2 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠣᠨᠣᠯ ᠤᠨ | ᠰᠤᠷᠤᠯᠴᠠᠯᠭ᠎ᠠ ᠶᠢᠨ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠰᠤᠷᠤᠯᠴᠠᠯᠭ᠎ᠠ ᠵᠢᠴᠢ ᠠᠵᠢᠯ ᠤᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ | ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ | ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ ᠪᠣᠯᠣᠨ ᠲᠦᠷᠦ ᠶᠢᠨ ᠶᠠᠪᠤᠳᠠᠯ ᠤᠨ | ᠬᠤᠷᠢᠶᠠᠨ ᠤ ᠴᠢᠬᠤᠯᠠ ᠬᠤᠷᠠᠯ ᠤᠨ ᠴᠢᠬᠤᠯᠠ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠶᠢᠷ᠎ᠠ ᠶᠢᠨ ᠬᠤᠭᠤᠴᠠᠭᠠᠨ ᠤ ᠴᠢᠬᠤᠯᠠ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ 2024 | ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠤᠷᠠᠯᠳᠤᠭᠰᠠᠨ ᠪᠠᠶᠢᠳᠠᠯ ᠢ ᠮᠡᠳᠡᠭᠳᠡᠵᠦ᠂ ᠰᠡᠷᠡᠮᠵᠢᠯᠡᠭᠦᠯᠬᠦ | ᠬᠥᠮᠦᠵᠢᠯ ᠤᠨ ᠹᠢᠯᠢᠮ ︽ᠰᠡᠷᠡᠮᠵᠢ ᠶᠢᠨ ᠬᠤᠩᠬᠤ︾ ᠶᠢ ᠦᠵᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ | ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠢᠭᠡᠳᠬᠡᠵᠦ᠂ ︽ᠨᠢᠭᠡ ᠭᠤᠣᠯ | ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ | ᠪᠠᠳᠠᠷᠠᠭᠤᠯᠬᠤ︾ ᠲᠠᠯ᠎ᠠ ᠪᠠᠷ ᠬᠤᠰᠢᠭᠤᠴᠢ ᠪᠣᠯᠬᠤ ᠪᠠᠷ ᠲᠡᠮᠡᠴᠡᠵᠦ᠂ ︽ᠲᠠᠪᠤᠨ ᠶᠡᠭᠡ ᠡᠭᠦᠷᠭᠡ︾ ᠪᠣᠯᠣᠨ ᠰᠢᠨ᠎ᠡ ᠵᠠᠮ ᠢ | ᠨᠡᠭᠡᠭᠡᠵᠦ ᠳᠤᠮᠳᠠ ᠤᠷᠤᠰᠬᠠᠯ ᠳᠤ ᠣᠷᠣᠬᠤ ᠭᠤᠣᠯ ᠡᠭᠦᠷᠭᠡ ᠶᠢ ᠡᠭᠦᠷᠭᠡᠯᠡᠵᠦ᠂ ︽ᠵᠢᠷᠭᠤᠭᠠᠨ ᠠᠵᠢᠯᠯᠠᠭ᠎ᠠ︾ ᠳᠤᠮᠳᠠ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ | ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ᠂ ᠰᠢᠨ᠎ᠡ ᠨᠢᠭᠡᠨ ᠵᠢᠯ ᠤᠨ ᠪᠢᠯᠬᠠᠮ᠎ᠠ ᠪᠠᠶᠢᠳᠠᠯ ᠢᠶᠠᠷ ᠠᠵᠢᠯ ᠢᠶᠠᠨ ᠡᠬᠢᠯᠡᠭᠦᠯᠵᠦ᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠤᠨᠠᠯᠲᠠ ᠶᠢ | ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠴᠢᠩᠭ᠎ᠠ | ᠠᠳᠬᠤᠵᠤ᠂ ᠲᠡᠷᠢᠭᠦᠨ ᠲᠣᠬᠢᠶᠠᠯ ᠢ ᠠᠮᠵᠢᠨ᠂ ᠰᠠᠨᠠᠭᠠᠴᠢᠯᠠᠭᠠᠲᠤ ᠪᠠᠶᠢᠷᠢ ᠶᠢ ᠣᠯᠵᠤ᠂ ᠰᠢᠨ᠎ᠡ ᠵᠢᠯ ᠤᠨ ︽ᠨᠢᠭᠡᠳᠦᠭᠡᠷ | ᠰᠢᠳᠠᠮ︾ ᠢ ᠤᠷᠢᠳᠴᠢᠯᠠᠨ ᠠᠳᠬᠤᠵᠤ ᠤᠷᠢᠳᠠᠪᠠᠷ ᠭᠦᠶᠦᠬᠦ ᠪᠠᠷ ᠴᠢᠷᠮᠠᠶᠢᠬᠤ ᠬᠡᠷᠡᠭᠲᠡᠢ᠃ ᠬᠠᠮᠤᠭ ᠤᠨ ᠥᠨᠳᠥᠷ | ᠪᠠᠷᠢᠮᠵᠢᠶ᠎ᠠ ᠪᠠᠷ ᠠᠵᠢᠯ ᠢᠶᠠᠨ ᠰᠠᠶᠢᠲᠤᠷ ᠠᠳᠬᠤᠵᠤ᠂ ︽ᠲᠠᠷᠢᠶᠠᠨ ᠭᠠᠵᠠᠷ ᠤᠰᠤᠨ ᠤ ᠲᠦᠷᠦᠯ ᠤᠨ ᠮᠡᠷᠭᠡᠵᠢᠯ᠂ ᠠᠮᠤ | ᠪᠤᠳᠠᠭ᠎ᠠ ᠮᠢᠬ᠎ᠠ ᠰᠦ ᠡᠪᠡᠰᠦ᠂ ᠬᠡᠯᠬᠢᠶ᠎ᠡ ᠦᠢᠯᠡᠴᠢᠯᠡᠭᠡ ᠶᠢ ᠠᠭᠤᠰᠤᠯᠴᠠᠭᠤᠯᠤᠨ ᠥᠭᠡᠷᠡᠴᠢᠯᠡᠬᠦ᠂ ᠪᠦᠲᠦᠮᠵᠢᠲᠡᠢ | ᠵᠣᠯᠭᠠᠭᠤᠯᠬᠤ᠂ ︿ᠮᠢᠩᠭᠠᠨ ᠲᠦᠮᠡᠨ ᠢᠨᠵᠧᠨᠧᠷᠢᠩ﹀ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ︾ 14 ᠬᠤᠪᠢ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ᠂ | ᠬᠦᠷᠢᠶᠡᠨ ᠤ ᠠᠵᠤ ᠠᠬᠤᠢ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠶᠢᠨ | ᠡᠬᠢᠯᠡᠯᠲᠡ ᠲᠠᠢ ᠪᠣᠯᠭᠠᠬᠤ ᠬᠡᠷᠡᠭᠲᠡᠢ᠃ ᠠᠵᠢᠯ ᠳᠠᠭᠠᠨ ᠴᠠᠭᠠᠷᠠᠭᠰᠠᠨ ᠰᠤᠷᠲᠠᠯ ᠢᠶᠠᠷ ᠠᠵᠢᠯ ᠢᠶᠠᠨ ᠪᠣᠳᠠᠲᠠᠶᠢᠵᠢᠭᠤᠯᠵᠤ᠂ | ᠵᠢᠱᠢᠶᠡᠴᠢ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠤ ᠭᠤᠣᠯᠳᠠᠯᠭ᠎ᠠ ᠲᠠᠢ ᠲᠦᠷᠦᠯ ᠵᠦᠢᠯ᠂ ᠪᠡᠯᠡ | ᠮᠥᠩᠭᠦ ᠶᠢᠨ ᠬᠡᠷᠡᠭᠯᠡᠯᠲᠡ ᠶᠢ ᠴᠢᠩᠭ᠎ᠠ ᠠᠩᠬᠠᠷᠴᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠳᠠᠷᠤᠭᠠᠰᠤ ᠶᠢ ᠬᠥᠩᠭᠡᠷᠡᠭᠦᠯᠬᠦ᠂ ᠴᠢᠳᠠᠪᠤᠷᠢ | ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠱᠠᠯᠠᠪᠳᠠᠭᠤᠯᠬᠤ︾ ᠠᠵᠢᠯ ᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠲᠢᠩᠬᠢᠮ ᠤᠨ ᠰᠢᠰᠲ᠋ᠧᠮ ᠤᠨ ᠰᠤᠷᠲᠠᠯ ᠢ ᠶᠡᠬᠡᠪᠡᠷ ᠬᠤᠪᠢᠷᠠᠭᠤᠯᠬᠤ᠂ ᠦᠷ᠎ᠡ | ᠪᠦᠲᠦᠮᠵᠢ ᠶᠢ ᠶᠡᠬᠡᠪᠡᠷ ᠳᠡᠭᠡᠭᠰᠢᠯᠡᠭᠦᠯᠬᠦ᠂ ᠦᠷ᠎ᠡ ᠪᠦᠲᠦᠭᠡᠯ ᠢ ᠶᠡᠬᠡᠪᠡᠷ ᠢᠯᠡᠷᠡᠭᠦᠯᠬᠦ ᠶᠢ ᠪᠦᠲᠦᠮᠵᠢᠲᠡᠢ ᠠᠬᠢᠭᠤᠯᠵᠤ᠂ | ᠮᠠᠯ ᠠᠵᠤ ᠠᠬᠤᠢ ᠲᠠᠷᠢᠶᠠᠯᠠᠩ ᠤᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠪᠣᠯᠣᠨ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ | ᠬᠡᠷᠡᠭᠲᠡᠢ ᠭᠡᠵᠦ ᠱᠠᠭᠠᠷᠳᠠᠵᠠᠢ᠃ | ᠪᠠᠶᠢᠭᠤᠯᠭ᠎ᠠ ᠳᠤ ᠪᠠᠨ ᠪᠠᠶᠢᠭ᠎ᠠ ᠲᠢᠩᠬᠢᠮ ᠤᠨ ᠤᠳᠤᠷᠢᠳᠤᠯᠭ᠎ᠠ᠂ ᠶᠡᠷᠦᠩᠬᠡᠢ ᠢᠨᠵᠧᠨᠧᠷ᠂ ᠲᠤᠰᠬᠠᠢ | ᠲᠤᠰᠢᠶᠠᠯᠲᠠᠨ᠂ ᠲᠢᠩᠬᠢᠮ ᠤᠨ ᠪᠠᠶᠢᠭᠤᠯᠭ᠎ᠠ ᠶᠢᠨ ᠪᠥᠬᠦ ᠠᠯᠪᠠᠲᠠᠨ᠂ ᠲᠢᠩᠬᠢᠮ ᠤᠨ ᠬᠠᠷᠢᠶ᠎ᠠ ᠨᠢᠭᠡᠴᠡ ᠶᠢᠨ ᠳᠡᠳ᠋ | ᠭᠠᠵᠠᠷ ᠤᠨ ᠲᠠᠰ ᠠᠴᠠ ᠳᠡᠭᠡᠭᠰᠢᠬᠢ ᠺᠠᠳ᠋ᠷᠴᠤᠳ ᠬᠤᠷᠠᠯ ᠳᠤ ᠣᠷᠣᠯᠴᠠᠪᠠ᠃ |