ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠵᠢᠷᠭᠤᠳᠤᠭᠠᠷ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠳᠤᠭᠤᠶᠢᠯᠠᠩ ᠤᠨ ᠬᠢᠨ ᠲᠣᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2025/3/5
      3 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠵᠢᠷᠭᠤᠳᠤᠭᠠᠷ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠳᠤᠭᠤᠶᠢᠯᠠᠩ ᠤᠨ 17 ᠪᠦᠷᠢᠯᠳᠦᠭᠦᠨ ᠨᠢᠭᠡᠴᠡ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠲᠤᠰᠬᠠᠢ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠨᠠᠮ ᠤᠨ ᠠᠵᠢᠯ ᠤᠨ ᠺᠠᠳ᠋ᠷᠴᠤᠳ ᠢ ᠵᠣᠬᠢᠶᠠᠨ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠬᠦᠷᠴᠦ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠲᠣᠭᠤᠷᠢᠨ ᠦᠵᠡᠪᠡ᠃
1.png 
      ᠬᠤᠷᠠᠯ ᠳᠤ ᠣᠷᠣᠯᠴᠠᠭᠰᠠᠳ ︽ᠤᠮᠠᠷᠠᠲᠤ ᠬᠢᠯᠢ ᠶᠢᠨ ᠡᠳ᠋ ᠤᠨ ᠵᠠᠰᠠᠭ ᠤᠨ ᠨᠠᠮ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠪᠴᠠᠩ︾ ᠢ ᠲᠣᠭᠤᠷᠢᠨ ᠦᠵᠡᠵᠦ᠂ ᠡᠳ᠋ ᠤᠨ ᠵᠠᠰᠠᠭ ᠤᠨ ᠲᠢᠩᠬᠢᠮ ᠤᠨ ᠮᠡᠳᠡᠭᠡ ᠵᠠᠩᠭᠢᠵᠢᠯᠲᠠ ᠶᠢᠨ ᠴᠢᠳᠠᠪᠤᠷᠢ ᠣᠯᠭᠤᠬᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠲᠤᠷᠰᠢᠯᠭ᠎ᠠ ᠠᠷᠭ᠎ᠠ ᠬᠢᠳᠡᠯ ᠢ ᠪᠥᠬᠦ ᠲᠠᠯ᠎ᠠ ᠪᠠᠷ ᠣᠶᠢᠯᠠᠭᠠᠵᠤ᠂ ᠨᠠᠮ ᠤᠨ ᠡᠭᠦᠷ ᠤᠨ ︽ᠣᠳᠣᠨ ᠲᠠᠰ ᠤᠨ ᠪᠣᠯᠭᠠᠬᠤ︾ ᠪᠠᠶᠢᠭᠤᠯᠤᠯᠲᠠ ᠪᠠ ᠦᠨᠡᠯᠡᠨ ᠲᠣᠭᠲᠠᠭᠠᠬᠤ ᠠᠵᠢᠯ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ︽ᠢᠯᠡ ᠲᠣᠳᠣ ᠬᠠᠷᠢᠴᠠᠭᠤᠯᠤᠯ︾ ᠥᠷᠨᠢᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠬᠠᠯᠠᠭᠤᠨ ᠢᠶᠠᠷ ᠰᠠᠨᠠᠯ ᠢᠶᠠᠨ ᠰᠣᠯᠢᠯᠴᠠᠪᠠ᠃
2.png 
      ᠰᠣᠯᠢᠯᠴᠠᠭᠠᠨ ᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ︱ᠤᠯᠤᠰ ᠤᠨ ᠬᠥᠮᠥᠷᠭᠡ ᠶᠢᠨ ᠭᠠᠵᠠᠷ ︵ᠲᠥᠪ︶ ᠤᠨ ᠨᠠᠮ ᠤᠨ ᠡᠭᠦᠷ ᠤᠨ ᠱᠦᠵᠢ ︽ᠤᠯᠤᠰ ᠤᠨ ᠬᠥᠮᠥᠷᠭᠡ ᠶᠢᠨ ᠬᠤᠰᠢᠭᠤᠴᠢ︾ ᠶᠢᠨ ᠨᠠᠮ ᠤᠨ ᠡᠭᠦᠷ ᠤᠨ ᠨᠡᠷᠡᠲᠦ ᠲᠥᠷᠥᠯ ᠲᠡᠮᠳᠡᠭᠲᠦ ᠶᠢ ᠡᠭᠦᠳᠦᠭᠰᠡᠨ ᠦᠷ᠎ᠡ ᠪᠦᠲᠦᠭᠡᠯ ᠪᠣᠯᠣᠨ ᠡᠷᠬᠢᠮ ᠨᠠᠨᠳᠢᠨ ᠲᠤᠷᠰᠢᠯᠭ᠎ᠠ ᠶᠢ ᠰᠢᠰᠲ᠋ᠧᠮ ᠲᠠᠢ ᠲᠠᠨᠢᠯᠴᠠᠭᠤᠯᠵᠤ᠂ ᠬᠡᠷᠬᠢᠨ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ᠂ ᠵᠣᠷᠢᠯᠲᠠ ᠶᠢᠨ ᠤᠬᠠᠮᠰᠠᠷ᠂ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ᠂ ᠦᠵᠡᠯ ᠰᠠᠨᠠᠭᠠᠨ ᠤ ᠬᠠᠮᠲᠤᠷᠠᠯ ᠤᠨ ᠬᠦᠴᠦᠨ ᠢ ᠨᠢᠭᠲᠠᠷᠠᠭᠤᠯᠬᠤ᠂ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠤᠨ ᠬᠤᠣᠰ ᠠᠭᠤᠰᠤᠯᠴᠠᠯ ᠬᠤᠣᠰ ᠠᠬᠢᠭᠤᠯᠤᠯᠲᠠ ᠶᠢ ᠪᠡᠶᠡᠯᠡᠭᠦᠯᠬᠦ ᠲᠤᠬᠠᠢ ᠭᠦᠨᠵᠡᠭᠡᠢ ᠰᠣᠯᠢᠯᠴᠠᠵᠠᠢ᠃ 
3.png
      ᠰᠤᠷᠤᠯᠴᠠᠯᠭ᠎ᠠ ᠳᠤ ᠣᠷᠣᠯᠴᠠᠭᠰᠠᠳ᠄ ᠲᠤᠰ ᠤᠳᠠᠭᠠᠨ ᠤ ᠲᠣᠭᠤᠷᠢᠨ ᠦᠵᠡᠵᠦ ᠰᠣᠯᠢᠯᠴᠠᠬᠤ ᠠᠵᠢᠯᠯᠠᠭ᠎ᠠ ᠨᠢ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠭᠰᠠᠨ ᠦᠢᠯᠡᠳᠦᠯᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠮᠡᠳᠡᠭᠡ ᠵᠠᠩᠭᠢᠵᠢᠯᠲᠠ ᠶᠢᠨ ᠲᠣᠭᠠᠴᠢᠯᠠᠭᠰᠠᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠪᠣᠳᠠᠲᠠᠢ ᠠᠷᠭ᠎ᠠ ᠵᠠᠮ ᠢ ᠰᠦᠪᠡᠭᠴᠢᠯᠡᠬᠦ ᠪᠠᠷ ᠳᠡᠮᠵᠢᠨ᠂ ᠨᠠᠮ ᠤᠨ ᠡᠭᠦᠷ ᠤᠨ ᠣᠨᠴᠠᠯᠢᠭ ᠪᠦᠬᠦᠢ ᠨᠠᠮ ᠤᠨ ᠪᠠᠶᠢᠭᠤᠯᠤᠯᠲᠠ ᠶᠢᠨ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠲᠤᠷᠰᠢᠯᠭ᠎ᠠ ᠠᠷᠭ᠎ᠠ ᠬᠢᠳᠡᠯ ᠢᠶᠠᠨ ᠰᠣᠯᠢᠯᠴᠠᠵᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠡᠳᠬᠢᠴᠡ ᠶᠢ ᠡᠮᠬᠢᠯᠡᠵᠦ᠂ ᠠᠵᠢᠯ ᠤᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠡᠶᠢᠳᠬᠡᠵᠦ᠂ ᠬᠤᠯᠪᠤᠭᠠᠯᠠᠨ ᠪᠠᠶᠢᠭᠤᠯᠵᠤ ᠬᠤᠯᠪᠤᠭᠠᠯᠠᠨ ᠬᠥᠳᠡᠯᠦᠯᠴᠡᠬᠦ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠬᠤ᠂ ᠬᠠᠮᠲᠤᠪᠠᠷ ᠠᠬᠢᠭᠤᠯᠵᠤ ᠬᠠᠮᠲᠤᠪᠠᠷ ᠤᠷᠤᠭᠰᠢᠯᠠᠬᠤ ᠶᠢ ᠦᠨᠡᠨᠬᠦ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠵᠢᠴᠢ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡ ᠶᠢ ᠠᠬᠢᠭᠤᠯᠵᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠢᠳᠡᠪᠬᠢᠲᠡᠢ ᠦᠢᠯᠡᠳᠦᠯ ᠦᠵᠡᠭᠦᠯᠪᠡ ᠭᠡᠵᠦ ᠢᠯᠡᠳᠬᠡᠵᠡᠭᠡᠪᠡ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号