2026 ᠣᠨ᠎ᠤ 1 ᠰᠠᠷ᠎ᠠ᠎ᠶ᠋ᠢᠨ 8 ᠤ ᠡᠳᠦᠷ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ 2026 ᠣᠨ᠎ᠤ 《ᠳᠤᠮᠳᠠᠳᠤ ᠠᠹᠷᠢᠺᠠ᠎ᠶ᠋ᠢᠨ ᠰᠣᠶᠣᠯ ᠢᠷᠭᠡᠨᠱᠢᠯ᠎ᠦᠨ ᠰᠣᠯᠢᠯᠴᠠᠭᠠᠨ᠎ᠤ ᠣᠨ》 ᠤ᠋ ᠡᠬᠢᠯᠡᠯᠲᠡ᠎ᠶ᠋ᠢᠨ ᠶᠣᠰᠣᠯᠠᠯ᠎ᠳᠤ ᠪᠠᠶᠠᠷ᠎ᠤᠨ ᠵᠠᠬᠢᠳᠠᠯ ᠢᠯᠡᠭᠡᠪᠡ᠃
ᠰᠢ᠎ᠵᠢᠨ᠎ᠫᠢᠩ᠂ ᠳᠤᠮᠳᠠᠳᠤ ᠠᠹᠷᠢᠺᠠ ᠭᠠᠳᠠᠭᠠᠳᠤ ᠬᠠᠷᠢᠯᠴᠠᠭ᠎ᠠ᠎ᠪᠠᠨ ᠡᠬᠢᠯᠡᠭᠦᠯᠦᠭ᠌ᠰᠡᠨ 70 ᠵᠢᠯ᠎ᠦᠨ ᠤᠢ᠎ᠶ᠋ᠢᠨ ᠲᠠᠱᠢᠷᠠᠮ᠎ᠳᠤ 《ᠰᠣᠶᠣᠯ ᠢᠷᠭᠡᠨᠱᠢᠯ᠎ᠦᠨ ᠰᠣᠯᠢᠯᠴᠠᠭᠠᠨ᠎ᠤ ᠣᠨ》᠎ᠢ ᠡᠷᠬᠢᠯᠡᠬᠦ᠌ ᠪᠣᠯ ᠮᠢᠨᠦ᠍ ᠠᠹᠷᠢᠺᠠ ᠲᠢᠪ᠎ᠦᠨ ᠤᠳᠤᠷᠢᠳᠭᠤ ᠬᠥᠮᠦᠰ᠎ᠲᠡᠶ ᠲᠤᠬᠢᠷᠠᠯᠴᠠᠭ᠍ᠰᠠᠠ ᠴᠢᠬᠤᠯᠠ ᠬᠠᠮᠲᠤ᠎ᠶ᠋ᠢᠨ ᠲᠠᠨᠢᠯᠲᠠ ᠮᠥᠨ᠂ ᠱᠢᠨ᠎ᠡ ᠲᠡᠦᠬᠡ᠎ᠶ᠋ᠢᠨ ᠭᠠᠷᠤᠭ᠎ᠠ᠎ᠡᠴᠡ ᠳᠤᠮᠳᠠᠳᠤ ᠠᠹᠷᠢᠺᠠ᠎ᠶ᠋ᠢᠨ ᠨᠥᠬᠥᠷᠯᠡᠯ᠎ᠢ ᠬᠥᠮᠦᠰ᠎ᠦᠨ ᠰᠡᠳᠭᠢᠯ᠎ᠳᠦ ᠭᠦᠨ ᠬᠠᠳᠠᠩᠱᠢᠭᠤᠯᠬᠤ᠎ᠶ᠋ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠭᠡᠵᠦ ᠵᠢᠭᠠᠵᠤ ᠭᠠᠷᠭᠠᠪᠠ᠃
ᠰᠢ᠎ᠵᠢᠨ᠎ᠫᠢᠩ᠂ ᠪᠣᠯᠪᠠᠰᠤᠨ᠎ᠤ ᠰᠣᠯᠢᠯᠴᠠᠭ᠎ᠠ ᠲᠣᠯᠢᠳᠠᠯ ᠪᠣᠯ ᠬᠥᠮᠦᠨ ᠲᠥᠷᠥᠯᠬᠢᠲᠡᠨ᠎ᠦ ᠪᠣᠯᠪᠠᠰᠤᠨ᠎ᠤ ᠳᠠᠪᠱᠢᠯᠲᠠ ᠪᠣᠯᠤᠨ ᠳᠡᠯᠡᠬᠡᠶ᠎ᠶ᠋ᠢᠨ ᠡᠩᠬᠡ ᠲᠠᠢᠪᠤᠩ ᠬᠢᠭᠡᠳ ᠬᠥᠭ᠌ᠵᠢᠯᠲᠡ᠎ᠶ᠋ᠢ ᠠᠬᠢᠭᠤᠯᠬᠤ ᠰᠢᠪᠬᠠᠭᠠᠳ ᠪᠠᠷᠠᠰᠢ ᠥᠬᠡᠶ ᠬᠥᠳᠡᠯᠭᠡᠬᠦ᠌ ᠬᠦᠴᠦᠨ ᠮᠥᠨ᠃ ᠵᠠᠭᠤ ᠮᠢᠩᠭᠠᠨ ᠵᠢᠯ᠎ᠦᠨ ᠲᠤᠷᠰᠢ᠂ ᠳᠤᠮᠳᠠᠳᠤ ᠠᠹᠷᠢᠺᠠ᠎ᠶ᠋ᠢᠨ ᠬᠣᠶᠠᠷ ᠶᠡᠬᠡ ᠪᠣᠯᠪᠠᠰᠤᠨ ᠰᠣᠯᠪᠢᠴᠠᠨ ᠭᠡᠷᠡᠯᠲᠦᠵᠦ᠍᠂ ᠳᠤᠮᠳᠠᠳᠤ ᠠᠹᠷᠢᠺᠠ᠎ᠶ᠋ᠢᠨ ᠨᠥᠬᠥᠷᠯᠡᠯ᠎ᠦᠨ ᠲᠡᠦᠬᠡ ᠪᠠ ᠦᠵᠡᠯ ᠰᠠᠨᠠᠭᠠᠨ᠎ᠤ ᠰᠤᠷᠪᠤᠯᠵᠢ ᠪᠣᠯᠵᠠᠢ ᠭᠡᠵᠦ ᠴᠢᠬᠤᠯᠠᠴᠢᠯᠠᠪᠠ᠃
ᠰᠢ᠎ᠵᠢᠨ᠎ᠫᠢᠩ᠂ ᠬᠣᠶᠠᠷ ᠲᠠᠯ᠎ᠠ᠎ᠪᠠᠷ᠎ᠢᠶᠠᠨ 《ᠰᠣᠶᠣᠯ ᠢᠷᠭᠡᠨᠱᠢᠯ᠎ᠦᠨ ᠰᠣᠯᠢᠯᠴᠠᠭᠠᠨ᠎ᠤ ᠣᠨ》᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭᠠᠵᠤ᠂ ᠤᠯᠠᠮᠵᠢᠯᠠᠯᠲᠤ ᠨᠥᠬᠥᠷᠯᠡᠯ᠎ᠢᠶᠡᠨ ᠦᠷᠭᠦᠯᠵᠢᠯᠡᠭᠦᠯᠵᠦ᠍᠂ ᠪᠣᠯᠪᠠᠰᠤᠨ᠎ᠢᠶᠠᠨ ᠬᠠᠷᠢᠯᠴᠠᠨ ᠲᠤᠯᠢ ᠪᠤᠯᠭᠠᠬᠤ᠎ᠪᠠᠨ ᠴᠢᠩᠭᠠᠳᠭᠠᠵᠤ᠂ ᠬᠥᠮᠦᠰ᠎ᠦᠨ ᠶᠠᠪᠤᠯᠴᠠᠭ᠎ᠠ ᠢᠯᠠᠩᠭᠤᠶ᠎ᠠ ᠵᠠᠯᠠᠭᠤᠴᠤᠳ᠎ᠤᠨ ᠶᠠᠪᠤᠯᠴᠠᠭ᠎ᠠ᠎ᠶ᠋ᠢ ᠨᠢᠭ᠍ᠲᠠᠷᠠᠭᠤᠯᠵᠤ᠂ ᠲᠦᠷᠦ᠍᠎ᠶ᠋ᠢ ᠵᠠᠰᠠᠬᠤ ᠲᠤᠬᠠᠢ ᠲᠤᠷᠱᠢᠯᠭ᠎ᠠ᠎ᠶ᠋ᠢᠨ ᠰᠣᠯᠢᠯᠴᠠᠭ᠎ᠠ᠎ᠪᠠᠨ ᠭᠦᠨᠵᠡᠭᠡᠢᠷᠡᠭᠦᠯᠵᠦ᠍᠂ ᠭᠠᠷ ᠬᠣᠯᠪᠣᠯᠴᠠᠨ ᠣᠳᠣᠬᠢᠴᠢᠯᠠᠯᠲᠠ᠎ᠶ᠋ᠢ ᠠᠬᠢᠭᠤᠯᠵᠤ᠂ 28 ᠳ᠋ᠦᠩᠱᠢᠭᠤᠷ ᠭᠠᠷᠤᠢ ᠳᠤᠮᠳᠠᠳᠤ ᠠᠹᠷᠢᠺᠠ᠎ᠶ᠋ᠢᠨ ᠠᠷᠠᠳ ᠲᠦᠮᠡᠨ᠎ᠦ ᠰᠡᠳᠭᠢᠯ ᠰᠠᠨᠠᠭ᠎ᠠ᠎ᠪᠠᠨ ᠤᠯᠤᠯᠴᠠᠬᠤ᠂ ᠬᠠᠢᠷ᠎ᠠ ᠰᠡᠳᠭᠢᠯᠭᠡ᠎ᠪᠡᠨ ᠠᠭᠤᠰᠤᠯᠴᠠᠭᠤᠯᠬᠤ᠂ ᠬᠦᠴᠦ᠍᠎ᠪᠡᠨ ᠬᠠᠮᠲᠤᠳᠭᠠᠬᠤ᠎ᠶ᠋ᠢ ᠠᠬᠢᠭᠤᠯᠵᠤ᠂ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠤᠨ ᠪᠦᠯᠬᠦᠮᠳᠡᠵᠤ ᠪᠦᠬᠦ᠌ ᠪᠥᠮᠪᠥᠷᠴᠡᠭ᠎ᠦᠨ ᠴᠢᠨᠠᠷᠲᠠᠢ ᠥᠷᠢᠰᠥᠯᠳᠦᠭᠡᠨ᠎ᠢ ᠠᠷᠭᠠᠴᠡᠭᠠᠬᠤ᠂ ᠪᠦᠬᠦ᠌ ᠬᠥᠮᠦᠨ ᠲᠥᠷᠥᠯᠬᠢᠲᠡᠨ᠎ᠦ ᠬᠠᠮᠲᠤ᠎ᠶ᠋ᠢᠨ ᠦᠷᠳᠡᠭ᠎ᠢ ᠪᠠᠳᠠᠷᠠᠭᠤᠯᠬᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠳᠤ ᠳᠤᠮᠳᠠᠳᠤ ᠠᠹᠷᠢᠺᠠ᠎ᠶ᠋ᠢᠨ ᠱᠢᠨ᠎ᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ ᠭᠡᠵᠦ᠍ ᠵᠢᠭᠠᠵᠤ ᠭᠠᠷᠭᠠᠪᠠ᠃