᠤᠢ | ᠪᠠᠶᠢᠳᠠᠭ᠃ ᠲᠤᠭᠤᠯ ᠤᠨ ᠡᠷᠡᠭᠦᠯ ᠴᠢᠭᠢᠷᠠᠭ ᠨᠢ ᠲᠡᠭᠦᠨ ᠤ ᠥᠰᠦᠯᠲᠡ ᠪᠤᠶᠢᠵᠢᠯᠲᠠ ᠶᠢ ᠰᠢᠭᠤᠳ ᠨᠥᠯᠥᠭᠡᠯᠡᠬᠦ ᠪᠠᠷ | ᠪᠠᠷᠠᠬᠤ ᠦᠭᠡᠢ᠂ ᠨᠠᠰᠤᠨ ᠳᠤ ᠬᠦᠷᠦᠭᠰᠡᠨ ᠤ ᠳᠠᠷᠠᠭᠠᠬᠢ ᠥᠰᠦᠯᠲᠡ ᠶᠢᠨ ᠴᠢᠳᠠᠪᠤᠷᠢ ᠶᠢ ᠨᠢ ᠴᠦ ᠨᠥᠯᠥᠭᠡᠯᠡᠳᠡᠭ᠃ | ᠡᠪᠦᠯ ᠤᠨ ᠤᠯᠠᠷᠢᠯ ᠤᠨ ᠬᠦᠢᠲᠡᠨ ᠣᠷᠴᠢᠨ ᠲᠣᠭᠤᠷᠢᠨ ᠨᠢ ᠮᠠᠨ ᠤ ᠤᠯᠤᠰ ᠢᠯᠠᠩᠭᠤᠶ᠎ᠠ ᠤᠮᠠᠷᠠᠲᠤ ᠣᠷᠣᠨ ᠤ | ᠲᠤᠭᠤᠯ ᠤᠨ ᠡᠷᠡᠭᠦᠯ ᠮᠡᠨᠳᠤ ᠳᠤ ᠬᠦᠨᠳᠦ ᠬᠡᠴᠡᠭᠦᠦ ᠥᠷᠢᠰᠦᠯᠳᠦᠭᠡᠨ ᠤᠴᠠᠷᠠᠭᠤᠯᠵᠤ᠂ ᠰᠠᠭᠤᠯᠭᠠᠬᠤ᠂ ᠠᠭᠤᠰᠬᠢᠨ ᠤ | ᠦᠷᠪᠢᠰᠦᠯ ᠵᠡᠷᠭᠡ ᠡᠪᠡᠳᠴᠢᠨ ᠡᠮᠭᠡᠭ ᠢ ᠠᠮᠠᠷᠬᠠᠨ ᠡᠭᠦᠰᠬᠡᠵᠦ᠂ ᠲᠤᠭᠤᠯ ᠤᠨ ᠠᠮᠢᠳᠤᠷᠠᠬᠤ ᠨᠤᠷᠮ᠎ᠠ ᠪᠠ ᠲᠡᠵᠢᠭᠡᠨ | ᠦᠷᠡᠵᠢᠭᠦᠯᠬᠦ ᠦᠷ᠎ᠡ ᠠᠰᠢᠭ ᠢ ᠨᠥᠯᠥᠭᠡᠯᠡᠨ᠎ᠡ᠃ ᠲᠣᠰ ᠵᠢᠭᠠᠯᠲᠠ ᠨᠢ ᠪᠣᠳᠠᠲᠠᠢ ᠦᠢᠯᠡᠳᠪᠦᠷᠢᠯᠡᠯ ᠤᠨ ᠬᠡᠷᠡᠭᠴᠡᠭᠡ | ᠱᠠᠭᠠᠷᠳᠠᠯᠭ᠎ᠠ ᠳᠤ ᠰᠠᠭᠤᠷᠢᠯᠠᠨ᠂ ᠲᠤᠭᠤᠯ ᠲᠥᠷᠥᠭᠰᠡᠨ ᠠᠴᠠ ᠠᠪᠤᠭᠠᠳ ᠰᠦ ᠪᠠᠨ ᠲᠠᠰᠤᠯᠬᠤ ᠬᠦᠷᠲᠡᠯᠡᠬᠢ | ᠱᠠᠲᠤᠨ ᠤ ᠲᠡᠵᠢᠭᠡᠨ ᠠᠷᠠᠴᠢᠯᠠᠬᠤ ᠬᠠᠮᠢᠶᠠᠷᠤᠯᠲᠠ᠂ ᠳᠤᠯᠠᠭᠠᠨ ᠢ ᠬᠠᠮᠠᠭᠠᠯᠠᠬᠤ ᠠᠷᠭ᠎ᠠ ᠬᠡᠮᠵᠢᠶ᠎ᠡ᠂ ᠡᠷᠡᠭᠦᠯ ᠮᠡᠨᠳᠦ ᠶᠢᠨ | ᠬᠠᠮᠢᠶᠠᠷᠤᠯᠲᠠ ᠵᠢᠴᠢ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠠᠭᠲᠠᠭᠠᠭᠰᠠᠨ | ᠠᠭᠤᠯᠭ᠎ᠠ ᠲᠠᠢ ᠪᠠᠶᠢᠵᠤ᠂ ᠲᠡᠵᠢᠭᠡᠨ ᠦᠷᠡᠵᠢᠭᠦᠯᠬᠦ ᠡᠷᠦᠬᠡ ᠶᠢ ᠵᠢᠯᠣᠭᠤᠳᠤᠨ ᠡᠪᠦᠯ ᠤᠨ ᠤᠯᠠᠷᠢᠯ ᠤᠨ ᠲᠡᠵᠢᠭᠡᠨ | ᠠᠷᠠᠴᠢᠯᠠᠬᠤ ᠬᠠᠮᠢᠶᠠᠷᠤᠯᠲᠠ ᠶᠢ ᠰᠠᠶᠢᠲᠤᠷ ᠬᠢᠵᠦ᠂ ᠲᠤᠭᠤᠯ ᠡᠪᠦᠯ ᠤᠨ ᠤᠯᠠᠷᠢᠯ ᠤᠨ ᠡᠳᠡᠭᠡᠷᠡᠯᠲᠡ ᠶᠢᠨ ᠨᠣᠷᠮ᠎ᠠ ᠪᠠ | ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠵᠣᠷᠢᠯᠭ᠎ᠠ ᠪᠠᠨ ᠪᠣᠯᠭᠠᠵᠠᠢ᠃ | 2. ᠰᠠᠶ᠋ᠢ ᠲᠦᠯᠯᠡᠭᠰᠡᠨ ᠲᠤᠭᠤᠯ ︵0—7 ᠡᠳᠦᠷ︶ ᠤᠨ ᠠᠷᠠᠴᠢᠯᠠᠯᠲᠠ ᠬᠠᠮᠢᠶᠠᠷᠤᠯᠲᠠ | ᠰᠠᠶ᠋ᠢ ᠲᠦᠯᠯᠡᠭᠰᠡᠨ ᠲᠤᠭᠤᠯ ᠤᠨ ᠪᠡᠶ᠎ᠡ ᠶᠢᠨ ᠳᠤᠯᠠᠭᠠᠨ ᠢ ᠲᠣᠬᠢᠷᠠᠭᠤᠯᠬᠤ ᠴᠢᠳᠠᠪᠤᠷᠢ ᠮᠠᠭᠤ᠂ ᠬᠠᠬᠢᠷ | ᠬᠦᠢᠲᠡᠨ ᠣᠷᠴᠢᠨ ᠲᠣᠭᠤᠷᠢᠨ ᠳᠤ ᠲᠤᠶᠢᠯ ᠤᠨ ᠰᠡᠷᠭᠡᠭ ᠪᠠᠶᠢᠵᠤ᠂ ᠨᠠᠷᠢᠯᠢᠭ ᠬᠠᠮᠢᠶᠠᠷᠬᠤ ᠨᠢ ᠲᠤᠭᠤᠯ ᠤᠨ ᠡᠷᠡᠭᠦᠯ | ᠴᠢᠭᠢᠷᠠᠭ ᠪᠠ ᠥᠰᠦᠯᠲᠡ ᠪᠤᠶᠢᠵᠢᠯᠲᠠ ᠳᠤ ᠲᠤᠶᠢᠯ ᠤᠨ ᠴᠢᠬᠤᠯᠠ ᠪᠠᠶᠢᠳᠠᠭ᠃ | 2.1 ᠰᠠᠶ᠋ᠢ ᠲᠦᠯᠯᠡᠭᠰᠡᠨ ᠲᠤᠭᠤᠯ ᠤᠨ ᠬᠠᠮᠢᠶᠠᠷᠤᠯᠲᠠ | ᠲᠤᠭᠤᠯ ᠢ ᠲᠦᠯᠯᠡᠭᠰᠡᠨ ᠤ ᠳᠠᠷᠠᠭ᠎ᠠ ᠳᠠᠷᠤᠶᠢᠬᠠᠨ ᠪᠡᠶ᠎ᠡ ᠶᠢᠨ ᠭᠠᠳᠠᠷᠭᠤ ᠶᠢ ᠨᠢ ᠵᠦᠯᠭᠦᠵᠦ ᠬᠠᠲᠠᠭᠠᠨ᠂ | ᠬᠦᠢᠰᠦ ᠶᠢ ᠨᠢ ᠲᠠᠰᠤᠯᠵᠤ ᠠᠷᠢᠭᠤᠳᠬᠠᠬᠤ ᠶᠢᠨ ᠬᠠᠮᠲᠤ ᠤᠭᠤᠷᠠᠭ ᠰᠦ ᠶᠢ ᠨᠢ ᠲᠡᠵᠢᠭᠡᠨ᠎ᠡ᠂ ᠤᠭᠤᠷᠠᠭ ᠰᠦ ᠶᠢ | ᠲᠥᠷᠥᠭᠰᠡᠨ ᠤ ᠳᠠᠷᠠᠭ᠎ᠠ 2 ᠴᠠᠭ ᠤᠨ ᠳᠣᠲᠣᠷ᠎ᠠ ᠨᠢᠭᠡᠳᠦᠭᠡᠷ ᠤᠳᠠᠭ᠎ᠠ ᠲᠡᠵᠢᠭᠡᠵᠦ᠂ 12 ᠴᠠᠭ ᠤᠨ ᠳᠠᠷᠠᠭ᠎ᠠ | ᠨᠥᠬᠦᠵᠦ ᠲᠡᠵᠢᠭᠡᠨ᠎ᠡ︔ ᠳᠣᠷᠣᠢ ᠲᠤᠭᠤᠯ ᠪᠤᠶᠤ ᠦᠨᠢᠶᠡᠨ ᠤ ᠤᠭᠤᠷᠠᠭ ᠰᠦᠨ ᠤ ᠴᠢᠨᠠᠷ ᠨᠢ ᠮᠠᠭᠤ᠂ ᠬᠡᠮᠵᠢᠶ᠎ᠡ ᠨᠢ | ᠬᠦᠷᠦᠯᠴᠡᠬᠦ ᠦᠭᠡᠢ ᠪᠣᠯ ᠤᠭᠤᠷᠠᠭ ᠰᠦ ᠶᠢ ᠨᠢ ᠴᠢᠳᠬᠤᠵᠤ ᠲᠡᠵᠢᠭᠡᠵᠦ ᠪᠣᠯᠣᠨ᠎ᠠ︔ ᠤᠭᠤᠷᠠᠭ ᠰᠦᠨ ᠤ | ᠬᠡᠮᠵᠢᠶ᠎ᠡ ᠨᠢ ᠶᠡᠷᠦ ᠳᠡᠭᠡᠨ ᠲᠣᠯᠣᠭᠠᠢ ᠪᠦᠷᠢ ᠳᠤ 2~4kg᠂ ᠳᠤᠯᠠᠭᠠᠨ ᠤ ᠬᠡᠮᠵᠢᠶ᠎ᠡ ᠨᠢ 38~40°C ᠪᠠᠶᠢᠳᠠᠭ᠃ | ᠲᠤᠭᠤᠯ ᠤᠨ ᠤᠭᠤᠷᠠᠭ ᠰᠦ ᠢᠳᠡᠬᠦ ᠴᠠᠭ ᠨᠢ ᠬᠡᠳᠦᠢ ᠡᠷᠲᠡ ᠪᠣᠯ ᠲᠡᠳᠦᠢ ᠰᠠᠶᠢᠨ᠂ ᠬᠡᠳᠦᠢ ᠠᠷᠪᠢᠨ ᠢᠳᠡᠪᠡᠯ | ᠲᠡᠳᠦᠢ ᠰᠠᠶᠢᠨ᠃ ᠲᠤᠭᠤᠯ ᠤᠨ ᠢᠳᠡᠵᠦ ᠪᠠᠷᠠᠬᠤ ᠦᠭᠡᠢ ᠤᠭᠤᠷᠠᠭ ᠰᠦ ᠶᠢ ᠤᠭᠤᠲᠠ ᠪᠦᠷᠢ ᠳᠤ 2kg ᠤᠨ | ᠬᠡᠯᠪᠡᠷᠢ ᠪᠠᠷ ᠬᠥᠯᠳᠡᠭᠡᠵᠦ ᠬᠠᠳᠠᠭᠠᠯᠠᠨ᠎ᠠ︔ ᠴᠢᠬᠤᠯᠠ ᠲᠠᠢ ᠦᠶ᠎ᠡ ᠳᠤ 50°C ᠤᠰᠤ ᠭᠡᠰᠬᠡᠵᠦ᠂ ᠲᠤᠭᠤᠯ ᠢ | ᠲᠡᠵᠢᠭᠡᠨ᠎ᠡ᠃ | 2.2 ᠳᠤᠯᠠᠭᠠᠨ ᠢ ᠪᠠᠲᠤᠯᠠᠬᠤ ᠠᠷᠭ᠎ᠠ ᠬᠡᠮᠵᠢᠶ᠎ᠡ | ᠣᠷᠴᠢᠨ ᠲᠣᠭᠤᠷᠢᠨ ᠤ ᠳᠤᠯᠠᠭᠠᠨ ᠤ ᠬᠡᠮᠵᠢᠶ᠎ᠡ ᠨᠢ 5°C ᠠᠴᠠ ᠳᠣᠣᠷ᠎ᠠ ᠦᠶ᠎ᠡ ᠳᠤ᠂ ᠰᠠᠯᠬᠢ ᠬᠠᠯᠬᠠᠯᠠᠬᠤ᠂ | ᠬᠠᠯᠠᠭᠠᠬᠤ ᠲᠥᠬᠦᠭᠡᠷᠦᠮᠵᠢ ᠲᠠᠢ ᠲᠤᠭᠤᠯ ᠤᠨ ᠬᠠᠰᠢᠶ᠎ᠠ ᠤᠭᠰᠠᠷᠠᠵᠤ᠂ ᠪᠦᠲᠦᠭᠡᠭᠳᠡᠬᠦᠨ ᠪᠣᠯᠭᠠᠭᠰᠠᠨ ᠲᠤᠭᠤᠯ ᠤᠨ | ᠬᠠᠰᠢᠶ᠎ᠠ ᠬᠤᠳᠠᠯᠳᠤᠨ ᠠᠪᠴᠤ ᠪᠣᠯᠣᠨ᠎ᠠ᠂ ᠪᠠᠰᠠ ᠥᠪᠡᠷ ᠢᠶᠠᠨ ᠬᠠᠭᠠᠰ ᠪᠢᠲᠡᠭᠦᠮᠵᠢᠯᠡᠭᠰᠡᠨ ᠬᠠᠰᠢᠶ᠎ᠠ᠂ ᠠᠷᠠᠯ ᠤᠨ | ᠳᠡᠭᠡᠷ᠎ᠡ ᠲᠠᠯ᠎ᠠ ᠳᠤ 50~100 ᠸᠠᠲ ᠣᠷᠴᠢᠮ ᠤᠨ ᠴᠢᠳᠠᠯ ᠲᠠᠢ ᠳᠤᠯᠠᠭᠠᠨ ᠢ ᠬᠠᠳᠠᠭᠠᠯᠠᠬᠤ ᠳ᠋ᠧᠩ ᠢ | ᠲᠣᠬᠢᠷᠠᠭᠤᠯᠵᠤ᠂ ᠬᠠᠰᠢᠶ᠎ᠠ ᠳᠣᠲᠣᠷᠠᠬᠢ ᠳᠤᠯᠠᠭᠠᠨ ᠤ ᠬᠡᠮᠵᠢᠶ᠎ᠡ ᠶᠢ 20~25°C ᠪᠠᠶᠢᠯᠭᠠᠨ᠎ᠠ᠃ ᠬᠠᠰᠢᠶ᠎ᠠ | ᠳᠣᠲᠣᠷ᠎ᠠ ᠪᠠᠰᠠ ᠵᠥᠭᠡᠯᠡᠨ ᠬᠠᠭᠤᠷᠠᠢ ᠳᠡᠪᠢᠰᠬᠡᠷ ᠡᠪᠡᠰᠦ ᠳᠡᠪᠢᠰᠴᠦ᠂ ᠵᠤᠵᠠᠭᠠᠨ ᠤ ᠬᠡᠮᠵᠢᠶ᠎ᠡ ᠶᠢ 30cm ᠠᠴᠠ | ᠪᠠᠭ᠎ᠠ ᠪᠠᠶᠢᠯᠭᠠᠵᠤ ᠪᠣᠯᠬᠤ ᠤᠶᠢᠭᠡᠢ᠃ ᠤᠭᠤᠷᠠᠭ ᠰᠦ ᠪᠠᠨ ᠤᠤᠭᠤᠴᠢᠬᠠᠭᠰᠠᠨ ᠪᠠ ᠡᠯ᠎ᠡ ᠵᠦᠢᠯ ᠤᠨ | ᠰᠢᠢᠳᠪᠦᠷᠢᠯᠡᠯᠲᠡ ᠶᠢ ᠪᠡᠶᠡᠯᠡᠭᠦᠯᠦᠭᠰᠡᠨ ᠲᠤᠭᠤᠯ ᠢ ᠴᠠᠭ ᠲᠤᠬᠠᠢ ᠳᠤᠨᠢ ᠳᠤᠯᠠᠭᠠᠨ ᠪᠦᠯᠢᠶᠡᠨ ᠬᠠᠰᠢᠶᠠᠨ ᠳᠤ | ᠲᠠᠯᠪᠢᠵᠤ᠂ ᠦᠰᠦ ᠶᠢ ᠨᠢ ᠡᠷᠲᠡᠬᠡᠨ ᠬᠠᠳᠠᠭᠠᠵᠤ ᠬᠦᠢᠲᠡᠨ ᠠᠴᠠ ᠬᠠᠮᠠᠭᠠᠯᠠᠬᠤ ᠴᠢᠳᠠᠪᠤᠷᠢ ᠶᠢ ᠨᠢ | ᠳᠡᠭᠡᠭᠰᠢᠯᠡᠭᠦᠯᠬᠦ ᠶᠢᠨ ᠬᠠᠮᠲᠤ ᠭᠦᠢᠴᠡᠳ ᠠᠮᠠᠷᠠᠭᠤᠯᠤᠨ᠎ᠠ᠃ ᠬᠠᠰᠢᠶ᠎ᠠ ᠶᠢᠨ ᠭᠠᠳᠠᠨᠠᠬᠢ ᠣᠷᠴᠢᠨ ᠲᠣᠭᠤᠷᠢᠨ ᠤ | ᠠᠭᠠᠷ ᠤᠨ ᠳᠤᠯᠠᠭᠠᠨ ᠨᠢ ᠲᠤᠶᠢᠯ ᠤᠨ ᠳᠣᠣᠷ᠎ᠠ ᠮᠥᠷᠲᠡᠭᠡᠨ ᠰᠠᠯᠬᠢᠨ ᠢ ᠬᠠᠯᠬᠠᠯᠠᠬᠤ ᠦᠢᠯᠡᠳᠦᠯ ᠨᠢ ᠮᠠᠭᠤ ᠪᠠᠶᠢᠳᠠᠯ | ᠳᠣᠣᠷ᠎ᠠ᠂ ᠲᠤᠭᠤᠯ ᠤᠨ ᠳᠤᠯᠠᠭᠠᠨ ᠢ ᠬᠠᠮᠠᠭᠠᠯᠠᠬᠤ ᠬᠤᠶᠠᠭ ᠢ ᠲᠠᠭᠠᠷᠠᠭᠤᠯᠵᠤ ᠬᠦᠢᠲᠡᠨ ᠠᠴᠠ ᠰᠡᠷᠭᠡᠶᠢᠯᠡᠵᠦ | ᠪᠣᠯᠣᠨ᠎ᠠ᠃ | 2.3 ᠣᠷᠴᠢᠨ ᠲᠣᠭᠤᠷᠢᠨ ᠬᠢᠭᠡᠳ ᠡᠷᠡᠭᠦᠯ ᠬᠠᠮᠠᠭᠠᠯᠠᠯ ᠤᠨ ᠬᠠᠮᠢᠶᠠᠷᠤᠯᠲᠠ | 2.3.1 ᠰᠠᠯᠬᠢ ᠨᠡᠪᠲᠡᠷᠡᠭᠦᠯᠬᠦ ᠪᠠ ᠳᠤᠯᠠᠭᠠᠨ ᠢ ᠬᠠᠳᠠᠭᠠᠯᠠᠬᠤ | ᠠᠭᠠᠷ ᠤᠨ ᠴᠢᠨᠠᠷ ᠴᠢᠨᠰᠠᠭ᠎ᠠ ᠨᠢ ᠲᠤᠭᠤᠯ ᠤᠨ ᠡᠷᠡᠭᠦᠯ ᠮᠡᠨᠳᠦ ᠳᠤ ᠲᠤᠶᠢᠯ ᠤᠨ ᠴᠢᠬᠤᠯᠠ ᠪᠠᠶᠢᠳᠠᠭ᠂ | ᠦᠬᠡᠷ ᠤᠨ ᠬᠠᠰᠢᠶ᠎ᠠ ᠳᠤ ᠰᠠᠯᠬᠢ ᠰᠠᠶᠢᠨ ᠨᠡᠪᠲᠡᠷᠡᠭᠦᠯᠬᠦ ᠶᠢ ᠪᠠᠲᠤᠯᠠᠬᠤ ᠬᠡᠷᠡᠭᠲᠡᠢ᠃ ᠰᠠᠯᠬᠢ ᠨᠡᠪᠲᠡᠷᠡᠭᠦᠯᠬᠦ ᠪᠠ | ᠳᠤᠯᠠᠭᠠᠨ ᠢ ᠬᠠᠳᠠᠭᠠᠯᠠᠬᠤ ᠶᠢ ᠬᠠᠮᠲᠤ ᠳᠤᠨᠢ ᠬᠠᠷᠠᠭᠠᠯᠵᠠᠵᠤ ᠳᠡᠶᠢᠯᠬᠦ ᠦᠭᠡᠢ ᠦᠶ᠎ᠡ ᠳᠤ᠂ ᠠᠭᠠᠷ ᠤᠨ ᠴᠢᠨᠠᠷ ᠢ ᠡᠩ | ᠲᠡᠷᠢᠭᠦᠨ ᠳᠤ ᠪᠠᠲᠤᠯᠠᠬᠤ ᠪᠠᠷ ᠨᠢᠭᠡᠳᠦᠭᠡᠷ ᠵᠠᠷᠴᠢᠮ ᠪᠣᠯᠭᠠᠬᠤ ᠬᠡᠷᠡᠭᠲᠡᠢ᠃ ᠦᠬᠡᠷ ᠤᠨ ᠬᠠᠰᠢᠶᠠᠨ ᠳᠤ ᠰᠠᠯᠬᠢ | ᠨᠡᠪᠲᠡᠷᠡᠭᠦᠯᠬᠦ ᠳᠡᠭᠡᠨ ᠲᠤᠭᠤᠯ ᠤᠨ ᠪᠡᠶ᠎ᠡ ᠶᠢᠨ ᠭᠠᠳᠠᠷᠭᠤ ᠶᠢ ᠰᠠᠯᠬᠢᠨ ᠳᠤ ᠰᠢᠭᠤᠳ ᠦᠯᠢᠶᠡᠬᠦ ᠠᠴᠠ ᠰᠡᠷᠭᠡᠶᠢᠯᠡᠵᠦ᠂ | ᠬᠤᠯᠠᠭᠠᠢ ᠰᠠᠯᠬᠢ ᠶᠢ ᠣᠨᠴᠠᠭᠠᠶᠢᠯᠠᠨ ᠰᠡᠷᠭᠡᠶᠢᠯᠡᠬᠦ ᠬᠡᠷᠡᠭᠲᠡᠢ᠃ | 2.3.2 ᠣᠷᠴᠢᠨ ᠲᠣᠭᠤᠷᠢᠨ ᠤ ᠡᠷᠡᠭᠦᠯ ᠬᠠᠮᠠᠭᠠᠯᠠᠯ | ᠪᠣᠬᠢᠷᠲᠤᠭᠰᠠᠨ ᠦᠵᠢᠯ ᠡᠪᠡᠰᠦ ᠶᠢ ᠴᠠᠭ ᠲᠤᠬᠠᠢ ᠳᠤᠨᠢ ᠴᠡᠪᠡᠷᠯᠡᠵᠦ᠂ ᠦᠵᠢᠯ ᠡᠪᠡᠰᠦ ᠶᠢ ᠬᠠᠭᠤᠷᠠᠢ | ᠪᠠᠶᠢᠯᠭᠠᠬᠤ ᠶᠢ ᠪᠠᠲᠤᠯᠠᠨ᠂ ᠳᠡᠪᠢᠰᠦᠭᠰᠡᠨ ᠡᠪᠡᠰᠦ ᠶᠢᠨ ᠵᠤᠵᠠᠭᠠᠨ ᠤ ᠬᠡᠮᠵᠢᠶ᠎ᠡ ᠶᠢ ᠢᠮᠠᠭᠲᠠ 30cm ᠠᠴᠠ ᠳᠣᠣᠷ᠎ᠠ | ᠪᠠᠶᠢᠯᠭᠠᠬᠤ ᠦᠭᠡᠢ ᠪᠠᠶᠢᠵᠤ᠂ ᠲᠤᠭᠤᠯ ᠤᠨ ᠬᠡᠪᠡᠯᠢ ᠶᠢᠨ ᠬᠡᠰᠡᠭ ᠲᠤ ᠵᠢᠩᠭᠢᠨᠡᠬᠦ ᠠᠴᠠ ᠪᠣᠯᠵᠤ ᠰᠠᠭᠤᠯᠭᠠᠬᠤ ᠪᠠ | ᠠᠮᠢᠰᠬᠤᠯ ᠤᠨ ᠵᠠᠮ ᠤᠨ ᠡᠪᠡᠳᠴᠢᠨ ᠡᠮᠭᠡᠭ ᠡᠭᠦᠰᠬᠦ ᠠᠴᠠ ᠰᠡᠷᠭᠡᠶᠢᠯᠡᠬᠦ ᠬᠡᠷᠡᠭᠲᠡᠢ᠃ ᠲᠤᠭᠤᠯ ᠢᠶᠠᠨ | ᠰᠦᠷᠦᠭ ᠲᠤ ᠰᠢᠯᠵᠢᠭᠦᠯᠦᠭᠰᠡᠨ ᠤ ᠳᠠᠷᠠᠭ᠎ᠠ ᠲᠤᠶᠢᠯᠪᠤᠷᠢᠲᠠᠢ ᠴᠡᠪᠡᠷᠯᠡᠨ ᠠᠷᠢᠭᠤᠳᠬᠠᠵᠤ᠂ ᠲᠠᠷᠠᠭᠠᠴᠢ ᠶᠢᠨ ᠪᠦᠯᠦᠭ | ᠲᠤᠭᠤᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | 3. 7 ᠡᠳᠦᠷ ᠠᠴᠠ ᠰᠦ ᠠᠴᠠ ᠪᠠᠨ ᠰᠠᠯᠤᠭᠰᠠᠨ ᠲᠤᠭᠤᠯ ᠬᠦᠷᠲᠡᠯᠡᠬᠢ ᠠᠷᠠᠴᠢᠯᠠᠯᠲᠠ ᠬᠠᠮᠢᠶᠠᠷᠤᠯᠲᠠ | ᠤᠮᠠᠷᠠᠲᠤ ᠣᠷᠣᠨ ᠤ ᠡᠪᠦᠯ ᠤᠨ ᠤᠯᠠᠷᠢᠯ ᠤᠨ ᠬᠦᠢᠲᠡᠨ ᠤ ᠨᠥᠬᠦᠴᠡᠯ ᠳᠣᠣᠷ᠎ᠠ᠂ 7 ᠡᠳᠦᠷ ᠠᠴᠠ | ᠰᠦ ᠠᠴᠠ ᠪᠠᠨ ᠰᠠᠯᠤᠭᠰᠠᠨ ᠬᠦᠷᠲᠡᠯᠡᠬᠢ ᠬᠤᠭᠤᠴᠠᠭᠠᠨ ᠤ ᠲᠤᠭᠤᠯ ᠢ ᠰᠢᠨᠵᠢᠯᠡᠬᠦ ᠤᠬᠠᠭᠠᠨᠴᠢ ᠪᠠᠷ ᠲᠡᠵᠢᠭᠡᠨ | ᠠᠷᠠᠴᠢᠯᠠᠵᠤ ᠬᠠᠮᠢᠶᠠᠷᠪᠠᠯ᠂ ᠲᠡᠭᠦᠨ ᠤ ᠥᠰᠦᠯᠲᠡ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠡᠪᠡᠳᠴᠢᠨ | ᠡᠮᠭᠡᠭ ᠡᠭᠦᠰᠬᠦ ᠲᠦᠭᠰᠢᠭᠦᠷᠢ ᠶᠢ ᠪᠦᠲᠦᠮᠵᠢᠲᠡᠶ ᠪᠠᠭᠠᠰᠬᠠᠵᠤ ᠴᠢᠳᠠᠨ᠎ᠠ᠃ | 3.1 ᠠᠷᠠᠴᠢᠯᠠᠨ ᠲᠡᠵᠢᠭᠡᠬᠦ ᠬᠠᠮᠢᠶᠠᠷᠤᠯᠲᠠ | ᠲᠤᠭᠤᠯ ᠦᠨᠢᠶ᠎ᠡ ᠶᠢ ᠰᠠᠯᠭᠠᠵᠤ ᠲᠡᠵᠢᠭᠡᠬᠦ᠂ ᠡᠳᠦᠷ ᠪᠦᠷᠢ ᠲᠣᠭᠲᠠᠭᠰᠠᠨ ᠴᠠᠭ ᠲᠤ ᠬᠥᠬᠦᠭᠦᠯᠬᠦ | ᠠᠷᠠᠴᠢᠯᠠᠯᠭ᠎ᠠ ᠶᠢᠨ ᠵᠠᠷᠴᠢᠮ ᠢ ᠪᠠᠷᠢᠮᠲᠠᠯᠠᠨ᠎ᠠ᠃ ᠲᠤᠭᠤᠯ ᠪᠠ ᠦᠨᠢᠶ᠎ᠡ ᠶᠢ ᠬᠠᠰᠢᠶᠠᠯᠠᠨ ᠲᠡᠵᠢᠭᠡᠵᠦ᠂ ᠦᠨᠢᠶ᠎ᠡ ᠪᠠᠨ | ᠲᠡᠵᠢᠭᠡᠬᠦ ᠳᠡᠭᠡᠨ ᠡᠳᠦᠷ ᠲᠤ 2 ᠤᠳᠠᠭ᠎ᠠ ᠬᠥᠬᠦᠭᠦᠯᠵᠦ᠂ ᠤᠳᠠᠭ᠎ᠠ ᠪᠦᠷᠢ ᠶᠢᠨ ᠴᠠᠭ ᠢ 1~1.5 ᠴᠠᠭ ᠢᠶᠠᠷ ᠤᠷᠲᠤ | ᠪᠠᠶᠢᠯᠭᠠᠨ᠎ᠠ᠃ ᠲᠤᠭᠤᠯ ᠤᠨ ᠲᠣᠭᠤᠷᠢᠭ ᠲᠤ ᠲᠤᠭᠤᠯ ᠤᠨ ᠲᠡᠵᠢᠭᠡᠯ ᠨᠥᠬᠦᠬᠦ ᠣᠩᠭᠤᠴᠠ᠂ ᠲᠤᠭᠤᠯ ᠤᠨ ᠪᠣᠷᠳᠤᠭ᠎ᠠ᠂ | ᠴᠢᠨᠠᠷ ᠰᠠᠶᠢᠲᠠᠢ ᠬᠠᠭᠤᠷᠠᠢ ᠡᠪᠡᠰᠦ ᠪᠠ ᠪᠦᠯᠢᠶᠡᠨ ᠤᠰᠤ ︵20~30°C︶ ᠶᠢ ᠲᠣᠬᠢᠷᠠᠭᠤᠯᠤᠨ᠎ᠠ᠃ ᠲᠤᠭᠤᠯ ᠤᠨ | ᠪᠣᠷᠳᠤᠭ᠎ᠠ ᠶᠢ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠬᠢᠵᠦ ᠢᠳᠡᠭᠦᠯᠦᠨ᠂ ᠰᠢᠨ᠎ᠡ ᠰᠣᠷᠭᠤᠭ ᠪᠠᠶᠢᠯᠭᠠᠵᠤ᠂ ᠸᠠᠯᠠᠵᠤ | ᠢᠯᠵᠢᠷᠡᠬᠦ ᠠᠴᠠ ᠰᠡᠷᠭᠡᠶᠢᠯᠡᠨ᠎ᠡ᠃ ᠲᠡᠵᠢᠭᠡᠪᠦᠷᠢ ᠶᠢᠨ ᠨᠢᠭᠲᠠᠴᠠ ᠶᠢ ᠵᠣᠬᠢᠰᠲᠠᠢ ᠬᠢᠵᠠᠭᠠᠷᠯᠠᠵᠤ᠂ ᠦᠨᠢᠶ᠎ᠡ ᠪᠦᠷᠢ ᠶᠢ | 12~15 ᠺᠤᠸᠠᠲ ᠮᠧᠲᠷ᠂ ᠲᠤᠭᠤᠯ ᠢ 2~4 ᠺᠤᠸᠠᠲ ᠮᠧᠲᠷ ᠪᠠᠶᠢᠯᠭᠠᠵᠤ᠂ ᠬᠥᠳᠡᠯᠭᠡᠭᠡᠨ ᠤ ᠣᠷᠣᠨ ᠵᠠᠢ ᠶᠢ | ᠭᠦᠢᠴᠡᠳ ᠪᠠᠶᠢᠯᠭᠠᠬᠤ ᠶᠢ ᠪᠠᠲᠤᠯᠠᠨ᠎ᠠ᠃ | ᠲᠤᠰ ᠬᠤᠭᠤᠴᠠᠭᠠᠨ ᠳᠤ ᠲᠤᠭᠤᠯ ᠤᠨ ᠭᠠᠳᠠᠭᠠᠳᠤ ᠣᠷᠴᠢᠨ ᠳᠤ ᠵᠣᠬᠢᠴᠠᠬᠤ ᠴᠢᠨᠠᠷ ᠨᠢ ᠴᠢᠩᠭᠠᠷᠠᠵᠤ᠂ | ᠰᠠᠯᠬᠢᠨ ᠠᠴᠠ ᠰᠡᠷᠭᠡᠶᠢᠯᠡᠬᠦ᠂ ᠬᠠᠭᠤᠷᠠᠢ ᠡᠪᠡᠰᠦ ᠳᠡᠪᠢᠰᠬᠦ ᠪᠠ ᠪᠦᠯᠢᠶᠡᠨ ᠤᠰᠤ ᠤᠤᠭᠤᠯᠭᠠᠬᠤ ᠪᠠᠷ ᠬᠦᠢᠲᠡᠨ ᠠᠴᠠ | ᠰᠡᠷᠭᠡᠶᠢᠯᠡᠬᠦ ᠭᠤᠣᠯ ᠠᠷᠭ᠎ᠠ ᠬᠡᠮᠵᠢᠶ᠎ᠡ ᠪᠣᠯᠭᠠᠳᠠᠭ᠃ | 3.2 ᠡᠷᠡᠭᠦᠯ ᠮᠡᠨᠳᠦ ᠶᠢᠨ ᠬᠠᠮᠢᠶᠠᠷᠤᠯᠲᠠ | 7~10 ᠡᠳᠦᠷ ᠤᠨ ᠬᠤᠭᠤᠴᠠᠭᠠᠨ ᠳᠤ ᠲᠤᠭᠤᠯ ᠤᠨ ᠡᠪᠡᠷ ᠢ ᠨᠢ ᠠᠪᠴᠤ ᠬᠠᠶᠠᠬᠤ ᠳᠤ ᠤᠷᠢᠳ ᠢᠶᠠᠷ | ᠡᠪᠡᠷ ᠢ ᠨᠢ ᠠᠪᠴᠤ ᠬᠠᠶᠠᠬᠤ ᠫᠤᠤ ᠶᠢ ᠬᠡᠷᠡᠭᠯᠡᠵᠦ᠂ ᠳᠠᠷᠠᠭ᠎ᠠ ᠨᠢ ᠡᠪᠡᠷ ᠢ ᠨᠢ ᠠᠪᠴᠤ ᠬᠠᠶᠠᠬᠤ ᠭᠤᠣᠶᠣᠣ ᠶᠢ | ᠬᠡᠷᠡᠭᠯᠡᠵᠦ᠂ ᠰᠡᠷᠡᠯᠵᠢᠯ ᠢ ᠨᠢ ᠪᠠᠭᠠᠰᠬᠠᠬᠤ ᠶᠢ ᠰᠠᠨᠠᠭᠤᠯᠤᠶ᠎ᠠ᠃ 20 ᠡᠳᠦᠷ ᠤᠨ ᠬᠤᠭᠤᠴᠠᠭᠠᠨ ᠳᠤ ᠲᠤᠭᠤᠯ ᠤᠨ | ᠬᠤᠷᠣᠬᠠᠢ ᠶᠢ ᠬᠥᠭᠡᠭᠡᠨ᠎ᠡ᠃ ᠡᠭᠡᠯᠢᠯᠡᠭᠡ ᠶᠢᠨ ᠳᠡᠰ ᠳᠠᠷᠠᠭᠠᠯᠠᠯ ᠳᠤ᠄ 20 ᠡᠳᠦᠷ ᠤᠨ ᠳᠣᠲᠣᠷ᠎ᠠ ᠦᠬᠡᠷ ᠤᠨ | ᠬᠢᠵᠢᠭ ᠤᠨ ᠸᠠᠺᠼᠢᠨ ᠢ ᠳᠠᠷᠢᠬᠤ᠂ 35~40 ᠡᠳᠦᠷ ᠤᠨ ᠳᠣᠲᠣᠷ᠎ᠠ ᠲᠤᠭᠤᠯ ᠤᠨ ᠳᠡᠳ᠋ ᠭᠡᠳᠡᠰᠦᠨ ᠬᠢᠵᠢᠭ ᠤᠨ | ᠪᠠᠺᠲ᠋ᠧᠷᠢ ᠶᠢᠨ ᠸᠠᠺᠼᠢᠨ ᠢ ᠳᠠᠷᠢᠬᠤ᠂ 60 ᠡᠳᠦᠷ ᠤᠨ ᠳᠣᠲᠣᠷ᠎ᠠ ᠦᠬᠡᠷ ᠤᠨ ᠬᠢᠵᠢᠭ᠂ ᠠᠭᠤᠰᠬᠢᠨ ᠤ ᠬᠢᠵᠢᠭ ᠵᠢᠴᠢ | ᠭᠠᠯ ᠬᠠᠪᠤᠳᠠᠷ ᠤᠨ ᠭᠤᠷᠪᠠᠯᠠᠭᠰᠠᠨ ᠸᠠᠺᠼᠢᠨ ᠢ ᠳᠠᠷᠢᠬᠤ ᠵᠡᠷᠭᠡ ᠪᠠᠭᠲᠠᠨ᠎ᠠ᠃ | 3.3 ᠲᠤᠭᠤᠯ ᠢ ᠰᠦ ᠠᠴᠠ ᠨᠢ ᠰᠠᠯᠭᠠᠬᠤ | ᠲᠤᠭᠤᠯ ᠤᠨ ᠡᠳᠦᠷ ᠪᠦᠷᠢ ᠶᠢᠨ ᠨᠠᠷᠢᠯᠢᠭ ᠪᠣᠷᠳᠣᠭᠠᠨ ᠤ ᠢᠳᠡᠰᠢᠯᠡᠬᠦ ᠬᠡᠮᠵᠢᠶ᠎ᠡ ᠨᠢ 1.0kg ᠬᠦᠷᠦᠭᠰᠡᠨ | ᠪᠥᠭᠡᠳ ᠪᠡᠶ᠎ᠡ ᠶᠢᠨ ᠪᠠᠶᠢᠳᠠᠯ ᠨᠢ ᠰᠠᠶᠢᠨ ᠦᠶ᠎ᠡ ᠳᠤ ᠰᠦ ᠠᠴᠠ ᠨᠢ ᠵᠣᠭᠰᠣᠭᠠᠵᠤ ᠪᠣᠯᠣᠨ᠎ᠠ᠂ ᠰᠦ ᠶᠢ ᠨᠢ ᠲᠠᠰᠤᠯᠬᠤ | ᠬᠤᠭᠤᠴᠠᠭ᠎ᠠ ᠨᠢ 2~3 ᠰᠠᠷ᠎ᠠ ᠶᠢᠨ ᠬᠤᠭᠤᠴᠠᠭ᠎ᠠ ᠲᠠᠢ ᠪᠠᠶᠢᠪᠠᠯ ᠵᠣᠬᠢᠨ᠎ᠠ᠃ ᠰᠦ ᠠᠴᠠ ᠨᠢ ᠰᠠᠯᠭᠠᠬᠤ ᠳᠤ ᠠᠯᠬᠤᠮ | ᠳᠠᠷᠠᠭ᠎ᠠ ᠲᠠᠢ ᠪᠠᠷ ᠬᠥᠬᠦᠭᠦᠯᠬᠦ ᠤᠳᠠᠭ᠎ᠠ ᠶᠢ ᠠᠭᠠᠵᠢᠮ ᠢᠶᠠᠷ ᠪᠠᠭᠠᠰᠬᠠᠵᠤ᠂ ᠰᠡᠭᠦᠯ ᠳᠤ ᠨᠢ ᠪᠦᠷᠢᠮᠦᠰᠦᠨ ᠰᠠᠯᠭᠠᠵᠤ᠂ | ᠰᠦ ᠠᠴᠠ ᠨᠢ ᠰᠠᠯᠭᠠᠬᠤ ᠶᠢ ᠰᠦᠷᠦᠭ ᠬᠤᠪᠢᠶᠠᠬᠤ᠂ ᠲᠡᠵᠢᠭᠡᠯ ᠪᠣᠷᠳᠤᠭ᠎ᠠ ᠰᠣᠯᠢᠬᠤ ᠲᠠᠢ ᠵᠡᠷᠭᠡ ᠪᠠᠷ | ᠶᠠᠪᠤᠭᠳᠠᠭᠤᠯᠬᠤ ᠠᠴᠠ ᠵᠠᠶᠢᠯᠠᠰᠬᠢᠵᠦ᠂ ᠰᠡᠷᠡᠯᠵᠢᠯ ᠢ ᠪᠠᠭᠠᠰᠬᠠᠨ᠎ᠠ᠃ ᠳᠣᠷᠣᠢ ᠲᠤᠭᠤᠯ ᠪᠤᠶᠤ ᠡᠪᠡᠳᠴᠢᠨ ᠲᠠᠢ | ᠲᠤᠭᠤᠯ ᠤᠨ ᠬᠥᠬᠦᠭᠦᠯᠬᠦ ᠬᠤᠭᠤᠴᠠᠭ᠎ᠠ ᠶᠢ ᠵᠣᠬᠢᠬᠤ ᠬᠡᠮᠵᠢᠶ᠎ᠡ ᠪᠠᠷ ᠤᠷᠲᠤᠳᠬᠠᠨ᠎ᠠ᠃ | 3.4 ᠦᠬᠡᠷ ᠤᠨ ᠬᠠᠰᠢᠶ᠎ᠠ ᠶᠢᠨ ᠣᠷᠴᠢᠨ ᠲᠣᠭᠤᠷᠢᠨ | ᠲᠤᠭᠤᠯ ᠤᠨ ᠬᠠᠰᠢᠶ᠎ᠠ ᠶᠢᠨ ᠣᠷᠴᠢᠨ ᠲᠣᠭᠤᠷᠢᠨ ᠳᠤ ᠬᠠᠭᠤᠷᠠᠢ ᠪᠥᠭᠡᠳ ᠰᠠᠯᠬᠢ ᠰᠠᠶᠢᠨ ᠨᠡᠪᠲᠡᠷᠡᠬᠦ ᠶᠢ | ᠪᠠᠲᠤᠯᠠᠬᠤ ᠬᠡᠷᠡᠭᠲᠡᠢ᠂ ᠭᠡᠬᠦ ᠳᠡᠭᠡᠨ ᠰᠢᠭᠤᠳ ᠰᠠᠯᠬᠢᠨ ᠳᠤ ᠴᠤᠬᠢᠭᠤᠯᠬᠤ ᠠᠴᠠ ᠵᠠᠶᠢᠯᠠᠰᠬᠢᠬᠦ ᠬᠡᠷᠡᠭᠲᠡᠢ᠂ ᠲᠤᠭᠤᠯ ᠤᠨ | ᠬᠡᠪᠲᠡᠭᠰᠡᠨ ᠣᠷᠣᠨ ᠳᠤ ᠬᠠᠭᠤᠷᠠᠢ ᠪᠥᠭᠡᠳ ᠵᠤᠵᠠᠭᠠᠨ ᠳᠡᠪᠢᠰᠬᠡᠷᠲᠦ ᠡᠪᠡᠰᠦ ᠳᠡᠪᠢᠰᠬᠦ ᠬᠡᠷᠡᠭᠲᠡᠢ᠃ ᠡᠬᠡ ᠮᠠᠯ ᠤᠨ | ᠬᠥᠬᠦᠨ ᠤ ᠠᠷᠢᠭᠤᠨ ᠴᠡᠪᠡᠷ ᠢ ᠪᠠᠲᠤᠯᠠᠵᠤ᠂ ᠲᠤᠭᠤᠯ ᠤᠨ ᠰᠠᠭᠤᠯᠭᠠᠬᠤ ᠪᠠ ᠠᠭᠤᠰᠬᠢᠨ ᠦᠷᠪᠢᠰᠦᠯ ᠤᠨ ᠡᠭᠦᠰᠬᠦ | ᠨᠣᠷᠮ᠎ᠠ ᠶᠢ ᠪᠠᠭᠠᠰᠬᠠᠨ᠎ᠠ᠃ |