ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠴᠠᠬᠢᠯᠭᠠᠨ ᠴᠢᠮᠡᠭᠡ ᠶᠠᠪᠤᠭᠤᠯᠵᠤ ᠲᠦᠩᠯᠥ᠋ᠨ᠎ᠤ ᠯᠠᠤᠰ᠎ᠤᠨ ᠠᠷᠠᠳ᠎ᠤᠨ ᠬᠤᠪᠢᠰᠭᠠᠯᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠎ᠪᠡᠷ ᠰᠣᠩᠭᠣᠭ᠍ᠳᠠᠭ᠍ᠰᠠᠨ᠎ᠳᠤ ᠪᠠᠶᠠᠷ ᠬᠦᠷᠭᠡᠪᠡ
ᠨᠡᠶ᠋ᠢᠲᠡᠯᠡᠭᠰᠡᠨ ᠴᠠᠭ᠄ 2026-01-09

1 ᠰᠠᠷ᠎ᠠ᠎ᠶ᠋ᠢᠨ 8 ᠎ᠤ᠋ ᠡᠳᠦᠷ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ ᠰᠢ᠎ᠵᠢᠨ᠎ᠫᠢᠩ ᠲᠦᠩᠯᠥ᠋ᠨ᠎ᠳ᠋ᠤ ᠴᠠᠬᠢᠯᠭᠠᠨ ᠴᠢᠮᠡᠭᠡ ᠶᠠᠪᠤᠭᠤᠯᠵᠤ᠂ ᠯᠠᠤᠰ᠎ᠤᠨ ᠠᠷᠠᠳ᠎ᠤᠨ ᠬᠤᠪᠢᠰᠭᠠᠯᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠎ᠪᠡᠷ ᠳᠠᠬᠢᠨᠲᠠ ᠰᠣᠩᠭᠣᠭ᠍ᠳᠠᠭ᠍ᠰᠠᠨ᠎ᠳᠤ ᠪᠠᠶᠠᠷ ᠬᠦᠷᠭᠡᠪᠡ᠃

ᠰᠢ᠎ᠵᠢᠨ᠎ᠫᠢᠩ ᠪᠠᠶᠠᠷ᠎ᠤᠨ ᠴᠠᠬᠢᠯᠭᠠᠨ ᠴᠢᠮᠡᠭᠡ᠎ᠳᠡᠭᠡᠨ᠂ ᠯᠠᠤᠰ᠎ᠤᠨ ᠨᠠᠮ᠎ᠤᠨ ᠠᠷᠪᠠᠨ ᠨᠢᠭᠡᠳᠦᠭᠡᠷ ᠶᠡᠬᠡ ᠬᠤᠷᠠᠯ᠎ᠡᠴᠡ ᠨᠠᠭᠠᠰᠢ᠂ ᠯᠠᠤᠰ᠎ᠤᠨ ᠨᠠᠮ᠎ᠤᠨ ᠲᠥᠪ ᠬᠤᠷᠢᠶ᠎ᠠ ᠯᠠᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠲᠤᠰ ᠤᠯᠤᠰ᠎ᠤᠨ᠎ᠢᠶᠠᠨ ᠪᠠᠢᠳᠠᠯ᠎ᠳᠤ ᠨᠡᠢᠴᠡᠭ᠌ᠰᠡᠨ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠵᠠᠮ᠎ᠢ ᠢᠳᠡᠪᠬᠢᠲᠡᠢ ᠰᠦᠪᠡᠭ᠌ᠴᠢᠯᠡᠵᠦ᠍᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠡᠷᠡᠮᠡᠬᠡᠢᠯᠡᠨ ᠤᠷᠤᠭ᠍ᠰᠢᠯᠠᠵᠤ᠂ ᠨᠠᠮ᠎ᠤᠨ ᠪᠠᠢᠭᠤᠯᠤᠯᠲᠠ᠎ᠶ᠋ᠢ ᠠᠬᠢᠭᠤᠯᠬᠤ᠂ ᠠᠵᠤ ᠠᠬᠤᠢ᠎ᠶ᠋ᠢ ᠬᠥᠭ᠌ᠵᠢᠭᠦᠯᠬᠦ᠌᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠭᠠᠳᠠᠭᠠᠳᠤ ᠬᠠᠷᠢᠯᠴᠠᠭ᠎ᠠ᠎ᠶ᠋ᠢ ᠥᠷᠭᠡᠳᠭᠡᠬᠦ᠌ ᠵᠡᠷᠭᠡ ᠲᠠᠯ᠎ᠠ᠎ᠪᠠᠷ ᠠᠯᠢ ᠤᠯᠠᠨ ᠴᠢᠬᠤᠯᠠ ᠠᠮᠵᠢᠯᠲᠠ ᠣᠯᠵᠠᠢ᠃ ᠯᠠᠤᠰ᠎ᠤᠨ ᠨᠠᠮ᠎ᠤᠨ ᠠᠷᠪᠠᠨ ᠬᠣᠶᠠᠳᠤᠭᠠᠷ ᠶᠡᠬᠡ ᠬᠤᠷᠠᠯ ᠠᠮᠵᠢᠯᠲᠠ᠎ᠲᠠᠶ ᠬᠤᠷᠠᠯᠳᠤᠭ᠍ᠰᠠᠨ ᠨᠢ ᠯᠠᠤᠰ᠎ᠤᠨ ᠨᠠᠮ ᠪᠣᠯᠤᠨ ᠯᠠᠤᠰ᠎ᠤᠨ ᠨᠡᠢᠭᠡᠮ ᠵᠢᠷᠤᠮ᠎ᠤᠨ ᠦᠢᠯᠡᠰ᠎ᠦᠨ ᠬᠥᠭ᠌ᠵᠢᠯᠲᠡ᠎ᠳᠦ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠶ᠋ᠢ ᠰᠡᠩᠬᠡᠷᠡᠭᠦᠯᠬᠦ᠌᠂ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠬᠦ᠌ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠶᠡᠷᠦᠩᠬᠡᠢ ᠱᠦᠵᠢ ᠨᠥᠬᠥᠷ᠎ᠢᠶᠡᠷ ᠲᠦᠷᠦᠭᠦᠯᠡᠭᠦᠯᠦᠭ᠌ᠰᠡᠨ ᠯᠠᠤᠰ᠎ᠤᠨ ᠨᠠᠮ᠎ᠤᠨ ᠲᠥᠪ ᠬᠤᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠯᠠᠤᠰ᠎ᠤᠨ ᠨᠠᠮ ᠪᠣᠯᠤᠨ ᠠᠷᠠᠳ ᠲᠦᠮᠡᠨ ᠪᠦᠯᠬᠦᠮᠳᠡᠨ ᠨᠢᠭᠡᠳᠴᠦ᠍᠂ ᠦᠷᠭᠦᠯᠵᠢᠯᠡᠨ ᠲᠡᠮᠡᠴᠡᠵᠦ᠍᠂ ᠯᠠᠤᠰ᠎ᠤᠨ ᠨᠠᠮ᠎ᠤᠨ ᠠᠷᠪᠠᠨ ᠬᠣᠶᠠᠳᠤᠭᠠᠷ ᠶᠡᠬᠡ ᠬᠤᠷᠠᠯ᠎ᠡᠴᠡ ᠳᠤᠷᠠᠳᠤᠭ᠍ᠰᠠᠨ ᠡᠯ᠎ᠡ ᠵᠦᠢᠯ᠎ᠦᠨ ᠬᠠᠷᠠᠯᠲᠠ ᠡᠭᠦᠷᠭᠡ᠎ᠶ᠋ᠢ ᠠᠮᠵᠢᠯᠲᠠ᠎ᠲᠠᠶ ᠪᠡᠶᠡᠯᠡᠭᠦᠯᠵᠦ᠍᠂ ᠯᠠᠤᠰ᠎ᠤᠨ ᠨᠡᠢᠭᠡᠮ ᠵᠢᠷᠤᠮ᠎ᠤᠨ ᠦᠢᠯᠡᠰ᠎ᠦᠨ ᠰᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠴᠦ᠍᠂ 2055 ᠣᠨ᠎ᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠡᠷᠡᠯᠬᠡᠭ᠌ᠯᠡᠨ ᠤᠷᠤᠭ᠍ᠰᠢᠯᠠᠬᠤ᠎ᠶ᠋ᠢ ᠬᠦᠰᠡᠨ ᠵᠥᠩᠨᠡᠵᠦ᠍ ᠪᠠᠢᠨ᠎ᠠ᠃

ᠳᠤᠮᠳᠠᠳᠤ ᠯᠠᠤᠰ ᠪᠣᠯ ᠠᠭᠤᠯᠠ ᠨᠢ ᠨᠢᠷᠤᠭᠤ ᠨᠢᠭᠡᠲᠡᠢ᠂ ᠤᠰᠤ ᠨᠢ ᠡᠬᠢ ᠨᠢᠭᠡᠲᠡᠢ ᠨᠡᠢᠭᠡᠮ ᠵᠢᠷᠤᠮ᠎ᠤᠨ ᠨᠥᠬᠥᠷᠰᠡᠭ ᠬᠥᠷᠰᠢ ᠤᠯᠤᠰ ᠮᠥᠨ᠃ ᠤᠢ᠍ᠢᠷ᠎ᠠ᠎ᠶ᠋ᠢᠨ ᠵᠢᠯ᠎ᠡᠴᠡ ᠬᠣᠶᠠᠷ ᠲᠠᠯ᠎ᠠ᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ ᠳᠤᠮᠳᠠᠳᠤ ᠯᠠᠤᠰ᠎ᠤᠨ ᠬᠠᠷᠢᠯᠴᠠᠭ᠎ᠠ ᠲᠡᠦᠬᠡ᠎ᠶ᠋ᠢᠨ ᠬᠠᠮᠤᠭ᠎ᠤᠨ ᠰᠠᠢ᠌ᠨ ᠴᠠᠭ ᠦᠶ᠎ᠡ᠎ᠳᠦ ᠣᠷᠣᠵᠤ᠂ ᠪᠠᠢᠯᠳᠤᠬᠤ ᠪᠤᠳᠤᠯᠭ᠎ᠠ᠎ᠶ᠋ᠢᠨ ᠠᠴᠢ ᠬᠣᠯᠪᠣᠭ᠍ᠳᠠᠯ᠎ᠲᠠᠶ ᠳᠤᠮᠳᠠᠳᠤ ᠯᠠᠤᠰ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ ᠲᠠᠰᠤᠷᠠᠯᠳᠠ ᠦᠭᠡᠢ ᠭᠦᠨᠵᠡᠭᠡᠢᠷᠡᠨ ᠪᠣᠳᠠᠲᠠᠢᠵᠢᠵᠤ᠂ ᠠᠯᠢ ᠤᠯᠠᠨ ᠡᠯᠪᠡᠭ ᠦᠷ᠎ᠡ ᠪᠦᠲᠦᠭᠡᠯ ᠤᠯᠪᠠ᠃ ᠡᠷᠬᠢᠨ ᠲᠣᠭᠣᠷᠢᠨ᠎ᠤ ᠪᠠᠢᠷᠢᠱᠢᠯ ᠪᠣᠯᠤᠨ ᠳᠡᠯᠡᠬᠡᠢ᠎ᠶ᠋ᠢᠨ ᠬᠤᠪᠢᠰᠤᠯᠲᠠ ᠭᠦᠨᠵᠡᠭᠡᠢ ᠬᠣᠯᠪᠣᠭᠠᠯᠠᠨ ᠬᠥᠳᠡᠯᠦᠯᠴᠡᠵᠦ᠍ ᠪᠠᠢᠭ᠎ᠠ ᠱᠢᠨ᠎ᠡ ᠪᠠᠢᠳᠠᠯ ᠳᠣᠣᠷ᠎ᠠ᠂ ᠪᠢ ᠳᠤᠷᠠᠲᠠᠶ᠎ᠠ ᠶᠡᠷᠦᠩᠬᠡᠢ ᠱᠦᠵᠢ ᠨᠥᠬᠥᠷ᠎ᠲᠡᠶ ᠳᠤᠮᠳᠠᠳᠤ ᠯᠠᠤᠰ᠎ᠤᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠵᠢᠯᠣᠭᠣᠳᠤᠮᠵᠢ᠎ᠶ᠋ᠢ ᠴᠢᠩᠭᠠᠳᠭᠠᠵᠤ᠂ ᠳᠤᠮᠳᠠᠳᠤ ᠯᠠᠤᠰ᠎ᠤᠨ ᠤᠯᠠᠮᠵᠢᠯᠠᠯᠲᠤ ᠨᠥᠬᠥᠷᠯᠡᠯ᠎ᠢ ᠪᠠᠳᠠᠷᠠᠭᠤᠯᠵᠤ᠂ ᠨᠠᠮ᠎ᠢ ᠵᠠᠰᠠᠬᠤ ᠲᠦᠷᠦ᠍᠎ᠶ᠋ᠢ ᠵᠠᠰᠠᠬᠤ ᠲᠤᠷᠱᠢᠯᠭ᠎ᠠ᠎ᠶ᠋ᠢᠨ ᠰᠣᠯᠢᠯᠴᠠᠭ᠎ᠠ᠎ᠶ᠋ᠢ ᠭᠦᠨᠵᠡᠭᠡᠢᠷᠡᠭᠦᠯᠵᠦ᠍᠂ ᠡᠯ᠎ᠡ ᠬᠦᠷᠢᠶᠡᠨ᠎ᠦ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠥᠷᠭᠡᠳᠭᠡᠵᠦ᠍᠂ ᠳᠤᠮᠳᠠᠳᠤ ᠯᠠᠤᠰ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢᠨ ᠥᠨᠳᠥᠷ ᠪᠠᠷᠢᠮᠵᠢᠶ᠎ᠠ᠂ ᠴᠢᠨᠠᠷ ᠰᠠᠢᠲᠠᠢ᠂ ᠥᠨᠳᠥᠷ ᠲᠦᠪᠱᠢᠨ ᠪᠦᠬᠦᠢ ᠬᠠᠷᠠᠯᠲᠠ ᠲᠡᠢᠰᠢ ᠦᠷᠭᠦᠯᠵᠢᠯᠡᠨ ᠤᠷᠤᠭ᠍ᠰᠢᠯᠠᠬᠤ᠎ᠶ᠋ᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠨ ᠪᠤᠶᠠᠨ ᠦᠢᠯᠡᠳᠴᠦ᠍᠂ ᠲᠤᠰ ᠲᠤᠰ᠎ᠤᠨ ᠨᠡᠢᠭᠡᠮ ᠵᠢᠷᠤᠮ᠎ᠤᠨ ᠦᠢᠯᠡᠰ᠎ᠦᠨ ᠬᠥᠭ᠌ᠵᠢᠯᠲᠡ᠎ᠳᠦ ᠨᠡᠩ ᠰᠠᠢ᠌ᠨ ᠦᠢᠯᠡᠴᠢᠯᠡᠵᠦ᠍᠂ ᠭᠠᠵᠠᠷ ᠣᠷᠣᠨ ᠴᠢᠨᠠᠭ᠍ᠰᠢᠯᠠᠪᠠᠯ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ ᠪᠣᠯᠤᠨ ᠬᠥᠭ᠌ᠵᠢᠯ ᠴᠡᠴᠡᠭ᠌ᠯᠡᠯ᠎ᠢ ᠠᠬᠢᠭᠤᠯᠬᠤ᠎ᠳᠤ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃

ᠢᠷᠡᠯᠲᠡ᠄    
          
ᠬᠠᠮᠢᠶ᠎ᠡ ᠪᠦᠬᠦᠢ ᠰᠣᠨᠢᠨ
 
            