ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠢᠨ ᠪᠥᠬᠦ ᠤᠯᠤᠰ ᠤᠨ ᠬᠠᠪᠤᠷ ᠤᠨ ᠤᠯᠠᠷᠢᠯ ᠤᠨ ᠲᠠᠷᠢᠶᠠᠯᠠᠭ᠎ᠠ ᠶᠢᠨ ᠬᠠᠮᠢᠶᠠᠷᠤᠯᠲᠠ ᠵᠢᠴᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠸᠢᠳᠢᠤ᠋ ᠬᠤᠷᠠᠯ ᠳᠡᠭᠡᠷ᠎ᠡ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/2/8
      2 ᠰᠠᠷ᠎ᠠ ᠶᠢᠨ 7 ᠤ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠪᠥᠬᠦ ᠤᠯᠤᠰ ᠤᠨ ᠬᠠᠪᠤᠷ ᠤᠨ ᠤᠯᠠᠷᠢᠯ ᠤᠨ ᠲᠠᠷᠢᠶᠠᠯᠠᠭ᠎ᠠ ᠶᠢᠨ ᠬᠠᠮᠢᠶᠠᠷᠤᠯᠲᠠ ᠵᠢᠴᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠸᠢᠳᠢᠤ᠋ ᠬᠤᠷᠠᠯ ᠬᠤᠷᠠᠯᠳᠤᠭᠤᠯᠵᠤ᠂ ᠡᠯ᠎ᠡ ᠮᠤᠵᠢ ᠣᠷᠣᠨ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠬᠠᠨ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠳᠡᠳ᠋ ᠰᠠᠶᠢᠳ ᠵᠠᠩ ᠰᠢᠩ ᠸᠠᠩ ᠬᠤᠷᠠᠯ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠨᠥᠬᠦᠷ ︽ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠴᠢᠩᠭᠠᠳᠬᠠᠵᠤ᠂ ᠰᠢᠷ᠎ᠠ ᠪᠤᠷᠴᠠᠭ ᠤᠨ ᠦᠢᠯᠡᠳᠪᠦᠷᠢᠯᠡᠯ ᠢ ᠲᠣᠭᠲᠠᠪᠤᠷᠢᠵᠢᠭᠤᠯᠵᠤ᠂ ᠲᠠᠯᠠᠪᠠᠶ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠬᠦ ᠶᠢ ᠠᠬᠢᠭᠤᠯᠬᠤ︾ ᠶᠢᠨ ᠲᠣᠭᠤᠷᠢᠨ ᠳᠤ ᠰᠠᠨᠠᠯ ᠢᠶᠠᠨ ᠰᠤᠯᠢᠯᠴᠠᠬᠤ ᠶᠠᠷᠢᠶ᠎ᠠ ᠲᠠᠯᠪᠢᠪᠠ᠃ 
图片1.png
       ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠡᠨᠡ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠢ ᠱᠦᠵᠢ ᠰᠢ ᠶᠢᠨ ᠫᠢᠩ ᠠᠯᠢ ᠤᠯᠠᠨ ᠴᠢᠬᠤᠯᠠ ᠵᠢᠭᠠᠪᠤᠷᠢ ᠥᠭᠴᠦ᠂ ᠶᠡᠷᠦᠩᠬᠡᠢ ᠰᠠᠶᠢᠳ ᠯᠢ ᠴᠢᠶᠠᠩ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠲᠡᠭᠦᠰᠬᠡᠯ ᠤᠨ ᠵᠢᠯ ᠮᠥᠨ᠂ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠢ ᠰᠠᠶᠢᠲᠤᠷ ᠠᠳᠬᠤᠵᠤ᠂ ᠪᠦᠬᠦ ᠵᠢᠯ ᠤᠨ ᠠᠮᠤ ᠪᠤᠳᠠᠭ᠎ᠠ ᠳᠤᠰᠤᠨ ᠤ ᠡᠯᠪᠡᠭ ᠬᠤᠷᠢᠶᠠᠯᠲᠠ ᠶᠢ ᠲᠡᠮᠡᠴᠡᠨ ᠣᠯᠬᠤ ᠳᠤ ᠪᠠᠲᠤ ᠰᠠᠭᠤᠷᠢ ᠶᠢ ᠲᠠᠯᠪᠢᠵᠤ᠂ ᠰᠠᠨᠠᠭᠠᠴᠢᠯᠠᠭᠠᠲᠤ ᠪᠠᠶᠢᠷᠢ ᠶᠢ ᠡᠵᠡᠮᠰᠢᠬᠦ ᠨᠢ ᠲᠤᠶᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠡᠷᠲᠡ ᠠᠴᠠ ᠪᠠᠶᠢᠷᠢᠯᠠᠭᠤᠯᠤᠨ ᠡᠷᠲᠡ ᠠᠴᠠ ᠬᠥᠳᠡᠯᠦᠯᠴᠡᠵᠦ᠂ ᠬᠠᠪᠤᠷ ᠤᠨ ᠤᠯᠠᠷᠢᠯ ᠤᠨ ᠲᠠᠷᠢᠶᠠᠨ ᠭᠠᠵᠠᠷ ᠤᠨ ᠬᠠᠮᠢᠶᠠᠷᠤᠯᠲᠠ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠵᠤᠨ ᠤ ᠤᠯᠠᠷᠢᠯ ᠪᠠ ᠪᠦᠬᠦ ᠵᠢᠯ ᠤᠨ ᠠᠮᠤ ᠪᠤᠳᠠᠭ᠎ᠠ ᠳᠤᠰᠤᠨ ᠤ ᠡᠯᠪᠡᠭ ᠬᠤᠷᠢᠶᠠᠯᠲᠠ ᠶᠢᠨ ᠰᠠᠭᠤᠷᠢ ᠶᠢ ᠪᠠᠲᠤᠳᠬᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠬᠠᠮᠢᠶᠠᠷᠤᠯᠲᠠ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠭᠠᠩ ᠬᠠᠭᠰᠠᠷᠠᠭᠠᠨ ᠲᠠᠢ ᠲᠡᠮᠡᠴᠡᠵᠦ ᠬᠦᠢᠲᠡᠨ ᠢ ᠰᠡᠷᠭᠡᠶᠢᠯᠡᠵᠦ ᠬᠠᠪᠤᠷ ᠤᠨ ᠲᠠᠷᠢᠶᠠᠯᠠᠭ᠎ᠠ ᠶᠢᠨ ᠬᠠᠮᠢᠶᠠᠷᠤᠯᠲᠠ ᠶᠢ ᠪᠠᠳᠤᠯᠠᠬᠤ ᠳᠤ ᠰᠠᠭᠤᠷᠢᠯᠠᠵᠤ᠂ ᠲᠠᠷᠢᠶᠠᠨ ᠴᠠᠭ ᠢ ᠰᠠᠭᠠᠲᠠᠭᠠᠬᠤ ᠦᠭᠡᠢ ᠪᠠᠷ ᠬᠠᠪᠤᠷ ᠤᠨ ᠤᠯᠠᠷᠢᠯ ᠤᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠰᠠᠶᠢᠲᠤᠷ ᠠᠳᠬᠤᠬᠤ ᠶᠢ ᠣᠳᠣᠬᠠᠨ ᠤ ᠲᠤᠯᠭᠠᠮ᠎ᠠ ᠡᠭᠦᠷᠭᠡ ᠪᠣᠯᠭᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠭᠤᠣᠯᠳᠠᠯᠭ᠎ᠠ ᠲᠠᠢ ᠠᠵᠢᠯ ᠢ ᠨᠢᠭᠲᠠ ᠤᠶᠠᠯᠳᠤᠭᠤᠯᠤᠨ ᠠᠬᠢᠭᠤᠯᠬᠤ ᠬᠡᠷᠡᠭᠲᠡᠢ ᠭᠡᠪᠡ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠰᠣᠯᠢᠯᠴᠠᠭᠠᠨ ᠤ ᠶᠠᠷᠢᠶᠠᠨ ᠳᠠᠭᠠᠨ ᠲᠠᠨᠢᠯᠴᠠᠭᠤᠯᠤᠭᠰᠠᠨ ᠨᠢ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠪᠥᠬᠦ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠲᠢᠩᠬᠢᠮ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯᠳᠤᠭᠠᠨ ᠤ ᠱᠠᠭᠠᠷᠳᠠᠯᠭ᠎ᠠ ᠶᠣᠰᠣᠭᠠᠷ᠂ ᠰᠢᠷ᠎ᠠ ᠪᠤᠷᠴᠠᠭ ᠤᠨ ᠭᠠᠷᠤᠯᠲᠠ ᠶᠢ ᠲᠣᠭᠲᠠᠪᠤᠷᠢᠵᠢᠭᠤᠯᠵᠤ᠂ ᠬᠠᠪᠤᠷ ᠤᠨ ᠲᠠᠷᠢᠶᠠᠯᠠᠭ᠎ᠠ ᠳᠤ ᠪᠡᠯᠡᠳᠬᠡᠵᠦ ᠬᠠᠪᠤᠷ ᠤᠨ ᠲᠠᠷᠢᠶᠠᠯᠠᠭ᠎ᠠ ᠶᠢ ᠠᠬᠢᠭᠤᠯᠵᠤ᠂ ᠪᠥᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠰᠠᠭᠤᠷᠢ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠪᠡ᠃ ᠲᠠᠷᠢᠶᠠᠯᠠᠩ ᠤᠨ ᠪᠠᠶᠢᠳᠠᠯ ᠤᠨ ᠲᠣᠬᠢᠷᠠᠭᠤᠯᠤᠯᠲᠠ ᠶᠢ ᠦᠨᠳᠦᠰᠦᠯᠡᠪᠡᠯ᠂ ᠣᠳᠣᠬᠠᠨ ᠳᠤ ᠠᠮᠤ ᠪᠤᠳᠠᠭᠠᠨ ᠤ ᠲᠠᠷᠢᠶᠠᠯᠠᠭ᠎ᠠ ᠶᠢᠨ ᠰᠠᠨᠠᠮᠵᠢ ᠶᠢᠨ ᠲᠠᠯᠠᠪᠠᠶ 1.1 ᠳ᠋ᠦᠩᠰᠢᠭᠤᠷ ᠮᠦ ᠠᠴᠠ ᠳᠡᠭᠡᠭᠰᠢ᠂ ᠰᠢᠷ᠎ᠠ ᠪᠤᠷᠴᠠᠭ ᠤᠨ ᠰᠠᠨᠠᠮᠵᠢ ᠶᠢᠨ ᠲᠠᠯᠠᠪᠠᠶ 1700 ᠲᠦᠮᠡᠨ ᠮᠦ ᠠᠴᠠ ᠳᠡᠭᠡᠭᠰᠢ ᠪᠠᠶᠢᠵᠤ᠂ ᠳᠠᠬᠢᠨᠲᠠ ᠡᠯᠪᠡᠭ ᠬᠤᠷᠢᠶᠠᠯᠲᠠ ᠣᠯᠬᠤ ᠳᠤ ᠰᠠᠭᠤᠷᠢ ᠲᠠᠢ ᠪᠣᠯᠵᠠᠢ᠃ ᠨᠢᠳᠤᠨᠤᠨ ᠡᠪᠦᠯ ᠠᠴᠠ ᠨᠠᠭᠠᠰᠢ᠂ ᠥᠪᠥᠷ ᠮᠣᠩᠭᠤᠯ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠪᠠᠶᠢᠷᠢᠯᠠᠭᠤᠯᠬᠤ ᠶᠢ ᠪᠠᠷᠢᠮᠲᠠᠯᠠᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠰᠠᠶᠢᠨ ᠲᠠᠷᠢᠶᠠᠨ ᠭᠠᠵᠠᠷ ᠤᠨ ᠰᠠᠭᠤᠷᠢ ᠶᠢ ᠪᠠᠬᠢᠵᠢᠭᠦᠯᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠭᠦᠢᠴᠡᠳ ᠨᠠᠶᠢᠳᠠᠪᠤᠷᠢᠵᠢᠭᠤᠯᠬᠤ ᠪᠠᠷ ᠳᠠᠮᠵᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠨ᠂ ᠰᠢᠷ᠎ᠠ ᠪᠤᠷᠴᠠᠭ ᠢ ᠲᠣᠭᠲᠠᠪᠤᠷᠢᠵᠢᠭᠤᠯᠬᠤ ᠶᠢ ᠠᠮᠤ ᠪᠤᠳᠠᠭᠠᠨ ᠤ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠪᠣᠯᠭᠠᠵᠤ᠂ ᠲᠠᠯᠠᠪᠠᠶ ᠶᠢ ᠲᠣᠭᠲᠠᠪᠤᠷᠢᠵᠢᠭᠤᠯᠬᠤ᠂ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠬᠦᠯᠬᠦ᠂ ᠠᠰᠢᠭ ᠣᠷᠣᠯᠭ᠎ᠠ ᠶᠢ ᠨᠡᠮᠡᠭᠳᠡᠭᠦᠯᠬᠦ ᠶᠢ ᠬᠦᠴᠦᠲᠡᠢ ᠲᠦᠯᠬᠢᠨ ᠠᠬᠢᠭᠤᠯᠵᠤ᠂ ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠲᠤᠮᠳᠠ ᠰᠠᠶᠢᠵᠢᠷᠠᠬᠤ ᠶᠢ ᠦᠨᠡᠨ ᠬᠦ ᠪᠠᠲᠤᠯᠠᠪᠠ᠃ ︽ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠭᠤᠣᠯᠳᠠᠯᠭ᠎ᠠ ᠶᠢ ᠲᠠᠯᠠᠪᠠᠢ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠬᠦ ᠳᠡᠭᠡᠷ᠎ᠡ ᠲᠠᠯᠪᠢᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ︽ᠬᠤᠶᠠᠷ ᠨᠢᠭᠡ ᠮᠢᠩᠭ᠎ᠠ︾ ᠶᠢᠨ ᠠᠵᠢᠯᠯᠠᠭ᠎ᠠ ︵1000 ᠲᠦᠮᠡᠨ ᠮᠦ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ᠂ 1000 ᠲᠦᠮᠡᠨ ᠮᠦ ᠲᠣᠨ ᠠᠮᠤ ᠶᠢᠨ ᠲᠠᠷᠢᠶ᠎ᠠ ᠶᠢ ᠪᠦᠲᠦᠭᠡᠨ ᠪᠠᠶᠢᠭᠤᠯᠬᠤ︶ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ︽ᠳᠥᠷᠪᠡᠨ ᠨᠠᠩ ᠲᠣᠪᠣᠶᠢᠮ᠎ᠠ︾ ᠳᠤ ᠰᠠᠭᠤᠷᠢᠯᠠᠵᠤ᠂ ᠲᠤᠬᠠᠶᠢᠯᠠᠪᠠᠯ ᠶᠡᠭᠡ ᠲᠠᠯᠠᠪᠠᠶ ᠶᠢ ᠨᠠᠩ ᠳᠣᠪᠤᠶᠢᠯᠭᠠᠵᠤ᠂ ︽ᠲᠠᠪᠤᠨ ᠰᠠᠶᠢᠨ︾ ᠤ ᠠᠭᠤᠰᠤᠯᠴᠠᠯ ᠢ ᠨᠠᠩ ᠳᠣᠪᠤᠶᠢᠯᠭᠠᠵᠤ᠂ ᠵᠠᠩᠭᠢᠯᠠᠭ᠎ᠠ ᠶᠢᠨ ᠮᠡᠷᠭᠡᠵᠢᠯ ᠢ ᠨᠠᠩ ᠳᠣᠪᠤᠶᠢᠯᠭᠠᠵᠤ᠂ ᠭᠤᠣᠯ ᠴᠣᠭᠴᠠ ᠶᠢᠨ ᠳᠠᠶᠢᠴᠢᠯᠠᠯᠲᠠ ᠶᠢ ᠨᠠᠩ ᠳᠣᠪᠤᠶᠢᠯᠭᠠᠵᠤ᠂ ᠶᠡᠭᠡ ᠲᠠᠯᠠᠪᠠᠶ ᠪᠠᠷ ᠲᠡᠩᠴᠡᠭᠦᠷᠢᠲᠡᠢ ᠤᠨᠠᠯᠲᠠ ᠶᠢ ᠨᠡᠮᠡᠭᠳᠡᠭᠦᠯᠬᠦ ᠶᠢ ᠪᠡᠶᠡᠯᠡᠭᠦᠯᠬᠦ ᠶᠢ ᠲᠦᠯᠬᠢᠨ ᠠᠬᠢᠭᠤᠯᠵᠤ ᠪᠤᠢ᠃      ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠠᠮᠤ ᠪᠤᠳᠠᠭ᠎ᠠ ᠶᠢ ᠲᠣᠭᠲᠠᠪᠤᠷᠢᠵᠢᠭᠤᠯᠤᠨ ᠲᠤᠰᠤᠨ ᠤ ᠭᠠᠷᠤᠯᠳᠠ ᠶᠢ ᠥᠷᠭᠡᠳᠬᠡᠬᠦ ᠭᠤᠣᠯᠳᠠᠯᠭ᠎ᠠ ᠲᠠᠢ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠥᠪᠥᠷ ᠮᠣᠩᠭᠤᠯ ᠤᠨ ᠬᠤᠪᠢ ᠨᠡᠮᠡᠷᠢ ᠶᠢ ᠦᠵᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号