ᠣᠶᠢᠷ᠎ᠠ ᠳᠤ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠢᠨ | ᠣᠨᠴᠠᠭᠠᠶ ᠴᠠᠭ ᠠᠭᠤᠷ ᠢ ᠢᠳᠡᠪᠬᠢᠲᠡᠢ ᠠᠷᠭᠠᠴᠠᠭᠠᠵᠤ᠂ ︽ᠴᠡᠭ ᠠᠴᠠ ᠴᠡᠭ ᠲᠤ ᠬᠦᠷᠬᠦ︾ ᠮᠡᠷᠭᠡᠵᠢᠯ ᠤᠨ | ᠦᠢᠯᠡᠴᠢᠯᠡᠭᠡ ᠶᠢ ᠭᠦᠨᠵᠡᠭᠡᠢ ᠥᠷᠨᠢᠭᠦᠯᠵᠦ᠂ ᠡᠯ᠎ᠡ ᠵᠦᠢᠯ ᠤᠨ ᠠᠷᠭ᠎ᠠ ᠵᠠᠮ ᠢᠶᠠᠷ ᠮᠡᠷᠭᠡᠵᠢᠯ ᠤᠨ ᠵᠢᠯᠤᠭᠤᠳᠬᠤ ᠰᠠᠨᠠᠯ | ᠵᠢᠴᠢ ᠴᠠᠭ ᠠᠭᠤᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠵᠦ᠂ ᠪᠥᠬᠦ ᠬᠤᠲᠠ ᠶᠢᠨ ︽ᠢᠳᠡᠰᠢᠨ ᠨᠣᠭᠤᠭ᠎ᠠ︾ | ᠶᠢᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠪᠠ᠃ | ᠨᠢᠭᠡ ᠳᠤ ᠮᠡᠷᠭᠡᠵᠢᠯ ᠤᠨ ᠵᠢᠯᠣᠭᠤᠳᠤᠯᠭ᠎ᠠ ᠶᠢ ᠠᠳᠬᠤᠪᠠ᠃ ᠪᠡᠯᠡᠳᠭᠡᠮᠵᠢᠳᠤ ᠢᠳᠡᠰᠢᠨ ᠨᠣᠭᠤᠭ᠎ᠠ ᠶᠢᠨ | ︽ᠮᠢᠩᠭᠠᠨ ᠬᠥᠮᠥᠨ ᠤ ᠵᠢᠯᠤᠭᠤᠳᠤᠯᠭ᠎ᠠ ᠲᠦᠮᠡᠨ ᠬᠥᠮᠥᠨ ᠤ ᠪᠣᠯᠪᠠᠰᠤᠷᠠᠯ︾ ᠤᠨ ᠲᠠᠷᠢᠶᠠᠯᠠᠩ ᠤᠨ ᠮᠡᠷᠭᠡᠵᠢᠯ ᠢ | ᠳᠡᠭᠡᠭᠰᠢᠯᠡᠭᠦᠯᠬᠦ ᠠᠵᠢᠯᠯᠠᠭ᠎ᠠ ᠳᠤ ᠲᠦᠰᠢᠭᠯᠡᠨ᠂ ᠬᠤᠲᠠ ᠰᠢᠶᠠᠨ ᠬᠤᠶᠠᠷ ᠱᠠᠲᠤᠨ ᠤ ᠲᠠᠷᠢᠶᠠᠯᠠᠩ ᠤᠨ ᠮᠡᠷᠭᠡᠵᠢᠯ ᠢ | ᠳᠡᠯᠭᠡᠷᠡᠭᠦᠯᠬᠦ ᠠᠵᠢᠯᠲᠠᠨ ︽ᠬᠦᠯᠡᠮᠵᠢ ᠳᠤ ᠮᠡᠷᠭᠡᠵᠢᠯ ᠬᠦᠷᠭᠡᠬᠦ᠂ ᠡᠷᠦᠬᠡ ᠳᠤ ᠬᠦᠷᠴᠦ ᠪᠣᠯᠪᠠᠰᠤᠷᠠᠯ ᠬᠢᠬᠦ︾ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠵᠢᠯᠤᠭᠤᠳᠬᠤ ᠬᠦᠷᠢᠶ᠎ᠡ ᠬᠡᠪᠴᠢᠶ᠎ᠡ ᠨᠢ 9 ᠬᠤᠰᠢᠭᠤ ᠰᠢᠶᠠᠨ | ᠲᠣᠭᠤᠷᠢᠭ ᠢ ᠬᠠᠮᠤᠷᠴᠤ᠂ ᠡᠷᠦᠬᠡ ᠳᠤ ᠣᠷᠣᠵᠤ ᠪᠣᠯᠪᠠᠰᠤᠷᠠᠯ ᠬᠢᠵᠦ᠂ ᠲᠠᠷᠢᠮᠠᠯ ᠤᠨ ᠡᠷᠦᠬᠡ ᠳᠤ ᠨᠡᠶᠢᠲᠡ 200 | ᠭᠠᠷᠤᠢ ᠬᠥᠮᠥᠨ ᠤᠳᠠᠭ᠎ᠠ ᠬᠦᠷᠴᠦ᠂ ︽ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠬᠥᠯᠳᠡᠬᠦ ᠠᠴᠠ ᠰᠡᠷᠭᠡᠶᠢᠯᠡᠵᠦ | ᠭᠠᠮᠰᠢᠭ ᠢ ᠪᠠᠭᠠᠰᠬᠠᠬᠤ ᠵᠢᠴᠢ ᠰᠡᠷᠭᠦᠭᠡᠨ ᠦᠢᠯᠡᠳᠪᠦᠷᠢᠯᠡᠬᠦ ᠮᠡᠷᠭᠡᠵᠢᠯ︾ ᠵᠡᠷᠭᠡ ᠡᠯ᠎ᠡ ᠲᠥᠷᠥᠯ ᠤᠨ ᠮᠡᠷᠭᠡᠵᠢᠯ ᠤᠨ | ᠮᠠᠲ᠋ᠧᠷᠢᠶᠠᠯ ᠢ 500 ᠭᠠᠷᠤᠢ ᠬᠤᠪᠢ ᠲᠠᠷᠬᠠᠭᠠᠵᠠᠢ᠃ | | | | ᠬᠤᠶᠠᠷ ᠲᠤ ᠠᠶᠤᠯᠭᠦᠢ ᠦᠢᠯᠡᠳᠪᠦᠷᠢᠯᠡᠯ ᠢ ᠠᠳᠬᠤᠪᠠ᠃ ᠡᠳᠦᠷ ᠲᠤᠲᠤᠮ ᠤᠨ ᠠᠵᠢᠯ ᠲᠠᠢ ᠪᠠᠨ | ᠤᠶᠠᠯᠳᠤᠭᠤᠯᠤᠨ᠂ ᠡᠯ᠎ᠡ ᠱᠠᠲᠤᠨ ᠤ ᠲᠠᠷᠢᠶᠠᠯᠠᠩ ᠤᠨ ᠮᠡᠷᠭᠡᠵᠢᠯᠲᠡᠳ ᠠᠶᠤᠯᠭᠦᠢ ᠦᠢᠯᠡᠳᠪᠦᠷᠢᠯᠡᠯ ᠤᠨ | ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠲᠠᠷᠢᠮᠠᠯ ᠤᠨ ᠡᠷᠦᠬᠡ ᠶᠢ ᠵᠢᠯᠣᠭᠤᠳᠤᠨ ᠬᠦᠯᠡᠮᠵᠢ ᠶᠢ | ᠪᠠᠬᠢᠵᠢᠭᠦᠯᠵᠦ᠂ ᠬᠠᠯᠠᠭᠤᠨ ᠰᠠᠯᠬᠢᠨ ᠤ ᠵᠤᠤᠬ᠎ᠠ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠢ ᠶᠢᠨ ᠰᠠᠪᠠ | ᠵᠡᠷᠭᠡ ᠪᠡᠯᠡᠳᠬᠡᠮᠵᠢ ᠲᠥᠬᠦᠭᠡᠷᠦᠮᠵᠢ ᠶᠢ ᠠᠶᠤᠯᠭᠦᠢ ᠬᠡᠷᠡᠭᠯᠡᠬᠦ ᠶᠢ ᠴᠢᠩᠭ᠎ᠠ ᠠᠳᠬᠤᠪᠠ᠃ ᠠᠶᠤᠯᠭᠦᠢ | ᠦᠢᠯᠡᠳᠪᠦᠷᠢᠯᠡᠯ ᠤᠨ ᠤᠬᠠᠭᠤᠯᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠲᠠᠷᠢᠮᠠᠯ ᠤᠨ ᠡᠷᠦᠬᠡ ᠳᠤ ᠲᠠᠷᠢᠶᠠᠨ ᠭᠠᠵᠠᠷ ᠢ | ᠴᠡᠪᠡᠷᠯᠡᠬᠦ ᠵᠢᠴᠢ ᠬᠤᠸᠠᠷ ᠫᠤᠤᠵᠢᠩ ᠵᠡᠷᠭᠡ ᠭᠠᠯ ᠤᠨ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠶᠢ | ᠠᠩᠬᠠᠷᠬᠤ ᠶᠢ ᠰᠠᠨᠠᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠠᠮᠤᠷ ᠲᠦᠪᠰᠢᠨ ᠤ | ᠤᠬᠠᠮᠰᠠᠷ ᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠪᠠ᠃ | | | | | | ᠭᠤᠷᠪᠠ ᠳᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠠᠳᠬᠤᠪᠠ᠃ ︽ᠢᠳᠡᠰᠢᠨ ᠨᠣᠭᠤᠭ᠎ᠠ︾ ᠶᠢᠨ | ᠪᠦᠲᠦᠭᠡᠭᠳᠡᠬᠦᠨ ᠤ ᠦᠨ᠎ᠡ ᠬᠠᠩᠰᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠬᠤ ᠶᠢᠨ | ᠲᠥᠯᠥᠭᠡ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠲᠤᠰᠬᠠᠢ | ᠬᠥᠮᠥᠨ ᠲᠣᠬᠢᠷᠠᠭᠤᠯᠤᠨ ᠮᠧᠶ ᠲᠦᠩ᠂ ᠱᠤᠸᠠᠩ ᠱᠦ ᠵᠡᠷᠭᠡ ᠵᠠᠬ᠎ᠠ ᠳᠡᠯᠭᠡᠭᠦᠷ ᠲᠠᠢ ᠵᠣᠯᠭᠠᠭᠤᠯᠵᠤ᠂ ︽ᠢᠳᠡᠰᠢᠨ | ᠨᠣᠭᠤᠭ᠎ᠠ︾ ᠶᠢᠨ ᠪᠦᠲᠦᠭᠡᠭᠳᠡᠬᠦᠨ ᠤ ᠦᠨ᠎ᠡ ᠬᠠᠩᠰᠢ ᠵᠢᠴᠢ ᠠᠷᠠᠯᠵᠢᠶᠠᠨ ᠤ ᠬᠡᠮᠵᠢᠶ᠎ᠡ ᠳᠤ ᠡᠳᠦᠷ ᠤᠨ | ᠲᠣᠬᠢᠷᠠᠭᠤᠯᠤᠯᠲᠠ ᠬᠢᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠪᠦᠲᠦᠭᠡᠭᠳᠡᠬᠦᠨ ᠤ ᠦᠨ᠎ᠡ ᠬᠠᠩᠰᠢ ᠪᠠ | ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠢ ᠨᠡᠶᠢᠲᠡᠯᠡᠵᠦ᠂ ᠨᠡᠶᠢᠭᠡᠮ ᠤᠨ ᠵᠢᠱᠢᠯᠲᠡ ᠶᠢ ᠲᠣᠭᠲᠠᠪᠤᠷᠢᠵᠢᠭᠤᠯᠪᠠ᠃ | ᠣᠶᠢᠷ᠎ᠠ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠠᠴᠠ ᠦᠵᠡᠪᠡᠯ᠂ ᠭᠤᠣᠯ ᠪᠣᠯᠬᠤ ᠢᠳᠡᠰᠢᠨ | ᠨᠣᠭᠤᠭ᠎ᠠ ᠶᠢᠨ ᠦᠨ᠎ᠡ ᠬᠠᠩᠰᠢ ᠲᠣᠭᠲᠠᠭᠤᠨ ᠪᠠᠶᠢᠵᠤ᠂ ᠨᠥᠭᠡᠴᠡ ᠭᠦᠢᠴᠡᠳ ᠪᠥᠭᠡᠳ ᠲᠣᠭᠲᠠᠭᠤᠨ ᠪᠠᠶᠢᠨ᠎ᠠ᠃ | | | | | | ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ | ᠲᠥᠪ ᠠᠴᠠ ᠦᠢᠯᠡᠳᠪᠦᠷᠢᠯᠡᠯ ᠢ ᠵᠢᠯᠤᠭᠤᠳᠬᠤ ᠦᠢᠯᠡᠴᠢᠯᠡᠭᠡ ᠪᠠᠨ ᠦᠷᠭᠦᠯᠵᠢᠯᠡᠨ ᠴᠢᠩᠭᠠᠳᠬᠠᠵᠤ᠂ ᠭᠠᠢ ᠭᠠᠮᠰᠢᠭ ᠢ | ᠤᠷᠢᠳᠴᠢᠯᠠᠨ ᠰᠡᠷᠡᠮᠵᠢᠯᠡᠭᠦᠯᠬᠦ ᠪᠠ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠴᠠᠭ ᠲᠤᠬᠠᠢ | ᠳᠤᠨᠢ ᠨᠡᠶᠢᠲᠡᠯᠡᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ︽ᠢᠳᠡᠰᠢᠨ ᠨᠣᠭᠤᠭ᠎ᠠ︾ ᠶᠢᠨ ᠤᠨᠠᠯᠲᠠ ᠶᠢ | ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ |