ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠢᠩᠬᠢᠮ ᠤᠨ ᠳᠠᠷᠤᠭ᠎ᠠ ᠵᠠᠩ ᠬᠤᠸᠠ ᠵᠧᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠳᠠᠬᠢ 2025 ᠣᠨ ᠤ ᠠᠵᠢᠯ ᠤᠨ ᠪᠠᠶᠢᠷᠢᠯᠠᠭᠤᠯᠤᠯᠲᠠ ᠵᠢᠴᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/8
      2025 ᠣᠨ ᠤ 2 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠢᠩᠬᠢᠮ ᠤᠨ ᠳᠠᠷᠤᠭ᠎ᠠ ᠵᠠᠩ ᠬᠤᠸᠠ ᠵᠧᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠳᠠᠬᠢ 2025 ᠣᠨ ᠤ ᠠᠵᠢᠯ ᠤᠨ ᠪᠠᠶᠢᠷᠢᠯᠠᠭᠤᠯᠤᠯᠲᠠ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢ ᠭᠦᠨᠵᠡᠭᠡᠢ ᠰᠤᠷᠤᠯᠴᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠦᠬᠦᠢ ᠬᠦᠷᠢᠶ᠎ᠡ ᠴᠠᠷᠠᠭ᠎ᠠ ᠶᠢᠨ ᠡᠯ᠎ᠡ ᠰᠠᠯᠠᠭ᠎ᠠ ᠮᠥᠴᠢᠷ ᠨᠢᠭᠡᠴᠡ ᠶᠢᠨ 2025 ᠣᠨ ᠤ ᠠᠵᠢᠯ ᠤᠨ ᠲᠣᠬᠢᠷᠠᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃
图片1.png
      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠬᠠᠷᠠᠯᠲᠠ ᠡᠭᠦᠷᠭᠡ᠂ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠪᠣᠯᠣᠨ ᠭᠤᠣᠯ ᠰᠢᠪᠲᠤᠯᠤᠯᠲᠠ ᠶᠢᠨ ᠴᠢᠭᠯᠡᠯ ᠢ ᠲᠣᠳᠣᠷᠬᠠᠶᠢᠯᠠᠵᠤ᠂ ᠮᠠᠰᠢ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠭᠰᠡᠨ ᠴᠢᠨᠠᠷᠲᠠᠢ ᠪᠠᠷ ᠶᠠᠳᠠᠭᠤᠷᠠᠯ ᠳᠠᠬᠢᠨ ᠡᠬᠦᠰᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ︽ᠬᠤᠶᠠᠷ ᠢ ᠳᠡᠭᠡᠭᠰᠢᠯᠡᠭᠦᠯᠬᠦ︾ ᠶᠢ ᠯᠠᠪᠳᠠᠭᠤᠨ ᠪᠠᠲᠤᠲᠠᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠬᠠᠷᠠᠯᠲᠠ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠠᠵᠢᠯ ᠤᠨ ᠭᠤᠣᠯ ᠱᠤᠭᠤᠮ ᠤᠨ ᠲᠣᠭᠤᠷᠢᠨ ᠳᠤ ᠡᠷᠲᠡ ᠠᠴᠠ ᠲᠥᠯᠥᠪᠵᠢᠭᠦᠯᠬᠦ᠂ ᠲᠦᠷᠭᠡᠨ ᠨᠠᠶᠢᠳᠠᠪᠤᠷᠢᠵᠢᠭᠤᠯᠬᠤ᠂ ᠪᠣᠳᠠᠲᠠᠢ ᠠᠷᠭ᠎ᠠ ᠭᠠᠷᠭᠠᠬᠤ᠂ ᠦᠷ᠎ᠡ ᠪᠦᠲᠦᠮᠵᠢ ᠲᠠᠢ ᠠᠵᠢᠯ ᠤᠨ ᠰᠡᠳᠬᠢᠴᠡ ᠶᠢ ᠪᠠᠷᠢᠮᠲᠠᠯᠠᠵᠤ᠂ ᠰᠢᠯᠵᠢᠯᠲᠡ ᠶᠢᠨ ᠬᠤᠭᠤᠴᠠᠭᠠᠨ ᠤ ᠬᠠᠮᠤᠭ ᠰᠡᠭᠦᠯᠴᠢ ᠶᠢᠨ ᠨᠢᠭᠡ ᠵᠢᠯ ᠤᠨ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠲᠦᠷᠦ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠤᠳᠠᠭ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠮᠡᠳᠡᠵᠦ᠂ ᠬᠠᠷᠢᠭᠤᠴᠠᠯᠭ᠎ᠠ ᠶᠢ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ ᠢᠮᠠᠭᠲᠠ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ ᠶᠢ ᠪᠠᠷᠢᠮᠲᠠᠯᠠᠵᠤ᠂ ᠴᠢᠩᠭ᠎ᠠ ᠠᠭᠤᠷ ᠠᠮᠢᠰᠬᠤᠯ ᠢ ᠭᠤᠶᠢᠪᠢᠰᠢ ᠦᠭᠡᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢ ᠬᠡᠷᠡᠭᠯᠡᠬᠦ ᠬᠢᠨᠠᠯᠲᠠ ᠬᠠᠮᠢᠶᠠᠷᠤᠯᠲᠠ ᠶᠢᠨ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠤᠯᠠᠨ ᠲᠦᠮᠡᠨ ᠤ ᠠᠰᠢᠭ ᠲᠤᠰᠠ ᠳᠤ ︽ᠬᠠᠷ᠎ᠠ‌‍ᠰᠠᠨᠠᠭ᠎ᠠ︾ ᠭᠠᠷᠭᠠᠵᠤ ᠪᠣᠯᠬᠤ ᠦᠭᠡᠢ ᠭᠡᠵᠡᠢ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠱᠠᠯᠠᠪᠳᠠᠭᠤᠯᠤᠨ ᠪᠠᠶᠢᠴᠠᠭᠠᠬᠤ ᠲᠤᠰᠬᠠᠢ ᠲᠤᠰᠢᠶᠠᠯᠲᠠᠨ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠤ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠬᠥᠮᠥᠰ ᠬᠤᠷᠠᠯ ᠳᠤ ᠣᠷᠣᠯᠴᠠᠵᠠᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号